ᠵᠣᠴᠢᠨ᠄ ᠬᠦᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠣᠪᠴᠢᠶ᠎ᠠ ᠶᠢᠨ ᠨᠠᠮ ᠤᠨ | ᠳᠣᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠵᠢᠶᠠᠨ ᠮᠢᠨ | ᠰᠣᠷᠪᠣᠯᠵᠢᠯᠠᠭ᠎ᠠ ᠶᠢᠨ ᠲᠠᠨᠢᠯᠴᠠᠭᠤᠯᠭ᠎ᠠ᠄ ᠣᠷᠴᠢᠮ ᠤᠨ ᠵᠢᠯ ᠠᠴᠠ ᠬᠦᠨᠳᠡᠯᠡᠨ ᠲᠣᠭᠤᠷᠢᠭ ᠤᠨ ᠢᠳᠡᠭᠡᠨ ᠤ ᠠᠮᠣᠷ | ᠲᠦᠪᠰᠢᠨ ᠤ ᠬᠢᠨᠠᠨ ᠬᠠᠮᠢᠶᠠᠷᠬᠤ ᠠᠵᠢᠯ ᠨᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ ᠤ ᠵᠦᠪ ᠣᠳᠣᠷᠢᠳᠣᠯᠭ᠎ᠠ ᠳᠣᠣᠷ᠎ᠠ᠂ ᠲᠣᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠲᠣᠭᠤᠷᠢᠭ ᠤᠨ ᠣᠯᠣᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠪᠠ ᠳᠡᠮᠵᠢᠯᠭᠡ | ᠳᠣᠣᠷ᠎ᠠ ︽ᠳᠦᠷᠪᠡᠨ ᠬᠠᠮᠤᠭ ᠴᠢᠩᠭ᠎ᠠ︾ ᠶᠢ ᠲᠣᠣᠱᠯᠠᠭᠤᠯᠬᠤ ᠪᠠᠷ ᠵᠢᠯᠣᠭᠤᠳᠣᠮᠵᠢ ᠪᠣᠯᠭᠠᠵᠣ᠂ ᠠᠰᠠᠭᠤᠳᠠᠯ ᠢᠶᠠᠷ | ᠣᠳᠣᠷᠢᠳᠣᠮᠵᠢ ᠪᠣᠯᠭᠠᠬᠤ ᠶᠢ ᠪᠠᠷᠢᠮᠲᠠᠯᠠᠵᠣ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠣ᠂ ᠨᠠᠷᠢᠨ ᠬᠢᠨᠠᠮᠠᠭᠠᠢ | ᠣᠪᠣᠷ᠂ ᠬᠦᠴᠦᠨ ᠲᠡᠭᠦᠯᠳᠡᠷ ᠠᠷᠭ᠎ᠠ ᠬᠡᠮᠵᠢᠶ᠎ᠡ ᠪᠠ ᠰᠠᠶᠢᠨ ᠰᠣᠷᠲᠠᠯ ᠪᠠᠷ ᠳᠠᠮᠵᠢᠨ ᠰᠠᠭᠤᠷᠢ ᠶᠢ ᠪᠠᠲᠣᠵᠢᠭᠤᠯᠣᠨ | ᠲᠣᠲᠠᠭᠳᠠᠯ ᠢᠶᠠᠨ ᠨᠦᠬᠦᠪᠦᠷᠢᠯᠡᠵᠣ᠂ ᠲᠦᠭᠰᠢᠭᠦᠷᠢ ᠶᠢ ᠪᠠᠶᠢᠴᠠᠭᠠᠨ ᠴᠢᠩᠭ᠎ᠠ ᠴᠡᠭᠴᠡᠯᠡᠵᠣ᠂ ᠪᠦᠬᠦ ᠲᠣᠭᠤᠷᠢᠭ ᠤᠨ | ᠢᠳᠡᠭᠡᠨ ᠤ ᠠᠮᠣᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠣ᠂ ᠡᠯ᠎ᠡ ᠲᠦᠷᠦᠯ ᠤᠨ ᠠᠵᠢᠯ ᠲᠣᠭᠲᠠᠭᠤᠨ | ᠶᠠᠪᠣᠭᠳᠠᠵᠣ᠂ ︽ᠠᠮᠣᠷ ᠲᠦᠪᠰᠢᠨ ᠬᠦᠨᠳᠡᠯᠡᠨ ᠲᠣᠭᠤᠷᠢᠭ︾ ᠢ ᠪᠠᠶᠢᠭᠤᠯᠵᠣ ᠪᠦᠬᠦ ᠲᠣᠭᠤᠷᠢᠭ ᠤᠨ ᠠᠵᠣ ᠠᠬᠤᠢ | ᠶᠢᠨ ᠬᠦᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ | ᠬᠦᠲᠦᠯᠦᠭᠴᠢ᠄ ︽ᠠᠷᠠᠳ ᠢᠳᠡᠭᠡᠨ ᠢᠶᠠᠷ ᠲᠡᠭᠷᠢ ᠪᠣᠯᠭᠠᠵᠣ᠂ ᠢᠳᠡᠭᠡᠨ ᠠᠶᠣᠯᠭᠦᠢ ᠪᠠᠷ ᠣᠷᠢᠳᠠᠯ ᠪᠣᠯᠭᠠᠳᠠᠭ︾᠃ | ᠢᠳᠡᠭᠡᠨ ᠡᠮ ᠤᠨ ᠠᠶᠣᠯᠭᠦᠢ ᠨᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠪᠠ ᠠᠮᠢ ᠨᠠᠰᠣᠨ ᠤ | ᠠᠮᠣᠷ ᠲᠦᠪᠰᠢᠨ ᠳᠤ ᠰᠢᠭᠤᠳ ᠬᠤᠯᠪᠣᠭᠳᠠᠵᠣ᠂ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠡᠶ᠎ᠡ ᠵᠣᠬᠢᠴᠠᠯ | ᠲᠣᠭᠲᠠᠭᠤᠨ ᠲᠠᠢ ᠬᠤᠯᠪᠣᠭᠳᠠᠵᠣ᠂ ᠪᠠᠰᠠᠴᠣ ᠮᠠᠨ ᠤ ᠠᠷᠠᠳ ᠣᠯᠠᠨ ᠤ ᠬᠠᠮᠤᠭ ᠢᠯᠡᠭᠦᠦ ᠬᠠᠯᠠᠮᠵᠢᠯᠠᠳᠠᠭ | ᠠᠰᠠᠭᠤᠳᠠᠯ ᠪᠣᠯᠳᠠᠭ᠃ ᠡᠩ ᠲᠡᠷᠢᠭᠦᠨ ᠳᠤ ᠯᠢᠦ ᠲᠣᠪᠴᠢᠶᠠᠨ ᠳᠠᠷᠤᠭ᠎ᠠ ᠠᠴᠠ ᠦᠨᠦ ᠵᠢᠯ ᠠᠴᠠ ᠨᠠᠭᠠᠰᠢᠬᠢ | ᠢᠳᠡᠭᠡᠨ ᠪᠠ ᠡᠮ ᠤᠨ ᠬᠢᠨᠠᠨ ᠬᠠᠮᠢᠶᠠᠷᠬᠤ ᠠᠵᠢᠯ ᠤᠨ ᠪᠠᠶᠢᠳᠠᠯ ᠢ ᠲᠠᠨᠢᠯᠴᠠᠭᠤᠯᠬᠤ ᠪᠠᠷ ᠪᠠᠶᠢᠨ᠎ᠠ᠃ | ᠵᠣᠴᠢᠨ᠄ 2018 ᠣᠨ ᠠᠴᠠ ᠨᠠᠭᠠᠰᠢ᠂ ᠬᠦᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠣᠯᠲᠠ | ᠶᠢᠨ ᠲᠣᠪᠴᠢᠶ᠎ᠠ ᠨᠢ ᠠᠵᠣ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠤᠨ ᠪᠠᠶᠢᠳᠠᠯ ᠤᠨ ᠱᠠᠭᠠᠷᠳᠠᠯᠭ᠎ᠠ ᠳᠤ | ᠢᠳᠡᠪᠬᠢᠲᠡᠢ ᠳᠣᠬᠢᠷᠠᠯᠴᠠᠭᠤᠯᠵᠣ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ | ᠲᠣᠣᠱᠯᠠᠭᠤᠯᠬᠤ ᠪᠠᠷ ᠵᠢᠯᠣᠭᠤᠳᠣᠮᠵᠢ ᠪᠣᠯᠭᠠᠵᠣ᠂ ᠢᠳᠡᠭᠡᠨ᠂ ᠡᠮ᠂ ᠣᠨᠴᠠᠭᠠᠢ ᠲᠦᠭᠦᠬᠡᠷᠦᠮᠵᠢ ᠶᠢᠨ ᠭᠤᠷᠪᠠᠨ ᠶᠡᠭᠡ | ᠠᠮᠣᠷ ᠲᠦᠪᠰᠢᠨ ᠢᠶᠠᠷ ᠭᠤᠣᠯᠳᠠᠯᠭ᠎ᠠ ᠪᠣᠯᠭᠠᠵᠣ᠂ ᠬᠤᠳᠠᠯᠳᠣᠭᠠᠨ ᠤ ᠶᠠᠪᠣᠳᠠᠯ ᠤᠨ ᠳᠦᠷᠢᠮ ᠤᠨ ᠦᠭᠡᠷᠡᠴᠢᠯᠡᠯᠲᠡ | ᠶᠢ ᠪᠦᠬᠦ ᠲᠠᠯ᠎ᠠ ᠪᠠᠷ ᠳᠦᠯᠬᠢᠨ ᠠᠬᠢᠭᠤᠯᠬᠤ ᠪᠠᠷ ᠳᠠᠮᠵᠢᠵᠣ᠂ ︽ᠨᠢᠭᠡ ᠭᠠᠵᠠᠷ ᠭᠤᠷᠪᠠᠨ ᠴᠢᠨᠠᠷᠵᠢᠭᠤᠯᠣᠯᠲᠠ | ᠭᠤᠷᠪᠠᠨ ᠳᠠᠪᠴᠠᠩ︾ ᠢ ᠢᠳᠡᠪᠬᠢᠲᠡᠢ ᠪᠠᠶᠢᠭᠤᠯᠵᠣ᠂ ︽ᠢᠨᠲ᠋ᠧᠷᠨᠧᠲ +︾ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠣᠯᠲᠠ ᠶᠢᠨ ᠰᠢᠨ᠎ᠡ ᠰᠢᠰᠲ᠋ᠧᠮ ᠢ ᠳᠠᠰᠣᠷᠠᠯᠲᠠ ᠦᠭᠡᠢ ᠰᠢᠨᠡᠳᠬᠡᠵᠣ᠂ ︽ᠨᠡᠶᠢᠯᠡᠯᠲᠡ ᠶᠢ ᠠᠬᠢᠭᠤᠯᠣᠨ | ᠰᠠᠭᠤᠷᠢ ᠲᠠᠯᠪᠢᠵᠣ᠂ ᠨᠢᠭᠡᠲᠦᠯᠲᠡᠢ ᠲᠦᠯᠦᠪᠵᠢᠭᠦᠯᠬᠦ ᠶᠢ ᠠᠳᠬᠤᠨ ᠳᠣᠣᠷᠠᠳᠣ ᠬᠢᠵᠠᠭᠠᠷ ᠢ ᠰᠠᠬᠢᠨ ᠬᠢᠨᠠᠨ | ᠬᠠᠮᠢᠶᠠᠷᠣᠯᠲᠠ ᠶᠢ ᠴᠢᠩᠭᠠᠳᠬᠠᠬᠤ︾ ᠪᠠᠷ ᠭᠤᠣᠯ ᠱᠣᠭᠤᠮ ᠪᠣᠯᠭᠠᠵᠣ᠂ ︽ᠴᠢᠨᠠᠷ ᠴᠢᠨᠰᠠᠭ᠎ᠠ ᠪᠠᠷ ᠲᠣᠭᠤᠷᠢᠭ ᠢᠶᠠᠨ | ᠬᠦᠴᠦᠷᠬᠡᠭᠵᠢᠭᠦᠯᠬᠦ︾ ᠠᠵᠢᠯ ᠢ ᠪᠦᠬᠦ ᠲᠠᠯ᠎ᠠ ᠪᠠᠷ ᠳᠦᠯᠬᠢᠨ ᠠᠬᠢᠭᠤᠯᠵᠣ᠂ ᠪᠦᠬᠦ ᠲᠣᠭᠤᠷᠢᠭ ᠤᠨ ᠠᠵᠣ ᠠᠬᠤᠢ | ᠶᠢᠨ ᠡᠷᠡᠭᠦᠯ ᠢᠶᠠᠷ ᠲᠦᠷᠭᠡᠨ ᠬᠦᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ ᠪᠣᠲᠠᠲᠣ ᠠᠵᠢᠯ | ᠳᠣᠮᠳᠠ ᠪᠢᠳᠡ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠣ᠂ ᠪᠦᠬᠦ ᠶᠠᠪᠣᠴᠠ ᠶᠢᠨ ᠬᠢᠨᠠᠨ | ᠬᠠᠮᠢᠶᠠᠷᠣᠯᠲᠠ ᠶᠢ ᠪᠠᠷᠢᠮᠲᠠᠯᠠᠵᠣ᠂ ᠭᠤᠣᠯᠳᠠᠯᠭᠠᠲᠣ ᠬᠦᠷᠢᠶ᠎ᠡ ᠶᠢᠨ ᠲᠦᠭᠰᠢᠭᠦᠷᠢ ᠶᠢᠨ ᠡᠵᠡᠮᠰᠢᠯᠲᠡ ᠶᠢ | ᠴᠢᠩᠭᠠᠳᠬᠠᠵᠣ᠂ ᠪᠦᠲᠦᠭᠡᠭᠳᠡᠭᠦᠨ ᠤ ᠶᠠᠩᠵᠣ ᠰᠣᠩᠭᠤᠨ ᠪᠠᠶᠢᠴᠠᠭᠠᠬᠤ ᠬᠦᠴᠦᠯᠡᠴᠡ ᠶᠢ ᠨᠡᠮᠡᠭᠳᠡᠭᠦᠯᠵᠣ᠂ ᠡᠷᠡᠭᠦᠯ | ᠬᠠᠮᠠᠭᠠᠯᠠᠯ ᠤᠨ ᠬᠤᠲᠠ ᠶᠢᠨ ᠪᠦᠲᠦᠭᠡᠨ ᠪᠠᠶᠢᠭᠤᠯᠣᠯᠲᠠ ᠶᠢ ᠳᠦᠯᠬᠢᠨ ᠠᠬᠢᠭᠤᠯᠵᠣ᠂ ᠮᠠᠨ ᠤ ᠲᠣᠭᠤᠷᠢᠭ ᠤᠨ | ᠢᠳᠡᠭᠡᠨ ᠤ ᠠᠮᠣᠷ ᠲᠦᠪᠰᠢᠨ ᠤ ᠪᠠᠶᠢᠳᠠᠯ ᠢ ᠦᠨᠳᠦᠰᠦᠨ ᠳᠡᠭᠡᠨ ᠲᠣᠭᠲᠠᠭᠤᠨ ᠪᠣᠯᠭᠠᠭᠰᠠᠨ ᠪᠠᠶᠢᠨ᠎ᠠ᠃ ᠣᠳᠣᠬᠠᠨ | ᠪᠣᠯᠲᠠᠯ᠎ᠠ ᠪᠦᠬᠦ ᠲᠣᠭᠤᠷᠢᠭ ᠲᠤ ᠰᠢᠰᠲ᠋ᠧᠮᠲᠣ ᠴᠢᠨᠠᠷ ᠲᠠᠢ᠂ ᠣᠷᠣᠨ ᠪᠦᠰᠡ ᠶᠢᠨ ᠴᠢᠨᠠᠷ ᠲᠠᠢ ᠢᠳᠡᠭᠡᠨ ᠤ ᠠᠮᠣᠷ | ᠲᠦᠪᠰᠢᠨ ᠤ ᠬᠡᠷᠡᠭ ᠪᠠ ᠬᠦᠨᠳᠣ ᠶᠡᠭᠡ ᠶᠠᠷᠢᠶ᠎ᠠ ᠬᠡᠯᠡᠯᠴᠡᠭᠡᠨ ᠤ ᠬᠡᠷᠡᠭ ᠭᠠᠷᠣᠭᠰᠠᠨ ᠦᠭᠡᠢ᠃ ᠭᠡᠪᠡᠴᠣ ᠦᠨᠦ ᠵᠢᠯ | ᠡᠭᠦᠰᠦᠭᠰᠡᠨ ᠴᠠᠩᠴᠦ᠋ᠨ ᠤ ᠴᠠᠩ ᠱᠧᠩ ᠠᠮᠢᠳᠣ ᠪᠣᠳᠠᠰ ᠤᠨ ᠺᠣᠮᠫᠠᠨᠢ ᠶᠢᠨ ︽ᠬᠢᠵᠢᠭ ᠤᠨ ᠲᠠᠷᠢᠯᠭ᠎ᠠ ᠶᠢᠨ ᠬᠡᠷᠡᠭ︾ | ᠪᠠ ︽ᠠᠹᠷᠢᠺᠡ ᠶᠢᠨ ᠭᠠᠭ᠋ᠠᠢ ᠶᠢᠨ ᠬᠢᠵᠢᠭ︾ ᠤᠨ ᠬᠡᠷᠡᠭ ᠨᠢ ᠪᠢᠳᠡᠨ ᠤ ᠢᠳᠡᠭᠡᠨ ᠪᠠ ᠡᠮ ᠤᠨ ᠠᠮᠣᠷ ᠲᠦᠪᠰᠢᠨ | ᠤ ᠬᠢᠨᠠᠨ ᠬᠠᠮᠢᠶᠠᠷᠣᠯᠲᠠ ᠳᠤ ᠬᠦᠨᠳᠣ ᠨᠣᠴᠢᠲᠠᠢ ᠦᠷᠢᠰᠦᠯᠳᠦᠭᠡᠨ ᠠᠪᠴᠢᠷᠠᠵᠠᠢ᠃ | ᠬᠦᠲᠦᠯᠦᠭᠴᠢ᠄ ᠯᠢᠣ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠶᠢ ᠰᠣᠨᠣᠰᠣᠭᠠᠳ ᠪᠢᠳᠡ ᠢᠳᠡᠭᠡᠨ ᠪᠠ ᠡᠮ | ᠤᠨ ᠠᠮᠣᠷ ᠲᠦᠪᠰᠢᠨ ᠤ ᠠᠵᠢᠯ ᠳᠤ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠡᠭᠦᠨ ᠤ ᠬᠠᠮᠲᠣ ᠪᠠᠰᠠ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠰᠠᠯᠠᠭ᠎ᠠ ᠮᠦᠴᠢᠷ ᠪᠠ ᠨᠢᠭᠡᠳᠦᠭᠡᠷ ᠹᠠᠷᠣᠨᠲ ᠳᠤ ᠣᠷᠲᠣ | ᠬᠤᠭᠤᠴᠠᠭ᠎ᠠ ᠪᠠᠷ ᠴᠢᠷᠮᠠᠶᠢᠵᠣ ᠪᠠᠶᠢᠭ᠎ᠠ ᠬᠠᠣᠯᠢ ᠬᠡᠷᠡᠭᠵᠢᠭᠦᠯᠦᠭᠴᠢ ᠨᠠᠷ ᠮᠠᠨ ᠤ ᠢᠳᠡᠭᠡᠨ ᠪᠠ ᠡᠮ ᠤᠨ ᠠᠮᠣᠷ | ᠲᠦᠪᠰᠢᠨ ᠢ ᠬᠠᠮᠠᠭᠠᠯᠠᠵᠣ᠂ ᠭᠠᠵᠠᠷ ᠣᠷᠣᠨ ᠤ ᠠᠵᠣ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠶᠢᠨ | ᠲᠦᠯᠦᠭᠡ ᠭᠠᠷᠭᠠᠭᠰᠠᠨ ᠢᠳᠡᠪᠬᠢᠲᠡᠢ ᠬᠤᠪᠢ ᠨᠡᠮᠡᠷᠢ ᠳᠤ ᠲᠠᠯᠠᠷᠬᠠᠵᠣ ᠪᠣᠢ᠃ ᠳᠠᠷᠠᠭ᠎ᠠ ᠨᠢ ᠣᠯᠠᠨ ᠲᠦᠮᠡᠨ ᠤ | ᠬᠠᠯᠠᠮᠵᠢᠯᠠᠵᠣ ᠪᠠᠶᠢᠭ᠎ᠠ ᠢᠳᠡᠭᠡᠨ ᠤ ᠠᠮᠣᠷ ᠲᠦᠪᠰᠢᠨ ᠤ ᠠᠰᠠᠭᠤᠳᠠᠯ ᠤᠨ ᠳᠣᠬᠠᠢ ᠲᠠᠨ ᠲᠠᠢ ᠣᠯᠠᠮ ᠨᠢᠭᠡ ᠠᠯᠬᠤᠮ | ᠭᠦᠨᠵᠡᠭᠡᠢ ᠶᠠᠷᠢᠯᠴᠠᠬᠤ ᠪᠣᠯᠣᠨ᠎ᠠ᠃ | ᠬᠦᠲᠦᠯᠦᠭᠴᠢ᠄ ᠢᠳᠡᠭᠡᠨ ᠤ ᠨᠡᠮᠡᠯᠲᠡ ᠡᠳ᠋ ᠭᠡᠬᠦ ᠦᠩᠭᠡ ᠦᠨᠦᠷ ᠠᠮᠲᠠ ᠨᠡᠮᠡᠭᠳᠡᠭᠦᠯᠳᠡᠭ ᠶᠠᠭᠤᠮ᠎ᠠ ᠪᠣᠯ ᠠᠷᠠᠳ | ᠣᠯᠠᠨ ᠤ ᠮᠠᠰᠢ ᠬᠠᠯᠠᠮᠵᠢᠯᠠᠳᠠᠭ ᠣᠴᠢᠷ ᠶᠤᠮ᠃ ᠮᠠᠨ ᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠣᠯᠲᠠ ᠶᠢᠨ ᠰᠠᠯᠠᠭ᠎ᠠ ᠮᠦᠴᠢᠷ ᠠᠴᠠ ᠢᠳᠡᠭᠡᠨ ᠦᠢᠯᠡᠳᠪᠦᠷᠢᠯᠡᠳᠡᠭ ᠠᠵᠣ ᠠᠬᠤᠶᠢᠯᠠᠯ᠂ ᠪᠠᠭ᠎ᠠ ᠦᠢᠯᠡᠳᠬᠡᠯ | ᠤᠳ ᠤᠨ ᠢᠳᠡᠭᠡᠨ ᠤ ᠨᠡᠮᠡᠯᠲᠡ ᠡᠳ᠋ ᠬᠡᠷᠡᠭᠯᠡᠬᠦ ᠳᠤ ᠶᠠᠮᠠᠷ ᠬᠢᠨᠠᠨ ᠬᠠᠮᠢᠶᠠᠷᠣᠯᠲᠠ ᠬᠡᠷᠡᠭᠵᠢᠭᠦᠯᠳᠡᠭ ᠪᠣᠢ︖ | ᠵᠣᠴᠢᠨ᠄ ︽ᠢᠳᠡᠭᠡᠨ ᠤ ᠠᠮᠣᠷ ᠲᠦᠪᠰᠢᠨ ᠤ ᠬᠠᠣᠯᠢ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠢᠳᠡᠭᠡᠨ ᠦᠢᠯᠡᠳᠪᠦᠷᠢᠯᠡᠵᠣ ᠪᠣᠯᠪᠠᠰᠣᠷᠠᠭᠤᠯᠬᠤ ᠪᠠᠭ᠎ᠠ ᠦᠢᠯᠡᠳᠬᠡᠯ ᠢ ᠳᠠᠩᠰᠠᠯᠠᠭᠤᠯᠬᠤ ᠵᠢᠴᠢ ᠬᠢᠨᠠᠨ | ᠬᠠᠮᠢᠶᠠᠷᠬᠤ ᠠᠷᠭ᠎ᠠ︾ ᠨᠢ ᠢᠳᠡᠭᠡᠨ ᠦᠢᠯᠡᠳᠪᠦᠷᠢᠯᠡᠬᠦ ᠠᠵᠣ ᠠᠬᠤᠶᠢᠯᠠᠯ ᠪᠠ ᠪᠠᠭ᠎ᠠ ᠦᠢᠯᠡᠳᠬᠡᠯ ᠤᠨ ᠨᠡᠮᠡᠯᠲᠡ ᠡᠳ᠋ | ᠬᠡᠷᠡᠭᠯᠡᠬᠦ ᠳᠣᠬᠠᠢ ᠪᠦᠷ ᠴᠢᠩᠭ᠎ᠠ ᠲᠣᠭᠲᠠᠭᠠᠯ ᠲᠠᠢ ᠪᠠᠶᠢᠳᠠᠭ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ | ᠰᠠᠯᠠᠭ᠎ᠠ ᠮᠦᠴᠢᠷ ᠪᠣᠯᠣᠭᠰᠠᠨ ᠤ ᠬᠤᠪᠢ ᠳᠤ ᠡᠳᠦᠷ ᠲᠣᠲᠣᠮ ᠤᠨ ᠬᠢᠨᠠᠨ ᠬᠠᠮᠢᠶᠠᠷᠣᠯᠲᠠ ᠳᠣᠮᠳᠠ ᠪᠠᠨ ᠪᠢᠳᠡ | ᠭᠤᠣᠯᠳᠠᠭᠤ ᠪᠠᠭ᠎ᠠ ᠦᠢᠯᠡᠳᠬᠡᠯ ᠤᠨ ᠢᠳᠡᠭᠡᠨ ᠤ ᠨᠡᠮᠡᠯᠲᠡ ᠡᠳ᠋ ᠣᠷᠣᠭᠤᠯᠬᠤ ᠬᠡᠮᠵᠢᠶ᠎ᠡ ᠪᠠ ᠬᠡᠷᠡᠭᠯᠡᠬᠦ ᠬᠡᠮᠵᠢᠶ᠎ᠡ ᠶᠢ | ᠰᠢᠯᠭᠠᠨ ᠪᠠᠶᠢᠴᠠᠭᠠᠳᠠᠭ᠃ ᠨᠢᠭᠡ ᠳᠤ ᠢᠳᠡᠭᠡᠨ ᠤ ᠨᠡᠮᠡᠯᠲᠡ ᠡᠳ᠋ ᠬᠡᠷᠡᠭᠯᠡᠬᠦ ᠨᠢᠭᠡᠴᠡ ᠨᠢ ᠳᠣᠰᠬᠠᠢ ᠬᠦᠮᠦᠨ | ᠬᠤᠳᠠᠯᠳᠣᠨ ᠠᠪᠴᠣ ᠪᠠᠶᠢᠬᠤ ᠡᠰᠡᠬᠦ᠂ ᠳᠣᠰᠬᠠᠢ ᠬᠦᠮᠦᠨ ᠬᠠᠳᠠᠭᠠᠯᠠᠨ ᠬᠠᠮᠢᠶᠠᠷᠴᠣ ᠪᠠᠶᠢᠬᠤ ᠡᠰᠡᠬᠦ᠂ ᠳᠣᠰᠬᠠᠢ | ᠬᠦᠮᠦᠨ ᠬᠡᠷᠡᠭᠯᠡᠵᠣ ᠪᠠᠶᠢᠬᠤ ᠡᠰᠡᠬᠦ᠂ ᠳᠣᠰᠬᠠᠢ ᠬᠦᠮᠦᠨ ᠳᠠᠩᠰᠠᠯᠠᠵᠣ ᠪᠠᠶᠢᠬᠤ ᠡᠰᠡᠬᠦ᠂ ᠳᠣᠰᠬᠠᠢ ᠬᠤᠷᠭᠤᠨ ᠳᠤ | ᠬᠠᠳᠠᠭᠠᠯᠠᠵᠣ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠳᠠᠭ᠃ ᠬᠤᠶᠠᠷ ᠲᠤ ᠡᠯ᠎ᠡ ᠲᠠᠷᠢᠶᠠᠯᠠᠩ ᠤᠨ | ᠪᠦᠲᠦᠭᠡᠭᠳᠡᠭᠦᠨ ᠤ ᠵᠠᠬ᠎ᠠ ᠳᠡᠯᠭᠡᠭᠦᠷ᠂ ᠬᠡᠳᠣ ᠳᠡᠯᠭᠡᠭᠦᠷ ᠵᠡᠷᠭᠡ ᠢᠳᠡᠭᠡᠨ ᠤ ᠨᠡᠮᠡᠯᠲᠡ ᠡᠳ᠋ ᠬᠡᠷᠡᠭᠯᠡᠳᠡᠭ ᠢᠳᠡᠭᠡᠨ | ᠦᠢᠯᠡᠳᠪᠦᠷᠢᠯᠡᠵᠣ ᠪᠣᠯᠪᠠᠰᠣᠷᠠᠭᠤᠯᠬᠤ ᠪᠠᠭ᠎ᠠ ᠦᠢᠯᠡᠳᠬᠡᠯ ᠤᠳ ᠲᠤ ︽ᠪᠠᠭ᠎ᠠ ᠦᠢᠯᠡᠳᠬᠡᠯ ᠤᠨ ᠢᠳᠡᠭᠡᠨ ᠤ ᠠᠮᠣᠷ | ᠲᠦᠪᠰᠢᠨ ᠤ ᠢᠯᠡ ᠪᠣᠯᠭᠠᠬᠤ ᠰᠠᠮᠪᠠᠷ᠎ᠠ︾ ᠲᠠᠷᠬᠠᠭᠠᠵᠣ᠂ ᠲᠡᠳᠡᠨ ᠤ ᠢᠳᠡᠭᠡᠨ ᠤ ᠨᠡᠮᠡᠯᠲᠡ ᠡᠳ᠋ ᠬᠡᠷᠡᠭᠯᠡᠬᠦ ᠲᠦᠷᠦᠯ | ᠵᠣᠶᠢᠯ᠂ ᠬᠡᠮᠵᠢᠶ᠎ᠡ ᠶᠢ ᠢᠯᠡ ᠪᠣᠯᠭᠠᠵᠣ᠂ ᠣᠯᠠᠨ ᠲᠦᠮᠡᠨ ᠳᠤ ᠦᠨᠡᠨ ᠪᠠᠶᠢᠳᠠᠯ ᠢ ᠮᠡᠳᠡᠭᠦᠯᠳᠡᠭ᠃ ᠣᠳᠣᠬᠠᠨ | ᠪᠣᠯᠲᠠᠯ᠎ᠠ ᠨᠡᠶᠢᠲᠡ 475 ᠬᠡᠰᠡᠭ ᠢᠯᠡ ᠪᠣᠯᠭᠠᠬᠤ ᠰᠠᠮᠪᠠᠷ᠎ᠠ ᠲᠠᠷᠬᠠᠭᠠᠵᠠᠢ᠃ ᠭᠤᠷᠪᠠ ᠳᠤ ᠢᠳᠡᠭᠡᠨ ᠤ ᠨᠡᠮᠡᠯᠲᠡ | ᠡᠳ᠋ ᠶᠢ ᠬᠡᠮᠵᠢᠶ᠎ᠡ ᠠᠴᠠ ᠬᠡᠲᠦᠷᠡᠲᠡᠯ᠎ᠡ ᠬᠡᠷᠡᠭᠯᠡᠭᠰᠡᠨ ᠪᠠ ᠴᠠᠭᠠᠵᠠ ᠲᠠᠢ ᠢᠳᠡᠭᠡᠨ ᠤ ᠨᠡᠮᠡᠯᠲᠡ ᠡᠳ᠋ ᠬᠡᠷᠡᠭᠯᠡᠬᠦ ᠪᠠᠶᠢᠳᠠᠯ | ᠳᠤ ᠦᠨᠳᠦᠷ ᠳᠠᠷᠣᠴᠠᠲᠣ ᠪᠠᠶᠢᠳᠠᠯ ᠢ ᠪᠠᠷᠢᠮᠲᠠᠯᠠᠨ ᠴᠢᠩᠭ᠎ᠠ ᠴᠣᠬᠢᠯᠲᠠ ᠦᠭᠴᠣ᠂ ᠶᠠᠯ᠎ᠠ ᠶᠢᠨ ᠰᠡᠵᠢᠭ ᠲᠠᠢ ᠪᠣᠯ | ᠠᠮᠣᠷ ᠢ ᠬᠠᠮᠠᠭᠠᠯᠠᠬᠤ ᠪᠠᠶᠢᠭᠤᠯᠭ᠎ᠠ ᠪᠠ ᠬᠠᠣᠯᠢ ᠪᠠᠷᠢᠯᠲᠠ ᠶᠢᠨ ᠰᠠᠯᠠᠭ᠎ᠠ ᠮᠦᠴᠢᠷ ᠲᠤ ᠰᠢᠯᠵᠢᠭᠦᠯᠵᠣ᠂ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠳᠡᠭ᠃ | ᠬᠦᠲᠦᠯᠦᠭᠴᠢ᠄ ᠡᠯ᠎ᠡ ᠵᠠᠭᠤᠴᠢᠯᠠᠭᠤᠷ ᠤᠨ ᠮᠡᠳᠡᠭᠡᠯᠡᠯ ᠳᠣᠮᠳᠠ ᠠᠴᠠ ᠡᠯ᠎ᠡ ᠲᠦᠷᠦᠯ ᠤᠨ ᠮᠢᠬ᠎ᠠ᠂ ᠵᠢᠭᠠᠰᠣ᠂ | ᠨᠣᠭᠤᠭ᠎ᠠ ᠵᠢᠮᠢᠰ ᠤᠨ ᠡᠮ ᠤᠨ ᠦᠯᠡᠳᠡᠭᠳᠡᠯ᠂ ᠬᠤᠷᠮᠣᠨ ᠤ ᠦᠯᠡᠳᠡᠭᠳᠡᠯ᠂ ᠲᠠᠷᠢᠶᠠᠨ ᠡᠮ ᠤᠨ ᠦᠯᠡᠳᠡᠭᠳᠡᠯ | ᠪᠠᠷᠢᠮᠵᠢᠶ᠎ᠠ ᠠᠴᠠ ᠬᠡᠲᠦᠷᠡᠭᠰᠡᠨ ᠭᠡᠬᠦ ᠴᠢᠮᠡᠭᠡ ᠦᠷᠭᠦᠯᠵᠢ ᠰᠣᠨᠣᠰᠳᠠᠳᠠᠭ᠃ ᠲᠠᠨ ᠠᠴᠠ ᠠᠰᠠᠭᠤᠬᠤ ᠨᠢ᠄ ᠮᠠᠨ ᠤ | ᠲᠣᠭᠤᠷᠢᠭ ᠤᠨ ᠢᠳᠡᠭᠡᠨ ᠤ ᠬᠢᠨᠠᠨ ᠬᠠᠮᠢᠶᠠᠷᠴᠣ ᠶᠠᠩᠵᠣ ᠰᠣᠩᠭᠤᠨ ᠪᠠᠶᠢᠴᠠᠭᠠᠬᠤ ᠠᠵᠢᠯ ᠬᠡᠷᠬᠢᠨ ᠶᠠᠪᠣᠭᠳᠠᠵᠣ | ᠪᠠᠶᠢᠭ᠎ᠠ ᠪᠣᠢ︖ | ᠵᠣᠴᠢᠨ᠄ ᠢᠳᠡᠭᠡᠨ ᠤ ᠠᠶᠣᠯᠭᠦᠢ ᠶᠢᠨ ᠬᠢᠨᠠᠨ ᠬᠠᠮᠢᠶᠠᠷᠴᠣ ᠰᠣᠩᠭᠤᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ | ᠰᠠᠶᠢᠨ ᠪᠡᠶᠡᠯᠡᠭᠦᠯᠬᠦ ᠶᠢᠨ ᠲᠦᠯᠦᠭᠡ᠂ ᠪᠣᠭᠤᠲᠣ ᠬᠤᠲᠠ ᠶᠢᠨ ᠢᠳᠡᠭᠡᠨ ᠪᠠ ᠡᠮ ᠤᠨ ᠬᠢᠨᠠᠨ ᠬᠠᠮᠢᠶᠠᠷᠣᠯᠲᠠ ᠶᠢᠨ | ᠲᠣᠪᠴᠢᠶ᠎ᠠ ᠶᠢᠨ ︽2018 ᠣᠨ ᠤ ᠪᠣᠭᠤᠲᠣ ᠬᠤᠲᠠ ᠶᠢᠨ ᠢᠳᠡᠭᠡᠨ ᠤ ᠠᠶᠣᠯᠭᠦᠢ ᠶᠢᠨ ᠰᠣᠩᠭᠤᠨ ᠪᠠᠶᠢᠴᠠᠭᠠᠬᠤ | ᠲᠦᠯᠦᠪᠯᠡᠭᠡ ᠶᠢ ᠬᠡᠷᠡᠭᠵᠢᠭᠦᠯᠬᠦ ᠲᠦᠰᠦᠪ ᠢ ᠳᠠᠷᠣᠮᠯᠠᠨ ᠲᠠᠷᠬᠠᠭᠠᠬᠤ ᠮᠡᠳᠡᠭᠳᠡᠯ︾ ᠤᠨ ᠱᠠᠭᠠᠷᠳᠠᠯᠭ᠎ᠠ ᠳᠤ | ᠦᠨᠳᠦᠰᠦᠯᠡᠵᠣ᠂ ᠬᠦᠨᠳᠡᠯᠡᠨ ᠲᠣᠭᠤᠷᠢᠭ ᠤᠨ ᠪᠣᠲᠠᠲᠣ ᠪᠠᠶᠢᠳᠠᠯ ᠳᠤ ᠣᠶᠠᠯᠳᠣᠭᠤᠯᠣᠨ ︽2018 ᠣᠨ ᠤ | ᠬᠦᠳᠡᠯᠡᠨ ᠲᠣᠭᠤᠷᠢᠭ ᠤᠨ ᠢᠳᠡᠭᠡᠨ ᠤ ᠠᠶᠣᠯᠭᠦᠢ ᠶᠢᠨ ᠬᠢᠨᠠᠨ ᠬᠠᠮᠢᠶᠠᠷᠴᠣ ᠰᠣᠩᠭᠤᠨ ᠪᠠᠶᠢᠴᠠᠭᠠᠬᠤ ᠲᠦᠯᠦᠪᠯᠡᠭᠡ | ᠶᠢ ᠬᠡᠷᠡᠭᠵᠢᠭᠦᠯᠬᠦ ᠲᠦᠰᠦᠪ︾ ᠲᠣᠭᠲᠠᠭᠠᠵᠠᠢ᠃ ᠦᠨᠦ ᠵᠢᠯ ᠪᠢᠳᠡ ᠶᠠᠷᠮᠠᠭ ᠤᠨ ᠵᠠᠬ᠎ᠠ᠂ ᠬᠡᠳᠣ ᠳᠡᠯᠭᠡᠭᠦᠷ᠂ | ᠬᠦᠨᠡᠰᠦᠨ ᠤ ᠦᠢᠯᠡᠴᠢᠯᠡᠭᠡᠨ ᠤ ᠨᠢᠭᠡᠴᠡ᠂ ᠬᠦᠨᠡᠰᠦᠨ ᠤ ᠦᠢᠯᠡᠳᠪᠦᠷᠢᠯᠡᠯ ᠤᠨ ᠠᠵᠣ ᠠᠬᠤᠶᠢᠯᠠᠯ᠂ ᠬᠦᠨᠡᠰᠣ | ᠪᠣᠯᠪᠠᠰᠣᠷᠠᠭᠤᠯᠬᠤ ᠪᠠᠭ᠎ᠠ ᠦᠢᠯᠡᠳᠬᠡᠯ ᠵᠡᠷᠭᠡ ᠪᠠᠷ ᠭᠤᠣᠯᠳᠠᠯᠭ᠎ᠠ ᠪᠣᠯᠭᠠᠵᠣ᠂ ᠢᠳᠡᠭᠡᠨ ᠤ ᠠᠶᠣᠯᠭᠦᠢ ᠶᠢᠨ ᠰᠣᠩᠭᠤᠨ | ᠪᠠᠶᠢᠴᠠᠭᠠᠬᠤ ᠪᠠ ᠲᠦᠷᠭᠡᠨ ᠪᠠᠶᠢᠴᠠᠭᠠᠬᠤ ᠠᠵᠢᠯ ᠦᠷᠨᠢᠭᠦᠯᠵᠡᠢ᠃ ᠰᠣᠩᠭᠤᠨ ᠪᠠᠶᠢᠴᠠᠭᠠᠯᠲᠠ ᠨᠢ ᠢᠳᠡᠭᠡᠨ | ᠣᠮᠳᠠᠭᠠᠨ᠂ ᠬᠦᠨᠡᠰᠦᠨ ᠤ ᠲᠠᠷᠢᠶᠠᠯᠠᠩ ᠤᠨ ᠪᠦᠲᠦᠭᠡᠭᠳᠡᠭᠦᠨ᠂ ᠢᠳᠡᠭᠡᠨ ᠤ ᠲᠣᠰᠣ᠂ ᠪᠣᠷᠴᠠᠭ ᠤᠨ ᠪᠦᠲᠦᠭᠡᠭᠳᠡᠭᠦᠨ | ᠂ ᠡᠷᠡᠭᠦᠯᠵᠢᠯ ᠤᠨ ᠢᠳᠡᠭᠡᠨ ᠵᠡᠷᠭᠡ ᠨᠡᠶᠢᠲᠡ 32 ᠲᠦᠷᠦᠯ ᠳᠤ ᠬᠤᠯᠪᠣᠭᠳᠠᠪᠠ᠃ ᠬᠤᠲᠠ ᠶᠢᠨ ᠢᠳᠡᠭᠡᠨ ᠪᠠ ᠡᠮ | ᠤᠨ ᠲᠣᠪᠴᠢᠶ᠎ᠠ ᠠᠴᠠ ᠮᠠᠨ ᠤ ᠲᠣᠭᠤᠷᠢᠭ ᠲᠤ 3 ᠲᠦᠷᠭᠡᠨ ᠪᠠᠶᠢᠴᠠᠭᠠᠯᠲᠠ ᠶᠢᠨ ᠲᠡᠷᠭᠡ᠂ 13 ᠲᠦᠷᠭᠡᠨ | ᠪᠠᠶᠢᠴᠠᠭᠠᠭᠴᠢ ᠳᠣᠬᠢᠷᠠᠭᠤᠯᠵᠣ᠂ ᠬᠦᠨᠳᠡᠯᠡᠨ ᠲᠣᠭᠤᠷᠢᠭ ᠤᠨ ᠶᠠᠷᠮᠠᠭ ᠤᠨ ᠵᠠᠬ᠎ᠠ ᠶᠢᠨ ᠢᠳᠡᠭᠡᠨ ᠳᠤ ᠬᠡᠷᠡᠭᠯᠡᠬᠦ | ᠲᠠᠷᠢᠶᠠᠯᠠᠩ ᠤᠨ ᠪᠦᠲᠦᠭᠡᠭᠳᠡᠭᠦᠨ ᠳᠤ ᠡᠳᠦᠷ ᠪᠦᠷᠢ ᠲᠦᠷᠭᠡᠨ ᠪᠠᠶᠢᠴᠠᠭᠠᠯᠲᠠ ᠬᠢᠵᠣ᠂ ᠪᠠᠰᠠ ᠪᠠᠶᠢᠴᠠᠭᠠᠯᠲᠠ ᠶᠢᠨ | ᠳ᠋ᠦᠩ ᠢ ᠶᠠᠷᠮᠠᠭ ᠤᠨ ᠵᠠᠬ᠎ᠠ ᠶᠢᠨ ᠡᠯᠧᠺᠲᠷᠣᠨ ᠳᠡᠯᠭᠡᠴᠡ ᠳᠤ ᠨᠡᠶᠢᠲᠡᠯᠡᠳᠡᠭ᠃ ᠣᠳᠣᠬᠠᠨ ᠪᠣᠯᠲᠠᠯ᠎ᠠ ᠰᠣᠩᠭᠤᠨ | ᠪᠠᠶᠢᠴᠠᠭᠠᠯᠲᠠ 1365 ᠣᠳᠠᠭ᠎ᠠ ᠶᠠᠪᠣᠭᠳᠠᠵᠣ᠂ ᠬᠤᠲᠠ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ ᠭᠠᠷᠠᠭ | ᠪᠦᠷᠢ ᠢᠯᠡ ᠨᠡᠶᠢᠲᠡᠯᠡᠳᠡᠭ᠃ ᠲᠦᠷᠭᠡᠨ ᠪᠠᠶᠢᠴᠠᠭᠠᠯᠲᠠ 500 ᠣᠳᠠᠭ᠎ᠠ ᠶᠠᠪᠣᠭᠳᠠᠵᠣ᠂ ᠴᠦᠮ ᠰᠦᠯᠵᠢᠶ᠎ᠡ ᠪᠠᠷ | ᠮᠡᠳᠡᠭᠦᠯᠵᠡᠢ᠃ ᠡᠭᠦᠨ ᠠᠴᠠ ᠭᠠᠳᠠᠨ᠎ᠠ ᠮᠠᠨ ᠤ ᠲᠣᠭᠤᠷᠢᠭ ᠤᠨ ᠬᠦᠮᠦᠨ ᠠᠮᠠ ᠬᠠᠷᠢᠴᠠᠩᠭᠤᠢ ᠪᠠᠷ ᠨᠢᠭᠲᠠ᠂ ᠶᠠᠷᠮᠠᠭ | ᠤᠨ ᠵᠠᠬ᠎ᠠ ᠣᠯᠠᠨ ᠪᠠᠶᠢᠳᠠᠯ ᠳᠤ ᠴᠢᠭᠯᠡᠭᠦᠯᠵᠣ᠂ ᠬᠤᠲᠠ ᠶᠢᠨ ᠳᠡᠰ ᠤᠨ ᠰᠣᠩᠭᠤᠨ ᠪᠠᠶᠢᠴᠠᠭᠠᠯᠲᠠ ᠶᠢᠨ ᠠᠵᠢᠯ ᠤᠨ | ᠰᠠᠭᠤᠷᠢᠨ ᠳᠡᠭᠡᠷ᠎ᠡ ᠬᠦᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ ᠨᠢ ᠪᠠᠰᠠ ︽ᠨᠦᠬᠦᠪᠦᠷᠢᠯᠡᠬᠦ︾ | ᠠᠷᠭ᠎ᠠ ᠬᠡᠮᠵᠢᠶ᠎ᠡ ᠠᠪᠴᠣ᠂ ᠬᠢᠨᠠᠨ ᠬᠠᠮᠢᠶᠠᠷᠣᠯᠲᠠ ᠶᠢ ᠴᠢᠩᠭᠠᠳᠬᠠᠨ ᠬᠢᠷᠢ ᠲᠡᠩᠴᠡᠬᠦ ᠨᠣᠷᠮ᠎ᠠ ᠶᠢ ᠳᠡᠭᠡᠭᠰᠢᠯᠡᠭᠦᠯᠵᠡᠢ᠃ | ᠡᠩ ᠲᠡᠷᠢᠭᠦᠨ ᠳᠤ ᠮᠠᠨ ᠤ ᠲᠣᠪᠴᠢᠶ᠎ᠠ ᠨᠢ ᠡᠯ᠎ᠡ ᠵᠠᠬ᠎ᠠ ᠳᠡᠯᠭᠡᠭᠦᠷ ᠤᠨ ᠭᠤᠣᠯᠯᠠᠨ ᠡᠷᠬᠢᠯᠡᠭᠴᠢ ᠶᠢ ᠣᠳᠣᠷᠢᠳᠣᠨ | ᠦᠪᠡᠷᠲᠡᠭᠡᠨ ᠲᠦᠷᠭᠡᠨ ᠪᠠᠶᠢᠴᠠᠭᠠᠯᠲᠠ ᠶᠢᠨ ᠦᠷᠦᠭᠡ ᠪᠠᠶᠢᠭᠤᠯᠵᠣ᠂ ᠢᠳᠡᠭᠡᠨ ᠢ ᠵᠠᠬ᠎ᠠ ᠳᠤ ᠣᠷᠣᠬᠤ ᠪᠠ ᠲᠠᠯᠠᠪᠠᠢ | ᠳᠤ ᠣᠷᠣᠬᠤ ᠠᠴᠠ ᠡᠮᠦᠨ᠎ᠡ ᠰᠣᠩᠭᠤᠨ ᠪᠠᠶᠢᠴᠠᠭᠠᠯᠲᠠ ᠬᠢᠵᠣ᠂ ᠰᠣᠩᠭᠤᠨ ᠪᠠᠶᠢᠴᠠᠭᠠᠯᠲᠠ ᠬᠢᠷᠢ ᠲᠡᠩᠴᠡᠭᠰᠡᠨ ᠤ | ᠳᠠᠷᠠᠭ᠎ᠠ ᠰᠠᠶ᠋ᠢ ᠵᠠᠬ᠎ᠠ ᠲᠠᠯᠠᠪᠠᠢ ᠳᠤ ᠣᠷᠣᠵᠣ ᠪᠣᠯᠣᠨ᠎ᠠ ᠭᠡᠵᠤ ᠱᠠᠭᠠᠷᠳᠠᠵᠠᠢ᠃ ᠳᠠᠷᠠᠭ᠎ᠠ ᠨᠢ ᠡᠯ᠎ᠡ ᠵᠠᠬ᠎ᠠ ᠳᠡᠯᠭᠡᠭᠦᠷ | ᠤᠨ ᠬᠢᠨᠠᠨ ᠬᠠᠮᠢᠶᠠᠷᠣᠯᠲᠠ ᠶᠢᠨ ᠭᠠᠵᠠᠷ ᠤᠨ ᠬᠠᠣᠯᠢ ᠬᠡᠷᠡᠭᠵᠢᠭᠦᠯᠦᠭᠴᠢ ᠶᠢᠨ ᠲᠦᠷᠭᠡᠨ ᠪᠠᠶᠢᠴᠠᠭᠠᠯᠲᠠ ᠶᠢᠨ | ᠪᠣᠯᠪᠠᠰᠣᠷᠠᠯ ᠢ ᠴᠢᠩᠭᠠᠳᠬᠠᠵᠣ᠂ ᠲᠦᠷᠭᠡᠨ ᠪᠠᠶᠢᠴᠠᠭᠠᠯᠲᠠ ᠶᠢᠨ ᠳᠦᠬᠦᠬᠡᠷᠦᠮᠵᠢ ᠨᠡᠮᠡᠵᠣ᠂ ᠲᠦᠷᠭᠡᠨ ᠪᠠᠶᠢᠴᠠᠭᠠᠯᠲᠠ | ᠶᠢᠨ ᠣᠳᠠᠭ᠎ᠠ ᠪᠠ ᠢᠳᠡᠭᠡᠨ ᠤ ᠲᠦᠷᠦᠯ ᠵᠣᠶᠢᠯ ᠲᠤᠭ᠎ᠠ ᠬᠡᠮᠵᠢᠶ᠎ᠡ ᠶᠢ ᠴᠠᠭ ᠳᠣᠬᠠᠢ ᠳᠤ ᠨᠢ ᠢᠯᠡ ᠨᠡᠶᠢᠲᠡᠯᠡᠵᠡᠢ᠃ | ᠰᠣᠩᠭᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠢᠳᠡᠭᠡᠨ ᠢ ᠳᠠᠷᠣᠢ ᠲᠦᠷᠭᠡᠨ ᠪᠠᠭᠤᠯᠭᠠᠨ ᠪᠢᠲᠡᠭᠦᠮᠵᠢᠯᠡᠵᠣ | ᠂ ︽ᠢᠳᠡᠭᠡᠨ ᠤ ᠠᠶᠣᠯᠭᠦᠢ ᠶᠢᠨ ᠰᠣᠩᠭᠤᠨ ᠪᠠᠶᠢᠴᠠᠭᠠᠯᠲᠠ ᠶᠢᠨ ᠳᠠᠷᠠᠭᠠᠬᠢ ᠰᠢᠢᠳᠪᠦᠷᠢᠯᠡᠬᠦ ᠲᠣᠭᠲᠠᠭᠠᠯ︾ | ᠶᠣᠰᠣᠭᠠᠷ ᠪᠠᠶᠢᠴᠠᠭᠠᠯᠲᠠ ᠬᠢᠵᠣ᠂ ᠰᠢᠯᠭᠠᠨ ᠪᠠᠶᠢᠴᠠᠭᠠᠬᠤ ᠪᠠ ᠰᠢᠢᠳᠪᠦᠷᠢᠯᠡᠳᠡᠭ᠃ | ᠬᠦᠲᠦᠯᠦᠭᠴᠢ᠄ ︽ᠢᠨᠲ᠋ᠧᠷᠨᠧᠲ +︾ ᠬᠦᠭᠵᠢᠯᠲᠡ ᠶᠢ ᠳᠠᠭᠠᠯᠳᠣᠨ ᠰᠦᠯᠵᠢᠶᠡᠨ ᠠᠴᠠ ᠬᠤᠭᠤᠯᠠ ᠵᠠᠬᠢᠶᠠᠯᠠᠬᠤ | ᠨᠢ ᠵᠠᠯᠠᠭᠤᠴᠣᠳ ᠤᠨ ᠳᠣᠷ᠎ᠠ ᠶᠢ ᠲᠠᠲᠠᠬᠤ ᠪᠣᠯᠣᠯ᠎ᠠ᠃ ᠠᠰᠠᠭᠤᠬᠤ ᠨᠢ᠄ ᠮᠠᠨ ᠲᠣᠭᠤᠷᠢᠭ ᠨᠢ ᠡᠨᠡ ᠲᠠᠯ᠎ᠠ ᠪᠠᠷ ᠬᠢ | ᠢᠳᠡᠭᠡᠨ ᠤ ᠠᠮᠣᠷ ᠲᠦᠪᠰᠢᠨ ᠤ ᠬᠢᠨᠠᠨ ᠬᠠᠮᠢᠶᠠᠷᠣᠯᠲᠠ ᠶᠢ ᠬᠡᠷᠬᠢᠨ ᠪᠡᠶᠡᠯᠡᠭᠦᠯᠵᠣ ᠪᠠᠶᠢᠬᠤ ᠪᠣᠢ︖ | ᠵᠣᠴᠢᠨ᠄ ᠬᠠᠷᠢᠶ᠎ᠠ ᠲᠣᠭᠤᠷᠢᠭ ᠲᠣᠲᠣᠷᠠᠬᠢ ᠰᠦᠯᠵᠢᠶ᠎ᠡ ᠶᠢᠨ ᠢᠳᠡᠭᠡᠨ ᠣᠮᠳᠠᠭᠠᠨ ᠤ ᠠᠶᠣᠯᠭᠦᠢ ᠶᠢ ᠪᠠᠲᠣᠯᠠᠵᠣ᠂ | ᠰᠦᠯᠵᠢᠶᠡᠨ ᠤ ᠢᠳᠡᠭᠡᠨ ᠣᠮᠳᠠᠭᠠᠨ ᠤ ᠦᠢᠯᠡᠴᠢᠯᠡᠭᠡ ᠡᠵᠡᠩᠨᠡᠯᠲᠡ ᠶᠢᠨ ᠠᠵᠢᠯᠯᠠᠭ᠎ᠠ ᠶᠢ ᠪᠦᠲᠦᠮᠵᠢᠲᠡᠢ | ᠳᠦᠷᠢᠮᠵᠢᠭᠦᠯᠬᠦ ᠶᠢᠨ ᠲᠦᠯᠦᠭᠡ ᠬᠦᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠣᠯᠲᠠ ᠶᠢᠨ | ᠲᠣᠪᠴᠢᠶ᠎ᠠ ᠨᠢ ︽ᠬᠦᠨᠳᠡᠯᠡᠨ ᠲᠣᠭᠤᠷᠢᠭ ᠤᠨ ᠰᠦᠯᠵᠢᠶ᠎ᠡ ᠶᠢᠨ ᠢᠳᠡᠭᠡᠨ ᠣᠮᠳᠠᠭᠠᠨ ᠤ ᠦᠢᠯᠡᠴᠢᠯᠡᠭᠡ ᠶᠢᠨ | ᠢᠳᠡᠭᠡᠨ ᠤ ᠠᠶᠣᠯᠭᠦᠢ ᠶᠢᠨ ᠳᠣᠰᠬᠠᠢ ᠴᠡᠭᠴᠡᠯᠡᠯᠲᠡ ᠶᠢᠨ ᠠᠵᠢᠯ ᠤᠨ ᠲᠦᠰᠦᠪ︾ ᠢ ᠢᠳᠡᠪᠬᠢᠲᠡᠢ ᠲᠣᠭᠲᠠᠭᠠᠵᠠᠢ᠃ | ᠣᠯᠠᠨ ᠢ ᠲᠦᠪᠯᠡᠷᠡᠭᠦᠯᠦᠨ ᠰᠠᠭᠤᠳᠠᠯ ᠤᠨ ᠬᠤᠷᠠᠯ ᠡᠷᠬᠢᠯᠡᠬᠦ ᠪᠠ ᠰᠦᠯᠵᠢᠶ᠎ᠡ ᠢᠳᠡᠭᠡᠨ ᠤ ᠦᠢᠯᠡᠴᠢᠯᠡᠭᠡ ᠬᠠᠩᠭᠠᠭᠴᠢ | ᠶᠢᠨ ᠳᠤ ᠭᠦᠨᠵᠡᠭᠡᠶᠢᠷᠡᠬᠦ ᠪᠠᠷ ᠳᠠᠮᠵᠢᠨ ᠰᠢᠭᠤᠳ ᠵᠠᠰᠠᠭ ᠵᠠᠬᠢᠷᠭᠠᠨ ᠤ ᠵᠢᠯᠣᠭᠤᠳᠣᠯᠭ᠎ᠠ ᠦᠭᠬᠦ ᠪᠣᠶᠣ ᠵᠠᠰᠠᠭ | ᠵᠠᠬᠢᠷᠭᠠᠨ ᠤ ᠪᠣᠯᠵᠣᠯᠲᠣ ᠶᠠᠷᠢᠯᠴᠠᠭ᠎ᠠ ᠬᠢᠵᠣ᠂ ︽ ᠰᠦᠯᠵᠢᠶᠡᠨ ᠤ ᠰᠣᠯᠢᠯᠴᠠᠭᠠᠨ ᠤ ᠬᠠᠮᠢᠶᠠᠷᠣᠯᠲᠠ ᠶᠢᠨ ᠠᠷᠭ᠎ᠠ︾ | ᠂ ︽ᠰᠦᠯᠵᠢᠶ᠎ᠡ ᠶᠢᠨ ᠬᠦᠨᠡᠰᠦᠨ ᠤ ᠦᠢᠯᠡᠴᠢᠯᠡᠭᠡ ᠶᠢᠨ ᠠᠶᠣᠯᠭᠦᠢ ᠶᠢᠨ ᠬᠠᠮᠢᠶᠠᠷᠣᠯᠲᠠ ᠶᠢᠨ ᠠᠷᠭ᠎ᠠ︾ ᠵᠡᠷᠭᠡ | ᠳᠦᠷᠢᠮ ᠳᠠᠬᠢ ᠬᠠᠣᠯᠢ ᠳᠤ ᠲᠣᠭᠲᠠᠭᠰᠠᠨ ᠡᠭᠦᠷᠭᠡ ᠪᠡᠶᠡᠯᠡᠭᠦᠯᠬᠦ ᠶᠢ ᠱᠠᠭᠠᠷᠳᠠᠵᠣ᠂ ᠰᠦᠯᠵᠢᠶᠡᠨ ᠬᠦᠨᠡᠰᠦᠨ | ᠦᠢᠯᠡᠴᠢᠯᠡᠭᠡ ᠬᠠᠩᠭᠠᠭᠴᠢ ᠶᠢᠨ ᠭᠡᠷᠡᠴᠢ ᠲᠡᠮᠳᠡᠭ ᠢᠶᠠᠨ ᠢᠯᠡ ᠪᠣᠯᠭᠠᠬᠤ ᠡᠭᠦᠷᠭᠡ ᠶᠢ ᠭᠤᠣᠯᠳᠠᠯᠭᠠᠲᠠᠢ | ᠴᠢᠬᠤᠯᠠᠴᠢᠯᠠᠵᠣ᠂ ᠰᠦᠯᠵᠢᠶᠡᠨ ᠤ ᠬᠦᠨᠡᠰᠦᠨ ᠦᠢᠯᠡᠴᠢᠯᠡᠭᠡ ᠬᠠᠩᠭᠠᠭᠴᠢ ᠡᠷᠬᠡᠪᠡᠰᠢ ᠪᠣᠲᠠᠲᠣ ᠡᠵᠡᠩᠨᠡᠯᠲᠡ ᠶᠢᠨ | ᠲᠠᠯᠠᠪᠣᠷ ᠲᠠᠢ ᠪᠠᠶᠢᠵᠣ᠂ ᠡᠵᠡᠩᠨᠡᠯᠲᠡ ᠶᠢᠨ ᠵᠦᠪᠰᠢᠶᠡᠷᠡᠯ ᠣᠯᠣᠭᠰᠠᠨ ᠪᠠᠶᠢᠬᠤ ᠬᠡᠷᠡᠭᠲᠡᠢ᠃ ᠰᠦᠯᠵᠢᠶᠡᠨ ᠤ | ᠬᠦᠨᠡᠰᠦᠨ ᠦᠢᠯᠡᠴᠢᠯᠡᠭᠡ ᠬᠠᠩᠭᠠᠳᠠᠭ ᠳᠡᠯᠭᠡᠭᠦᠷ ᠬᠤᠳᠠᠯᠳᠤᠭ᠎ᠠ ᠶᠢᠨ ᠰᠣᠷᠠᠭ ᠵᠠᠩᠬᠢ ᠢᠯᠡ ᠪᠣᠯᠭᠠᠭᠰᠠᠨ ᠪᠠᠶᠢᠳᠠᠯ ᠢ | ᠭᠤᠣᠯᠳᠠᠯᠭᠠᠲᠠᠢ ᠪᠠᠶᠢᠴᠠᠭᠠᠵᠣ᠂ ᠰᠣᠷᠠᠭ ᠵᠠᠩᠬᠢ ᠢᠶᠠᠨ ᠢᠯᠡ ᠨᠡᠶᠢᠲᠡᠯᠡᠬᠦ ᠪᠠ ᠰᠢᠨᠡᠳᠬᠡᠬᠦ ᠶᠢ ᠱᠠᠭᠠᠷᠳᠠᠵᠣ᠂ ᠭᠡᠷᠡᠴᠢ | ᠲᠡᠮᠳᠡᠭ ᠦᠭᠡᠢ ᠶᠢ ᠨᠢ ᠳᠠᠷᠣᠶᠢᠬᠠᠨ ᠰᠦᠯᠵᠢᠶ᠎ᠡ ᠠᠴᠠ ᠭᠠᠷᠬᠤ ᠶᠢ ᠱᠠᠭᠠᠷᠳᠠᠵᠠᠢ᠃ ᠡᠭᠦᠨ ᠤ ᠬᠠᠮᠲᠣ ᠡᠯ᠎ᠡ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠭᠠᠵᠠᠷ ᠢᠶᠠᠷ ᠨᠢᠭᠡᠴᠢ ᠪᠣᠯᠭᠠᠵᠣ᠂ ᠬᠠᠷᠢᠶ᠎ᠠ ᠣᠷᠣᠨ ᠤ ᠮᠸᠢ ᠲᠣᠸᠠᠨ᠂ | ᠡᠸ᠋ ᠯᠡ ᠮᠧ ᠵᠡᠷᠭᠡ ᠵᠠᠬᠢᠶᠠᠯᠠᠭ᠎ᠠ ᠶᠢᠨ ᠲᠠᠪᠴᠠᠩ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠠᠢ᠃ ᠡᠭᠦᠨ ᠤ | ᠵᠡᠷᠭᠡᠪᠡᠷ ᠰᠦᠯᠵᠢᠶᠡᠨ ᠤ ᠬᠦᠨᠡᠰᠦᠨ ᠵᠠᠬᠢᠶᠠᠯᠠᠭ᠎ᠠ ᠳᠤ ᠲᠠᠯᠪᠢᠬᠤ ᠡᠳᠦᠷ ᠲᠣᠲᠣᠮ ᠤᠨ ᠬᠢᠨᠠᠨ ᠪᠠᠶᠢᠴᠠᠭᠠᠯᠲᠠ ᠶᠢᠨ | ᠬᠦᠴᠦᠯᠡᠴᠡ ᠶᠢ ᠴᠢᠩᠭᠠᠳᠬᠠᠵᠣ᠂ ᠬᠦᠨᠡᠰᠦᠨ ᠤ ᠠᠮᠣᠷ ᠲᠦᠪᠰᠢᠨ ᠤ ᠮᠡᠳᠡᠯᠭᠡ ᠶᠢᠨ ᠪᠣᠯᠪᠠᠰᠣᠷᠠᠯ ᠢ ᠴᠢᠩᠭᠠᠳᠬᠠᠵᠣ | ᠂ ᠠᠰᠠᠭᠤᠳᠠᠯ ᠢᠯᠡᠷᠡᠭᠦᠯᠪᠡᠯ ᠳᠠᠷᠣᠶᠢᠬᠠᠨ ᠵᠠᠯᠠᠷᠠᠭᠤᠯᠵᠣ᠂ ᠠᠰᠠᠭᠤᠳᠠᠯ ᠨᠣᠴᠢᠲᠠᠢ ᠪᠠᠶᠢᠪᠠᠯ ᠰᠦᠯᠵᠢᠶᠡᠨ ᠤ | ᠰᠣᠯᠢᠯᠴᠠᠭ᠎ᠠ ᠶᠢᠨ ᠦᠢᠯᠡᠴᠢᠯᠡᠭᠡ ᠬᠠᠩᠭᠠᠬᠤ ᠶᠢ ᠨᠢ ᠳᠠᠷᠣᠶᠢᠬᠠᠨ ᠵᠠᠷᠯᠢᠭᠳᠠᠨ ᠵᠣᠭᠰᠣᠭᠠᠳᠠᠭ᠃ | ᠬᠦᠲᠦᠯᠦᠭᠴᠢ᠄ ᠣᠳᠣᠬᠠᠨ ᠳᠤ ᠰᠣᠷᠭᠠᠭᠤᠯᠢ ᠶᠢᠨ ᠡᠷᠭᠢᠨ ᠲᠣᠭᠤᠷᠢᠨ ᠤ ᠬᠦᠨᠡᠰᠦᠨ ᠤ ᠠᠮᠣᠷ ᠲᠦᠪᠰᠢᠨ ᠣᠯᠠᠨ | ᠤ ᠠᠩᠬᠠᠷᠣᠯ ᠢ ᠲᠠᠲᠠᠵᠣ ᠪᠣᠢ᠂ ᠣᠨᠴᠠᠭᠠᠶᠢᠯᠠᠨ ︽ᠲᠠᠪᠢᠨ ᠮᠦᠩᠭᠦ ᠶᠢᠨ ᠠᠮᠲᠠᠲᠠᠨ︾ ᠭᠡᠵᠤ ᠱᠣᠭᠯᠠᠭᠳᠠᠳᠠᠭ᠂ | ᠬᠡᠦᠬᠡᠳ ᠤᠳ ᠤᠨ ᠪᠠᠭ᠋ᠠᠷᠬᠠᠯ ᠢ ᠣᠯᠣᠭᠰᠠᠨ ᠢᠳᠡᠭᠡᠨ ᠤᠳ ᠨᠡᠮᠡᠯᠲᠡ ᠡᠳ᠋ ᠨᠢ ᠪᠠᠷᠢᠮᠵᠢᠶ᠎ᠠ ᠠᠴᠠ ᠳᠠᠪᠠᠵᠣ᠂ | ᠠᠷᠢᠭᠤᠨ ᠴᠡᠪᠡᠷ ᠤᠨ ᠲᠠᠯ᠎ᠠ ᠪᠠᠷ ᠣᠯᠠᠨ ᠢ ᠰᠠᠨᠠᠭᠠᠰᠢᠷᠠᠭᠤᠯᠵᠣ᠂ ᠳᠠᠯᠳᠠ ᠠᠶᠣᠯ ᠪᠣᠯᠣᠨ ᠠᠶᠣᠯᠭᠦᠢ ᠶᠢᠨ | ᠲᠦᠭᠰᠢᠭᠦᠷᠢ ᠲᠣᠩ ᠶᠡᠭᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠰᠠᠯᠠᠭ᠎ᠠ ᠮᠦᠴᠢᠷ ᠪᠣᠯᠣᠭᠰᠠᠨ ᠤ | ᠬᠤᠪᠢ ᠳᠤ ᠡᠨᠡ ᠲᠠᠯ᠎ᠠ ᠪᠠᠷ ᠬᠢ ᠠᠰᠠᠭᠤᠳᠠᠯ ᠳᠤ ᠶᠠᠮᠠᠷ ᠰᠢᠣᠬᠠᠨ ᠰᠢᠨ᠎ᠡ ᠵᠠᠰᠠᠵᠣ ᠵᠠᠯᠠᠷᠠᠭᠤᠯᠬᠤ ᠠᠷᠭ᠎ᠠ ᠪᠠᠶᠢᠳᠠᠭ | ᠪᠣᠢ︖ | ᠵᠣᠴᠢᠨ᠄ ᠰᠣᠷᠭᠠᠭᠤᠯᠢ ᠶᠢᠨ ᠲᠣᠭᠤᠷᠢᠨ ᠤ ᠬᠦᠨᠡᠰᠦᠨ ᠤ ᠠᠶᠣᠯᠭᠦᠢ ᠶᠢᠨ ᠠᠰᠠᠭᠤᠳᠠᠯ ᠢ ᠶᠡᠭᠡ ᠬᠦᠴᠦᠨ ᠢᠶᠠᠷ | ᠴᠡᠭᠴᠡᠯᠡᠬᠦ ᠶᠢᠨ ᠲᠦᠯᠦᠭᠡ ᠬᠦᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ ᠨᠢ 2018 ᠣᠨ ᠠᠴᠠ | ᠨᠠᠭᠠᠰᠢ᠂ ᠡᠳᠦᠷ ᠲᠣᠲᠣᠮ ᠤᠨ ᠬᠢᠨᠠᠨ ᠬᠠᠮᠢᠶᠠᠷᠣᠯᠲᠠ ᠶᠢᠨ ᠰᠠᠭᠤᠷᠢᠨ ᠳᠡᠭᠡᠷ᠎ᠡ ᠰᠣᠷᠭᠠᠭᠤᠯᠢ ᠶᠢᠨ ᠲᠣᠭᠤᠷᠢᠨ ᠤ | ᠢᠳᠡᠭᠡᠨ ᠤ ᠠᠮᠣᠷ ᠲᠦᠪᠰᠢᠨ ᠤ ︽ᠵᠠᠭᠤᠨ ᠡᠳᠦᠷ ᠤᠨ ᠠᠵᠢᠯᠯᠠᠭ᠎ᠠ︾᠂ ︽ᠶᠡᠭᠡ ᠪᠠᠶᠢᠴᠠᠭᠠᠯᠲᠠ᠂ ᠶᠡᠭᠡ | ᠰᠢᠭᠰᠢᠯᠲᠡ︾ ᠶᠢᠨ ᠳᠣᠰᠬᠠᠢ ᠪᠠᠶᠢᠴᠠᠭᠠᠯᠲᠠ ᠶᠠᠪᠣᠭᠳᠠᠭᠤᠯᠵᠣ᠂ ᠰᠣᠷᠭᠠᠭᠤᠯᠢ ᠶᠢᠨ ᠲᠣᠭᠤᠷᠢᠨ ᠤ ᠢᠳᠡᠭᠡᠨ | ᠡᠵᠡᠩᠨᠡᠭᠴᠢ ᠶᠢᠨ ᠬᠢᠷᠢ ᠬᠡᠮ ᠪᠠ ᠡᠵᠡᠩᠨᠡᠯᠲᠡ ᠶᠢᠨ ᠠᠵᠢᠯᠯᠠᠭ᠎ᠠ ᠶᠢ ᠣᠯᠠᠮ ᠨᠢᠭᠡ ᠠᠯᠬᠤᠮ ᠳᠦᠷᠢᠮᠵᠢᠭᠦᠯᠵᠡᠢ᠃ | ᠡᠯ᠎ᠡ ᠬᠤᠳᠠᠯᠳᠣᠭᠠᠨ ᠡᠷᠦᠬᠡ ᠶᠢᠨ ᠡᠵᠡᠩᠨᠡᠯᠲᠡ ᠶᠢᠨ ᠭᠡᠷᠡᠴᠢ ᠪᠠ ᠢᠳᠡᠭᠡᠨ ᠤ ᠡᠵᠡᠩᠨᠡᠯᠲᠡ ᠶᠢᠨ ᠵᠦᠪᠰᠢᠶᠡᠷᠡᠯ ᠤᠨ | ᠪᠢᠴᠢᠭ᠂ ᠠᠵᠢᠯ ᠡᠷᠬᠢᠯᠡᠭᠴᠢ ᠶᠢᠨ ᠡᠷᠡᠭᠦᠯ ᠴᠢᠬᠢᠷᠠᠭ ᠤᠨ ᠭᠡᠷᠡᠴᠢ᠂ ᠪᠠᠷᠠᠭ᠎ᠠ ᠣᠷᠣᠭᠤᠯᠵᠣ ᠭᠠᠷᠭᠠᠬᠤ ᠲᠡᠮᠳᠡᠭᠯᠡᠯ᠂ | ᠭᠡᠷᠡᠴᠢ ᠪᠢᠯᠧᠲ ᠠᠪᠬᠤ ᠳᠦᠷᠢᠮ ᠢ ᠰᠢᠭᠰᠢᠨ ᠪᠠᠶᠢᠴᠠᠭᠠᠵᠣ ᠴᠡᠭᠴᠡᠯᠡᠵᠡᠢ᠃ ︽ᠲᠠᠪᠢᠨ ᠮᠦᠩᠭᠦ ᠶᠢᠨ ᠠᠮᠲᠠᠲᠠᠨ︾ | ᠤ ᠬᠡᠷᠡᠭᠯᠡᠭᠴᠢᠳ ᠤᠨ ᠣᠨᠴᠠᠭᠠᠢ ᠴᠢᠨᠠᠷ ᠲᠤ ᠴᠢᠭᠯᠡᠭᠦᠯᠵᠣ᠂ ᠨᠠᠰᠣᠨ ᠳᠤ ᠦᠯᠦ ᠬᠦᠷᠦᠭᠰᠡᠳ ᠤᠨ ᠵᠦᠪ ᠰᠠᠶᠢᠨ | ᠬᠡᠷᠡᠭᠯᠡᠭᠡᠨ ᠤ ᠦᠵᠡᠯᠲᠡ ᠪᠠ ᠢᠳᠡᠭᠡᠨ ᠤ ᠠᠶᠣᠯᠭᠦᠢ ᠶᠢᠨ ᠶᠡᠷᠦ ᠶᠢᠨ ᠮᠡᠳᠡᠯᠭᠡ ᠪᠠᠷ ᠰᠢᠪᠲᠣᠯᠬᠤ ᠴᠡᠭ ᠪᠣᠯᠭᠠᠵᠣ᠂ | ᠳᠣᠰᠬᠠᠢ ᠴᠡᠭᠴᠡᠯᠡᠯᠲᠡ ᠬᠢᠬᠦ ᠶᠢᠨ ᠬᠠᠮᠲᠣ ᠰᠣᠷᠭᠠᠭᠤᠯᠢ ᠵᠢᠴᠢ ᠰᠣᠷᠭᠠᠭᠤᠯᠢ ᠶᠢᠨ ᠲᠣᠭᠤᠷᠢᠨ ᠤ ᠢᠳᠡᠭᠡᠨ ᠡᠵᠡᠩᠨᠡᠬᠦ | ᠨᠢᠭᠡᠴᠡ ᠶᠢᠨ ᠬᠠᠷᠢᠭᠤᠴᠠᠯᠭᠠᠲᠠᠨ ᠳᠤ ᠣᠬᠠᠭᠤᠯᠭ᠎ᠠ ᠬᠦᠮᠦᠵᠢᠯ ᠬᠢᠵᠡᠢ᠃ ᠡᠭᠦᠨ ᠳᠤ ᠭᠤᠣᠯᠳᠠᠭᠤ ᠬᠠᠷᠢᠶ᠎ᠠ ᠣᠷᠣᠨ | ᠤ ᠡᠯ᠎ᠡ ᠰᠣᠷᠭᠠᠭᠤᠯᠢ ᠳᠤ ︽ᠲᠠᠪᠢᠨ ᠮᠦᠩᠭᠦ ᠶᠢᠨ ᠠᠮᠲᠠᠲᠠᠨ︾ ᠤ ᠬᠤᠣᠷ ᠬᠦᠨᠦᠭᠡᠯ ᠤᠨ ᠣᠬᠠᠭᠤᠯᠭ᠎ᠠ ᠬᠦᠮᠦᠵᠢᠯ | ᠤᠨ ᠠᠵᠢᠯᠯᠠᠭ᠎ᠠ ᠦᠷᠨᠢᠭᠦᠯᠵᠣ᠂ ᠪᠠᠭᠰᠢ ᠰᠣᠷᠣᠭᠴᠢᠳ ᠲᠤ ᠣᠬᠠᠭᠤᠯᠭ᠎ᠠ ᠬᠦᠮᠦᠵᠢᠯ ᠬᠢᠭᠰᠡᠨ ᠪᠠ ᠳᠣᠬᠠᠢ ᠶᠢᠨ | ᠲᠠᠯᠠᠪᠣᠷ ᠲᠤ ᠬᠠᠷᠢᠭᠤ ᠦᠭᠴᠣ᠂ ︽ᠲᠠᠪᠢᠨ ᠮᠦᠩᠭᠦ ᠶᠢᠨ ᠠᠮᠲᠠᠲᠠᠨ ᠰᠣᠷᠭᠠᠭᠤᠯᠢ ᠶᠢᠨ ᠬᠦᠷᠢᠶᠡᠨ ᠳᠤ ᠣᠷᠣᠬᠤ︾ | ᠬᠤᠣᠷ ᠬᠦᠨᠦᠭᠡᠯ ᠪᠠ ᠨᠦᠯᠦᠭᠡ ᠶᠢ ᠪᠠᠭᠠᠰᠬᠠᠬᠤ ᠪᠠ ᠵᠠᠶᠢᠯᠠᠰᠭᠢᠵᠣ᠂ ᠢᠷᠡᠯᠲᠡ ᠲᠣᠳᠣᠷᠬᠠᠢ ᠪᠢᠰᠢ᠂ ᠲᠡᠮᠳᠡᠭ | ᠱᠣᠰᠢᠭ᠎ᠠ ᠳᠦᠷᠢᠮᠵᠢᠭᠰᠡᠨ ᠦᠭᠡᠢ ︽ᠭᠤᠷᠪᠠ ᠦᠭᠡᠢ︾ ᠢᠳᠡᠭᠡᠨ ᠪᠣᠷᠣᠯᠠᠭᠤᠯᠬᠤ ᠬᠠᠣᠯᠢ ᠪᠣᠰᠣ ᠠᠵᠢᠯᠯᠠᠭ᠎ᠠ ᠳᠤ | ᠴᠢᠩᠭ᠎ᠠ ᠴᠣᠬᠢᠯᠲᠠ ᠦᠭᠴᠡᠢ᠃ ᠡᠭᠦᠨ ᠠᠴᠠ ᠭᠠᠳᠠᠨ᠎ᠠ ᠡᠯ᠎ᠡ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ | ᠭᠠᠵᠠᠷ ᠨᠢ ᠪᠠᠰᠠ ᠬᠤᠲᠠ ᠬᠠᠮᠢᠶᠠᠷᠣᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠰᠣᠷᠭᠠᠭᠤᠯᠢ ᠶᠢᠨ ᠲᠣᠭᠤᠷᠢᠨ | ᠤ ᠰᠢᠯᠵᠢᠮᠡᠯ ᠬᠤᠳᠠᠯᠳᠣᠭᠠᠴᠢᠨ ᠢ ᠬᠢᠨᠠᠨ ᠬᠠᠮᠢᠶᠠᠷᠴᠠᠢ᠃ | ᠬᠦᠲᠦᠯᠦᠭᠴᠢ᠄ ᠬᠦᠨᠳᠡᠯᠡᠨ ᠲᠣᠭᠤᠷᠢᠭ ᠨᠢ ︽ᠭᠤᠣ ᠶᠢᠨ ᠲᠣᠰᠣ︾ ᠢ ᠵᠠᠰᠠᠨ ᠴᠡᠭᠴᠡᠯᠡᠬᠦ᠂ ᠲᠣᠭᠤᠭᠠᠨ ᠭᠡᠷ ᠤᠨ | ᠬᠠᠶᠠᠭᠳᠠᠮᠠᠯ ᠢ ᠬᠢᠨᠠᠨ ᠬᠠᠮᠢᠶᠠᠷᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖ | ᠵᠣᠴᠢᠨ᠄ ︽ᠪᠣᠭᠤᠲᠣ ᠬᠤᠲᠠ ᠶᠢᠨ ᠢᠳᠡᠭᠡᠨ ᠡᠮ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ ᠶᠢᠨ ︿ᠭᠤᠣ ᠶᠢᠨ | ᠲᠣᠰᠣ﹀ ᠪᠠ ᠲᠣᠭᠤᠭᠠᠨ ᠭᠡᠷ ᠤᠨ ᠬᠠᠶᠠᠭᠳᠠᠮᠠᠯ ᠢ ᠳᠦᠷᠢᠮᠵᠢᠭᠦᠯᠦᠨ ᠬᠠᠮᠢᠶᠠᠷᠬᠤ ᠳᠣᠰᠬᠠᠢ ᠴᠡᠭᠴᠡᠯᠡᠯᠲᠡ ᠶᠢᠨ | ᠠᠵᠢᠯ ᠤᠨ ᠲᠦᠰᠦᠪ︾ ᠢ ᠦᠨᠳᠦᠰᠦᠯᠡᠵᠣ ᠬᠦᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠣᠯᠲᠠ | ᠶᠢᠨ ᠲᠣᠪᠴᠢᠶ᠎ᠠ ᠨᠢ 2018 ᠣᠨ ᠳᠤ ᠬᠠᠷᠢᠶ᠎ᠠ ᠣᠷᠣᠨ ᠳᠤ ︽ᠭᠤᠣ ᠶᠢᠨ ᠲᠣᠰᠣ︾ ᠪᠠ ᠲᠣᠭᠤᠭᠠᠨ ᠭᠡᠷ ᠤᠨ | ᠬᠠᠶᠠᠭᠳᠠᠮᠠᠯ ᠢ ᠵᠠᠰᠠᠨ ᠴᠡᠭᠴᠡᠯᠡᠬᠦ ᠳᠣᠰᠬᠠᠢ ᠠᠵᠢᠯ ᠦᠷᠨᠢᠭᠦᠯᠵᠡᠢ᠃ ᠭᠤᠣᠯᠳᠠᠭᠤ ᠬᠠᠷᠢᠶ᠎ᠠ ᠣᠷᠣᠨ ᠤ ᠪᠠᠭ᠎ᠠ | ᠦᠢᠯᠡᠳᠬᠡᠯ᠂ ᠠᠮᠣ ᠲᠣᠰᠣ ᠶᠢᠨ ᠳᠡᠯᠭᠡᠭᠦᠷ᠂ ᠵᠠᠳᠠᠭᠠᠢ ᠵᠠᠬ᠎ᠠ ᠵᠢᠴᠢ ᠢᠳᠡᠭᠡᠨ ᠣᠮᠳᠠᠭᠠᠨ ᠤ ᠭᠠᠵᠠᠷ ᠲᠤ ᠪᠦᠬᠦ | ᠲᠠᠯ᠎ᠠ ᠶᠢᠨ ᠪᠠᠶᠢᠴᠠᠭᠠᠯᠲᠠ ᠬᠢᠵᠣ᠂ ᠭᠡᠷᠡᠴᠢ ᠲᠡᠮᠳᠡᠭ ᠠᠪᠬᠤ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ | ᠶᠠᠪᠣᠭᠳᠠᠭᠤᠯᠵᠠᠢ᠃ ᠣᠨᠴᠠᠭᠠᠶᠢᠯᠠᠨ ᠢᠳᠡᠭᠡᠨ ᠣᠮᠳᠠᠭᠠᠨ ᠤ ᠭᠠᠵᠠᠷ᠂ ᠰᠣᠷᠭᠠᠭᠤᠯᠢ ᠵᠢᠴᠢ ᠴᠡᠴᠡᠷᠯᠢᠭ ᠤᠨ | ᠲᠣᠭᠤᠭᠠᠨ ᠭᠡᠷ ᠤᠨ ᠬᠠᠶᠠᠭᠳᠠᠮᠠᠯ ᠢ ᠰᠢᠢᠳᠪᠦᠷᠢᠯᠡᠵᠣ ᠪᠠᠶᠢᠭ᠎ᠠ ᠪᠠᠶᠢᠳᠠᠯ ᠪᠠ ᠬᠠᠶᠠᠵᠣ ᠪᠠᠶᠢᠭ᠎ᠠ ᠲᠡᠮᠳᠡᠭᠯᠡᠯ ᠳᠤ | ᠪᠠᠶᠢᠴᠠᠭᠠᠯᠲᠠ ᠬᠢᠵᠣ᠂ ︽ᠭᠤᠣ ᠶᠢᠨ ᠲᠣᠰᠣ︾ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠵᠡᠢ᠃ | ᠡᠯ᠎ᠡ ᠲᠦᠷᠦᠯ ᠤᠨ ᠢᠳᠡᠭᠡᠨ ᠣᠮᠳᠠᠭᠠᠨ ᠡᠵᠡᠩᠨᠡᠭᠴᠢ ᠡᠷᠬᠡᠪᠡᠰᠢ ᠲᠣᠭᠤᠭᠠᠨ ᠭᠡᠷ ᠤᠨ ᠬᠠᠶᠠᠭᠳᠠᠮᠠᠯ ᠰᠢᠢᠳᠪᠦᠷᠢᠯᠡᠬᠦ | ᠬᠢᠷᠢ ᠬᠡᠮ ᠲᠠᠢ ᠨᠢᠭᠡᠴᠡ ︵ᠪᠣᠭᠤᠲᠣ ᠬᠤᠲᠠ ᠶᠢᠨ ᠨᠣᠭᠤᠭᠠᠨ ᠡᠨᠧᠷᠭᠢ ᠬᠠᠶᠠᠭᠳᠠᠮᠠᠯ ᠰᠢᠢᠳᠪᠦᠷᠢᠯᠡᠬᠦ ᠲᠦᠪ︶ | ᠯᠦᠭᠡ ᠵᠦᠪᠯᠡᠯᠴᠡᠭᠡᠷ ᠲᠣᠭᠲᠠᠭᠠᠬᠤ ᠶᠢᠨ ᠬᠠᠮᠲᠣ ᠣᠯᠠ ᠮᠦᠷ ᠤᠨ ᠲᠡᠮᠳᠡᠭᠯᠡᠯ ᠬᠢᠵᠣ᠂ ᠢᠳᠡᠭᠡᠨ ᠤ ᠠᠮᠣᠷ | ᠲᠦᠪᠰᠢᠨ ᠪᠠ ᠠᠷᠠᠳ ᠲᠦᠮᠡᠨ ᠤ ᠪᠡᠶ᠎ᠡ ᠶᠢᠨ ᠡᠷᠡᠭᠦᠯ ᠴᠢᠬᠢᠷᠠᠭ ᠢ ᠪᠦᠲᠦᠮᠵᠢᠲᠡᠢ ᠬᠠᠮᠠᠭᠠᠯᠠᠵᠠᠢ᠃ | ᠬᠦᠲᠦᠯᠦᠭᠴᠢ᠄ ᠣᠷᠴᠢᠮ ᠤᠨ ᠵᠢᠯ ᠠᠴᠠ ᠬᠤᠪᠢ ᠶᠢᠨ ᠴᠡᠴᠡᠷᠯᠢᠭ᠂ ᠬᠡᠦᠬᠡᠳ ᠬᠠᠷᠠᠬᠤ ᠠᠩᠬᠢ ᠨᠢ ᠬᠡᠷᠡᠭᠴᠡᠭᠡ | ᠱᠠᠭᠠᠷᠳᠠᠯᠭ᠎ᠠ ᠶᠢ ᠲᠠᠭᠠᠨ ᠪᠣᠢ ᠪᠣᠯᠵᠣ᠂ ᠭᠡᠷᠡᠴᠢ ᠦᠭᠡᠢ ᠡᠵᠡᠩᠨᠡᠭᠴᠢ ᠴᠦ ᠴᠦᠬᠡᠨ ᠪᠣᠰᠣ ᠪᠣᠢ᠃ ᠠᠰᠠᠭᠤᠬᠤ ᠨᠢ᠄ | ᠮᠠᠨ ᠤ ᠲᠣᠭᠤᠷᠢᠭ ᠲᠤ ᠭᠡᠷᠡᠴᠢ ᠪᠢᠴᠢᠭ ᠦᠭᠡᠢ ᠴᠡᠴᠡᠷᠯᠢᠭ᠂ ᠬᠡᠦᠬᠡᠳ ᠬᠠᠷᠠᠬᠤ ᠠᠩᠬᠢ ᠶᠢ ᠬᠡᠨ ᠬᠢᠨᠠᠨ | ᠬᠠᠮᠢᠶᠠᠷᠳᠠᠭ ᠪᠣᠢ︖ ᠬᠡᠷᠬᠢᠨ ᠬᠢᠨᠠᠨ ᠬᠠᠮᠢᠶᠠᠷᠳᠠᠭ ᠪᠣᠢ︖ | ᠵᠣᠴᠢᠨ᠄ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ ᠠᠴᠠ ᠭᠡᠷᠡᠴᠢ ᠪᠢᠴᠢᠭ ᠦᠭᠡᠢ ᠴᠡᠴᠡᠷᠯᠢᠭ᠂ | ᠬᠡᠦᠬᠡᠳ ᠬᠠᠷᠠᠬᠤ ᠠᠩᠬᠢ ᠶᠢᠨ ᠲᠣᠭᠤᠭᠠᠨ ᠭᠡᠷ ᠤᠨ ᠢᠳᠡᠭᠡᠨ ᠣᠮᠳᠠᠭᠠᠨ ᠤ ᠠᠮᠣᠷ ᠲᠦᠪᠰᠢᠨ ᠳᠤ ᠬᠢᠨᠠᠨ | ᠬᠠᠮᠢᠶᠠᠷᠣᠯᠲᠠ ᠲᠠᠯᠪᠢᠳᠠᠭ᠃⑴ ᠴᠡᠴᠡᠷᠯᠢᠭ ᠤᠨ ᠲᠣᠭᠤᠭᠠᠨ ᠭᠡᠷ ᠲᠤ ᠬᠢᠨᠠᠨ ᠬᠠᠮᠢᠶᠠᠷᠣᠯᠲᠠ ᠲᠠᠯᠪᠢᠬᠤ ᠳᠠᠭᠠᠨ | ᠲᠣᠭᠲᠠᠭᠰᠠᠨ ᠬᠤᠭᠤᠴᠠᠭ᠎ᠠ ᠲᠠᠢ ᠬᠢᠨᠠᠨ ᠪᠠᠶᠢᠴᠠᠭᠠᠯᠲᠠ᠂ ᠲᠣᠭᠲᠠᠮᠠᠯ ᠪᠣᠰᠣ ᠬᠤᠭᠤᠴᠠᠭᠠᠲᠣ ᠮᠦᠷᠳᠡᠨ | ᠪᠠᠶᠢᠴᠠᠭᠠᠯᠲᠠ ᠶᠢ ᠦᠷᠭᠦᠯᠵᠢᠯᠡᠨ ᠶᠠᠪᠣᠭᠳᠠᠭᠤᠯᠵᠣ᠂ ᠡᠯ᠎ᠡ ᠲᠦᠷᠦᠯ ᠤᠨ ᠳᠦᠷᠢᠮ ᠲᠣᠭᠲᠠᠭᠠᠯ ᠭᠦᠢᠴᠡᠳ | ᠨᠠᠶᠢᠳᠠᠪᠣᠷᠢᠵᠢᠬᠤ ᠶᠢ ᠪᠠᠲᠣᠯᠠᠵᠠᠢ᠃ ᠨᠢᠭᠡ ᠳᠤ ᠠᠵᠢᠯ ᠡᠷᠬᠢᠯᠡᠭᠴᠢ ᠶᠢᠨ ᠡᠷᠡᠭᠦᠯ ᠴᠢᠬᠢᠷᠠᠭ ᠤᠨ ᠭᠡᠷᠡᠴᠢ ᠶᠢ | ᠪᠠᠶᠢᠴᠠᠭᠠᠪᠠ᠃ ᠰᠢᠨ᠎ᠡ ᠪᠠᠷ ᠠᠵᠢᠯᠯᠠᠭᠴᠢ ᠵᠢᠴᠢ ᠡᠷᠡᠭᠦᠯ ᠴᠢᠬᠢᠷᠠᠭ ᠤᠨ ᠭᠡᠷᠡᠴᠢ ᠨᠢ ᠬᠤᠭᠤᠴᠠᠭ᠎ᠠ ᠠᠴᠠ | ᠦᠩᠭᠡᠷᠡᠭᠴᠢ ᠬᠦᠮᠦᠰ ᠡᠷᠬᠡᠪᠡᠰᠢ ᠬᠦᠴᠦᠨ ᠪᠦᠬᠦᠢ ᠡᠷᠡᠭᠦᠯ ᠴᠢᠬᠢᠷᠠᠭ ᠤᠨ ᠭᠡᠷᠡᠴᠢ ᠠᠪᠣᠭᠰᠠᠨ ᠤ ᠳᠠᠷᠠᠭ᠎ᠠ ᠰᠠᠶ᠋ᠢ | ᠠᠵᠢᠯᠯᠠᠵᠣ ᠪᠣᠯᠣᠨ᠎ᠠ᠃ ᠬᠤᠶᠠᠷ ᠲᠤ ᠬᠤᠭᠤᠯᠠᠨ ᠬᠡᠷᠡᠭᠰᠡᠯ ᠢ ᠠᠷᠢᠭᠤᠳᠬᠠᠬᠤ ᠲᠣᠨᠤᠭ ᠳᠦᠬᠦᠬᠡᠷᠦᠮᠵᠢ ᠶᠢᠨ ᠠᠵᠢᠯ | ᠤᠨ ᠪᠠᠶᠢᠳᠠᠯ ᠢ ᠪᠠᠶᠢᠴᠠᠭᠠᠪᠠ᠃ ᠭᠤᠷᠪᠠ ᠳᠤ ᠢᠳᠡᠭᠡᠨ ᠣᠷᠣᠭᠤᠯᠬᠤ᠂ ᠭᠡᠷᠡᠴᠢ ᠲᠡᠮᠳᠡᠭ ᠠᠪᠬᠤ ᠵᠡᠷᠭᠡ ᠳᠦᠷᠢᠮ | ᠤᠨ ᠨᠠᠶᠢᠳᠠᠪᠣᠷᠢᠵᠢᠯᠲᠠ ᠶᠢ ᠪᠠᠶᠢᠴᠠᠭᠠᠪᠠ᠃ ᠳᠦᠷᠪᠡ ᠳᠤ ᠬᠤᠭᠤᠯᠠᠨ ᠬᠡᠷᠡᠭᠰᠡᠯ ᠤᠨ ᠣᠭᠢᠶᠠᠵᠣ ᠠᠷᠢᠭᠤᠳᠬᠠᠬᠤ | ᠲᠡᠮᠳᠡᠭᠯᠡᠯ ᠢ ᠪᠠᠶᠢᠴᠠᠭᠠᠪᠠ᠃ ᠲᠠᠪᠤ ᠳᠤ ᠢᠳᠡᠭᠡᠨ ᠤ ᠶᠠᠩᠵᠣ ᠦᠯᠡᠳᠡᠭᠡᠭᠰᠡᠨ ᠪᠠᠶᠢᠳᠠᠯ ᠢ ᠪᠠᠶᠢᠴᠠᠭᠠᠵᠣ᠂ ᠲᠦᠷᠦᠯ | ᠪᠦᠷᠢ ᠠᠴᠠ 125 ᠭᠷᠠᠮ ᠤᠨ ᠶᠠᠩᠵᠣ ᠦᠯᠡᠳᠡᠭᠡᠵᠣ ᠲᠡᠮᠳᠡᠭᠯᠡᠳᠡᠭ᠃ ᠵᠢᠷᠭᠤᠭ᠎ᠠ ᠳᠤ ᠪᠠᠶᠢᠷᠢ ᠲᠠᠯᠠᠪᠣᠷ᠂ ᠲᠣᠨᠤᠭ | ᠳᠦᠬᠦᠬᠡᠷᠦᠮᠵᠢ᠂ ᠬᠤᠭᠤᠯᠠᠨ ᠬᠡᠷᠡᠭᠰᠡᠯ ᠵᠡᠷᠭᠡ ᠶᠢᠨ ᠠᠷᠢᠭᠤᠨ ᠴᠡᠪᠡᠷ ᠤᠨ ᠪᠠᠶᠢᠳᠠᠯ ᠢ ᠪᠠᠶᠢᠴᠠᠭᠠᠵᠣ᠂ ᠦᠷᠭᠦᠯᠵᠢ | ᠴᠡᠪᠡᠷ ᠪᠠᠶᠢᠯᠭᠠᠬᠤ ᠬᠡᠷᠡᠭᠲᠡᠢ ᠶᠢ ᠱᠠᠭᠠᠷᠳᠠᠪᠠ᠃⑵ ᠦᠷᠭᠡᠨ ᠣᠯᠠᠨ ᠬᠡᠦᠬᠡᠳ ᠪᠠᠭᠠᠴᠣᠳ ᠰᠠᠨᠠᠭ᠎ᠠ ᠠᠮᠣᠷ | ᠬᠤᠭᠤᠯᠠᠯᠬᠤ ᠶᠢ ᠪᠠᠲᠣᠯᠠᠬᠤ ᠶᠢᠨ ᠲᠦᠯᠦᠭᠡ ᠬᠡᠦᠬᠡᠳ ᠬᠠᠷᠠᠬᠤ ᠭᠠᠵᠠᠷ ᠤᠨ ᠢᠳᠡᠭᠡᠨ ᠤ ᠠᠮᠣᠷ ᠲᠦᠪᠰᠢᠨ ᠳᠤ | ᠬᠢᠨᠠᠯᠲᠠ ᠲᠠᠯᠪᠢᠬᠤ ᠳᠠᠭᠠᠨ ᠬᠡᠦᠬᠡᠳ ᠬᠠᠷᠠᠬᠤ ᠠᠩᠬᠢ ᠶᠢᠨ ᠳᠠᠩᠰᠠ ᠲᠡᠮᠳᠡᠭᠯᠡᠬᠦ ᠨᠠᠢᠮᠠᠨ ᠴᠢᠩᠭ᠎ᠠ ᠱᠠᠭᠠᠷᠳᠠᠯᠭ᠎ᠠ ᠶᠢ | ᠴᠢᠩᠭ᠎ᠠ ᠵᠢᠷᠣᠮᠯᠠᠵᠠᠢ᠄ ᠨᠢᠭᠡ᠂ ᠲᠣᠭᠤᠭᠠᠨ ᠭᠡᠷ ᠤᠨ ᠲᠠᠯᠠᠪᠠᠢ ᠪᠣᠯᠣᠨ ᠬᠤᠭᠤᠯᠠ ᠬᠢᠬᠦ ᠬᠦᠮᠦᠨ ᠤ ᠲᠤᠭ᠎ᠠ | ᠬᠠᠷᠢᠯᠴᠠᠨ ᠳᠣᠬᠢᠷᠠᠯᠴᠠᠵᠣ᠂ 5 ᠲᠡᠭᠰᠢ ᠳᠦᠷᠪᠡᠯᠵᠢᠨ ᠠᠴᠠ ᠪᠠᠭ᠎ᠠ ᠪᠠᠶᠢᠵᠣ ᠪᠣᠯᠬᠤ ᠦᠭᠡᠢ᠃ ᠬᠤᠶᠠᠷ᠂ ᠠᠵᠢᠯ | ᠡᠷᠬᠢᠯᠡᠭᠴᠢ ᠡᠷᠡᠭᠦᠯ ᠴᠢᠬᠢᠷᠠᠭ ᠤᠨ ᠭᠡᠷᠡᠴᠢ ᠪᠠᠶᠢᠬᠤ ᠬᠡᠷᠡᠭᠲᠡᠢ᠃ ᠭᠤᠷᠪᠠ᠂ ᠢᠳᠡᠭᠡᠨ ᠤ ᠮᠠᠲ᠋ᠧᠷᠢᠶᠠᠯ ᠱᠠᠭᠠᠷᠳᠠᠯᠭ᠎ᠠ | ᠶᠣᠰᠣᠭᠠᠷ ᠭᠡᠷᠡᠴᠢ ᠲᠡᠮᠳᠡᠭ ᠠᠪᠴᠣ᠂ ᠱᠠᠭᠠᠷᠳᠠᠯᠭ᠎ᠠ ᠶᠣᠰᠣᠭᠠᠷ ᠬᠠᠳᠠᠭᠠᠯᠠᠭᠰᠠᠨ ᠪᠠᠶᠢᠬᠤ ᠬᠡᠷᠡᠭᠲᠡᠢ᠃ ᠳᠦᠷᠪᠡ᠂ | ᠬᠦᠢᠲᠡᠨ ᠨᠣᠭᠤᠭ᠎ᠠ ᠬᠠᠩᠭᠠᠬᠤ ᠦᠭᠡᠢ᠂ ᠨᠣᠭᠤᠭ᠎ᠠ ᠵᠠᠭᠤᠰᠢ ᠶᠢ ᠭᠦᠢᠴᠡᠳ ᠪᠣᠯᠭᠤᠬᠤ ᠶᠢ ᠪᠠᠲᠣᠯᠠᠬᠤ ᠬᠡᠷᠡᠭᠲᠡᠢ᠃ | ᠲᠠᠪᠤ᠂ ᠱᠠᠭᠠᠷᠳᠠᠯᠭ᠎ᠠ ᠶᠣᠰᠣᠭᠠᠷ ᠣᠭᠢᠶᠠᠵᠣ ᠠᠷᠢᠭᠤᠳᠬᠠᠭᠰᠠᠨ ᠪᠠᠶᠢᠬᠤ ᠬᠡᠷᠡᠭᠲᠡᠢ᠃ ᠵᠢᠷᠭᠤᠭ᠎ᠠ᠂ ᠳᠣᠰᠠᠭᠠᠷ | ᠬᠤᠭᠤᠯᠠᠯᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃ ᠳᠣᠯᠤᠭ᠎ᠠ᠄ ᠬᠤᠭᠤᠯᠠ ᠪᠣᠯᠭᠠᠨ ᠳᠤ ᠱᠠᠭᠠᠷᠳᠠᠯᠭ᠎ᠠ ᠶᠣᠰᠣᠭᠠᠷ | ᠶᠠᠩᠵᠣ ᠦᠯᠡᠳᠡᠭᠡᠬᠦ ᠬᠡᠷᠡᠭᠲᠡᠢ᠃ ᠨᠠᠢᠮᠠ᠂ ᠰᠠᠭᠤᠭᠠᠯᠢ ᠠᠰᠠᠷ ᠲᠤ ᠬᠡᠦᠬᠡᠳ ᠬᠠᠷᠠᠬᠤ ᠠᠩᠬᠢ ᠡᠷᠬᠢᠯᠡᠪᠡᠯ ᠡᠷᠬᠡᠪᠡᠰᠢ | ᠭᠤᠷᠪᠠᠳᠣᠭᠠᠷ ᠳᠠᠪᠬᠤᠷ ᠠᠴᠠ ᠳᠣᠷᠣᠭᠰᠢ ︵ᠨᠢᠭᠡ᠂ ᠬᠤᠶᠠᠳᠣᠭᠠᠷ ᠳᠠᠪᠬᠤᠷᠭ᠎ᠠ︶ ᠪᠠᠶᠢᠬᠤ ᠬᠡᠷᠡᠭᠲᠡᠢ᠃ ︵ᠡᠳᠡᠭᠡᠷ | ᠢ ᠳᠦᠭᠦᠮ ᠢᠶᠠᠷ ᠨᠠᠢᠮᠠᠨ ᠴᠢᠩᠭ᠎ᠠ ᠱᠠᠭᠠᠷᠳᠠᠯᠭ᠎ᠠ ᠭᠡᠳᠡᠭ︶ ᠡᠭᠦᠨ ᠤ ᠬᠠᠮᠲᠣ ᠨᠢᠭᠡ ᠲᠠᠯ᠎ᠠ ᠪᠠᠷ ᠮᠠᠨ ᠤ ᠲᠣᠪᠴᠢᠶ᠎ᠠ | ᠶᠢᠨ ᠨᠢᠭᠡᠳᠦᠯᠲᠡᠢ ᠳᠣᠬᠢᠷᠠᠭᠤᠯᠭ᠎ᠠ ᠶᠣᠰᠣᠭᠠᠷ ᠰᠣᠷᠣᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠪᠠ ᠡᠬᠢᠯᠡᠭᠰᠡᠨ | ᠤ ᠳᠠᠷᠠᠭ᠎ᠠ ᠳᠣᠰᠬᠠᠢ ᠴᠡᠭᠴᠡᠯᠡᠯᠲᠡ ᠶᠢᠨ ᠠᠵᠢᠯᠯᠠᠭ᠎ᠠ ᠶᠠᠪᠣᠭᠳᠠᠭᠤᠯᠵᠣ ᠡᠯ᠎ᠡ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠣᠯᠲᠠ ᠶᠢᠨ ᠭᠠᠵᠠᠷ ᠨᠢ ᠬᠠᠷᠢᠶ᠎ᠠ ᠲᠣᠭᠤᠷᠢᠭ ᠤᠨ ᠬᠡᠦᠬᠡᠳ ᠬᠠᠷᠠᠬᠤ ᠠᠩᠬᠢ ᠶᠢ ᠵᠣᠬᠢᠶᠠᠨ ᠪᠠᠶᠢᠭᠤᠯᠵᠣ᠂ | ᠲᠣᠭᠤᠭᠠᠨ ᠭᠡᠷ ᠤᠨ ᠢᠳᠡᠭᠡᠨ ᠤ ᠠᠶᠣᠯᠭᠦᠢ ᠶᠢᠨ ᠬᠠᠮᠢᠶᠠᠲᠠᠢ ᠮᠡᠳᠡᠯᠭᠡ ᠪᠣᠯᠪᠠᠰᠣᠷᠠᠯ ᠡᠷᠬᠢᠯᠡᠵᠠᠢ᠃ ᠬᠤᠶᠠᠷ ᠲᠤ | ᠳᠠᠩᠰᠠᠨ ᠳᠤ ᠲᠡᠮᠳᠡᠭᠯᠡᠬᠦ ᠨᠦᠬᠦᠴᠡᠯ ᠳᠤ ᠨᠡᠶᠢᠴᠡᠭᠰᠡᠨ ᠬᠡᠦᠬᠡᠳ ᠬᠠᠷᠠᠬᠤ ᠠᠩᠬᠢ ᠶᠢᠨ ᠨᠡᠷᠡᠰ ᠢ ᠰᠣᠷᠭᠠᠨ ᠬᠦᠮᠦᠵᠢᠯ | ᠤᠨ ᠰᠠᠯᠠᠭ᠎ᠠ ᠮᠦᠴᠢᠷ ᠲᠠᠢ ᠬᠤᠯᠪᠣᠭᠠᠨ ᠢᠯᠡ ᠵᠠᠷᠯᠠᠵᠣ᠂ ᠰᠣᠷᠣᠭᠴᠢᠳ ᠪᠣᠯᠣᠨ ᠭᠡᠷ ᠤᠨ ᠠᠬᠠᠮᠠᠳ ᠲᠤ ᠯᠠᠪᠯᠠᠯᠲᠠ | ᠪᠣᠯᠭᠠᠵᠣ᠂ ᠰᠠᠷ᠎ᠠ ᠪᠦᠷᠢ ᠬᠤᠶᠠᠷ ᠣᠳᠠᠭ᠎ᠠ ᠶᠢᠨ ᠲᠠᠪᠲᠠᠮᠵᠢ ᠲᠠᠢ ᠪᠠᠷ ᠡᠳᠦᠷ ᠲᠣᠲᠣᠮ ᠤᠨ ᠬᠢᠨᠠᠨ ᠬᠠᠮᠢᠶᠠᠷᠣᠯᠲᠠ | ᠬᠡᠷᠡᠭᠵᠢᠭᠦᠯᠵᠡᠢ᠃ | ᠬᠦᠲᠦᠯᠦᠭᠴᠢ᠄ ᠳᠠᠷᠠᠭᠠᠴᠢ ᠶᠢᠨ ᠠᠵᠢᠯ ᠤᠨ ᠲᠦᠯᠦᠪᠯᠡᠭᠡ ᠪᠠᠨ ᠶᠠᠷᠢᠵᠣ ᠦᠵᠡᠭᠡᠷᠡᠢ᠃ | ᠵᠣᠴᠢᠨ᠄ ᠢᠳᠡᠭᠡᠨ ᠡᠮ ᠤᠨ ᠠᠮᠣᠷ ᠲᠦᠪᠰᠢᠨ ᠪᠣᠯ ᠬᠦᠮᠦᠨ ᠲᠦᠷᠦᠯᠬᠢᠲᠡᠨ ᠤ ᠡᠭᠦᠷᠢᠳᠡ ᠶᠢᠨ ᠶᠠᠷᠢᠶᠠᠨ ᠰᠡᠳᠦᠪ᠂ | ᠢᠳᠡᠭᠡᠨ ᠡᠮᠲᠣ ᠪᠣᠳᠠᠰ ᠤᠨ ᠠᠮᠣᠷ ᠲᠦᠪᠰᠢᠨ ᠨᠢ ᠡᠬᠢᠯᠡᠯᠲᠡ ᠶᠢᠨ ᠴᠡᠭ ᠪᠠᠶᠢᠬᠤ ᠠᠴᠠ ᠪᠢᠰᠢ ᠲᠡᠭᠦᠰᠭᠡᠯ ᠤᠨ | ᠴᠡᠭ ᠦᠭᠡᠢ᠂ ᠬᠡᠵᠢᠶᠡᠳᠡ ᠵᠠᠮ ᠳᠠᠭᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠪᠢᠳᠡ ᠦᠷᠬᠦᠯᠵᠢᠯᠡᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭᠲᠣ ᠨᠡᠶᠢᠭᠡᠮ ᠵᠢᠷᠣᠮ ᠤᠨ ᠦᠵᠡᠯ ᠰᠠᠨᠠᠭ᠎ᠠ | ᠪᠠᠷ ᠣᠳᠣᠷᠢᠳᠣᠮᠵᠢ ᠪᠣᠯᠭᠠᠵᠣ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠪᠠᠲᠣᠲᠠᠢ ᠣᠳᠣᠷᠢᠳᠣᠯᠭ᠎ᠠ ᠳᠣᠣᠷ᠎ᠠ ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠬᠢᠵᠣ᠂ ᠲᠡᠷᠢᠭᠦᠨ ᠤ ᠡᠩᠨᠡᠭᠡ ᠳᠤ | ᠶᠠᠪᠣᠬᠤ ᠪᠠᠷ ᠴᠢᠷᠮᠠᠶᠢᠨ᠎ᠠ᠃ | ⑴ ᠬᠤᠳᠠᠯᠳᠣᠭᠠᠨ ᠤ ᠶᠠᠪᠣᠳᠠᠯ ᠤᠨ ᠳᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠨᠡᠩ ᠲᠦᠪ ᠭᠤᠣᠯᠴᠢ ᠢᠯᠡ ᠲᠣᠳᠣᠷᠬᠠᠢ ᠳᠦᠭᠦᠮ ᠲᠦᠳᠡ ᠵᠠᠬ᠎ᠠ ᠳᠤ ᠣᠷᠣᠬᠤ ᠶᠢ ᠵᠦᠪᠰᠢᠶᠡᠷᠡᠬᠦ ᠣᠷᠴᠢᠨ | ᠲᠣᠭᠤᠷᠢᠨ ᠢ ᠪᠣᠢ ᠪᠣᠯᠭᠠᠵᠣ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠰᠢᠨ᠎ᠡ ᠶᠢ | ᠡᠭᠦᠳᠬᠦ ᠬᠦᠴᠦᠨ ᠢ ᠣᠯᠠᠮ ᠨᠢᠭᠡ ᠠᠯᠬᠤᠮ ᠴᠢᠯᠦᠭᠡᠯᠡᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠦᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠤ ᠡᠭᠦᠷᠭᠡ ᠴᠢᠳᠠᠯ ᠢ ᠬᠡᠷᠡᠭ ᠤᠨ ᠡᠮᠦᠨᠡᠬᠢ | ᠬᠢᠨᠠᠨ ᠵᠦᠪᠰᠢᠶᠡᠷᠡᠯ ᠪᠠᠷ ᠳᠠᠮᠵᠢᠨ ᠬᠠᠮᠢᠶᠠᠷᠬᠤ ᠠᠴᠠ ᠬᠡᠷᠡᠭ ᠤᠨ ᠶᠠᠪᠣᠴᠠ ᠳᠠᠬᠢ ᠪᠠ ᠬᠡᠷᠡᠭ ᠤᠨ ᠳᠠᠷᠠᠭᠠᠬᠢ | ᠬᠢᠨᠠᠯᠲᠠ ᠲᠡᠰᠢ ᠬᠤᠪᠢᠷᠠᠭᠤᠯᠵᠣ᠂ ᠲᠣᠭᠲᠠᠭᠤᠨ᠂ ᠭᠤᠣᠯᠴᠢ᠂ ᠲᠣᠩᠭᠠᠯᠠᠭ᠂ ᠵᠢᠱᠢᠵᠣ ᠪᠣᠯᠬᠤ ᠬᠤᠳᠠᠯᠳᠣᠭᠠᠨ ᠤ | ᠣᠷᠴᠢᠨ ᠲᠣᠭᠤᠷᠢᠨ ᠢ ᠪᠣᠢ ᠪᠣᠯᠭᠠᠨ᠎ᠠ᠃ | ⑵ ᠢᠳᠡᠭᠡᠨ ᠤ ᠬᠢᠨᠠᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠣᠷᠭᠠᠭᠤᠯᠢ ᠶᠢᠨ ᠢᠳᠡᠭᠡᠨ ᠣᠮᠳᠠᠭᠠᠨ ᠤ ᠠᠮᠣᠷ | ᠲᠦᠪᠰᠢᠨ ᠢ ᠦᠷᠭᠦᠯᠵᠢᠯᠡᠨ ᠠᠩᠬᠠᠷᠴᠣ᠂ ᠰᠣᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠣᠷᠢᠵᠢᠭᠤᠯᠵᠣ᠂ ᠢᠳᠡᠭᠡᠨ ᠤ ᠠᠶᠣᠯᠭᠦᠢ ᠶᠢᠨ ᠰᠣᠷᠭᠠᠭᠤᠯᠢ ᠶᠢᠨ ᠳᠠᠷᠤᠭ᠎ᠠ ᠬᠠᠷᠢᠭᠤᠴᠠᠬᠤ ᠳᠦᠷᠢᠮ ᠢ | ᠴᠢᠩᠭᠠᠳᠬᠠᠨ᠎ᠠ᠃ ᠪᠦᠬᠦ ᠲᠣᠭᠤᠷᠢᠭ ᠤᠨ ᠰᠣᠷᠭᠠᠭᠤᠯᠢ ᠶᠢᠨ ᠬᠤᠭᠤᠯᠠᠨ ᠲᠢᠩᠬᠢᠮ ᠳᠤ ᠮᠡᠷᠭᠡᠵᠢᠯ ᠤᠨ ᠬᠢᠨᠠᠨ | ᠬᠠᠮᠢᠶᠠᠷᠣᠯᠲᠠ ᠶᠢᠨ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠳᠡᠯᠭᠡᠷᠡᠭᠦᠯᠵᠣ᠂ ᠠᠰᠠᠭᠤᠳᠠᠯ ᠢ ᠢᠯᠡᠷᠡᠭᠦᠯᠬᠦ | ᠨᠣᠷᠮ᠎ᠠ ᠪᠠ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠪᠠᠭ᠎ᠠ ᠬᠤᠭᠤᠯᠠᠨ ᠭᠠᠵᠠᠷ᠂ ᠪᠠᠭ᠎ᠠ ᠦᠢᠯᠡᠳᠬᠡᠯ ᠤᠨ | ᠡᠵᠡᠩᠨᠡᠯᠲᠡ ᠶᠢᠨ ᠬᠡᠯᠪᠡᠷᠢ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠣ᠂ ᠪᠠᠶᠢᠴᠠᠭᠠᠬᠤ ᠬᠦᠴᠦᠯᠡᠴᠡ ᠪᠠ ᠪᠦᠷᠬᠦᠴᠡ | ᠶᠢ ᠨᠡᠮᠡᠭᠳᠡᠭᠦᠯᠵᠣ᠂ ᠪᠠᠭ᠎ᠠ ᠦᠢᠯᠡᠳᠬᠡᠯ ᠤᠨ ᠲᠦᠭᠦᠬᠡᠢ ᠮᠠᠲ᠋ᠧᠷᠢᠶᠠᠯ ᠢ ᠭᠤᠣᠯᠳᠠᠯᠭ᠎ᠠ ᠲᠠᠢ ᠰᠣᠩᠭᠤᠨ ᠪᠠᠶᠢᠴᠠᠭᠠᠨ᠎ᠠ᠃ | ᠡᠭᠦᠨ ᠤ ᠵᠡᠷᠭᠡᠪᠡᠷ ᠭᠡᠷᠡᠴᠢ ᠦᠭᠡᠢ ᠦᠢᠯᠡᠳᠬᠡᠯ ᠳᠤ ᠴᠢᠩᠭ᠎ᠠ ᠴᠣᠬᠢᠯᠲᠠ ᠦᠭᠴᠣ᠂ ᠭᠡᠷᠡᠴᠢ ᠦᠭᠡᠢ ᠡᠵᠡᠩᠨᠡᠬᠦ ᠶᠢ | ᠦᠭᠡᠶᠢᠰᠭᠡᠨ᠎ᠡ᠃ ᠳᠦᠷᠢᠮᠵᠢᠭᠰᠡᠨ᠂ ᠬᠡᠪᠴᠢᠶᠡᠵᠢᠭᠰᠡᠨ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠵᠣ᠂ | ᠳᠦᠷᠢᠮᠵᠢᠭᠰᠡᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠣᠳᠣᠷᠢᠳᠣᠨ ᠳᠠᠭᠠᠭᠤᠯᠵᠣ᠂ ︽ᠪᠢᠴᠢᠬᠠᠨ ᠬᠤᠭᠤᠯᠠᠨ | ᠰᠢᠷᠡᠭᠡ︾ ᠪᠠ ᠪᠠᠭ᠎ᠠ ᠦᠢᠯᠡᠳᠬᠡᠯ ᠤᠨ ᠲᠤᠭ᠎ᠠ ᠶᠢ ᠠᠯᠬᠤᠮ ᠠᠯᠬᠤᠮ ᠪᠠᠷ ᠴᠦᠭᠡᠳᠬᠡᠨᠡ᠃ ᠳᠡᠭᠡᠳᠣ ᠱᠠᠲᠣᠨ ᠤ | ᠱᠠᠭᠠᠷᠳᠠᠯᠭ᠎ᠠ ᠪᠠᠶᠢᠷᠢᠯᠠᠭᠤᠯᠣᠯᠲᠠ ᠶᠣᠰᠣᠭᠠᠷ ᠰᠦᠯᠵᠢᠶᠡᠨ ᠤ ᠬᠤᠭᠤᠯᠠ ᠵᠠᠬᠢᠶᠠᠯᠠᠭ᠎ᠠ ᠶᠢᠨ ᠰᠦᠯᠵᠢᠶᠡᠨ ᠭᠠᠳᠠᠨ᠎ᠠ | ᠲᠣᠲᠣᠷᠠᠬᠢ ᠠᠵᠣ ᠠᠬᠤᠶᠢᠯᠠᠯ ᠢ ᠨᠢᠭᠡ ᠨᠢᠭᠡᠳ ᠢᠶᠠᠷ ᠴᠡᠪᠡᠷᠯᠡᠵᠣ ᠳᠦᠷᠢᠮᠵᠢᠭᠦᠯᠦᠨ᠎ᠡ᠃ | ⑶ ᠣᠶᠣᠨᠵᠢᠭᠰᠠᠨ ᠬᠢᠨᠠᠨ ᠬᠠᠮᠢᠶᠠᠷᠣᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠣᠷᠠᠭ ᠵᠠᠩᠬᠢ ᠬᠠᠷᠢᠯᠴᠠᠨ | ᠨᠡᠪᠲᠡᠷᠡᠯᠴᠡᠬᠦ ᠬᠤᠷᠢᠭ᠎ᠠ ᠰᠠᠭᠠᠳ ᠢ ᠱᠠᠯᠠᠪᠳᠠᠨ ᠨᠡᠪᠲᠡᠷᠡᠭᠦᠯᠵᠣ᠂ ᠲᠣᠣᠷ ᠤᠨ ᠭᠡᠰᠢᠭᠦᠨ ᠤ ᠠᠵᠢᠯ ᠤᠨ ᠡᠭᠦᠷᠭᠡ ᠶᠢ | ᠨᠠᠶᠢᠳᠠᠪᠣᠷᠢᠵᠢᠭᠤᠯᠵᠣ᠂ ᠰᠣᠷᠠᠭ ᠵᠠᠩᠬᠢᠵᠢᠯᠲᠠ᠂ ᠲᠣᠮᠣ ᠳ᠋ᠠᠶᠢᠲ᠋ᠠ ᠶᠢᠨ ᠬᠡᠷᠡᠭᠯᠡᠭᠡ ᠶᠢ ᠰᠠᠶᠢᠲᠣᠷ ᠠᠳᠬᠤᠵᠣ᠂ | ᠲᠠᠷᠢᠶᠠᠯᠠᠩ ᠤᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠰᠣᠷᠠᠭ ᠵᠠᠩᠬᠢᠵᠢᠭᠰᠠᠨ ᠬᠠᠮᠢᠶᠠᠷᠣᠯᠲᠠ ᠶᠢᠨ | ᠪᠠᠶᠢᠭᠤᠯᠣᠯᠲᠠ ᠶᠢ ᠴᠢᠩᠭᠠᠳᠬᠠᠨ᠎ᠠ᠃ ᠰᠠᠭᠤᠷᠢ ᠰᠣᠷᠠᠭ ᠵᠠᠩᠬᠢ ᠶᠢᠨ ᠴᠣᠭᠯᠠᠭᠤᠯᠭ᠎ᠠ ᠶᠢ ᠴᠢᠩᠭᠠᠳᠬᠠᠵᠣ᠂ ᠰᠣᠷᠠᠭ | ᠵᠠᠩᠬᠢ ᠶᠢᠨ ᠲᠤᠭ᠎ᠠ ᠪᠠᠷᠢᠮᠲᠠ ᠶᠢᠨ ᠨᠡᠶᠢᠯᠡᠯ ᠪᠠ ᠬᠠᠮᠲᠣ ᠪᠠᠷ ᠡᠳ᠋ᠯᠡᠬᠦ ᠶᠢ ᠴᠢᠩᠭᠠᠳᠬᠠᠨ᠎ᠠ᠃ ᠰᠣᠷᠠᠭ ᠵᠠᠩᠬᠢᠵᠢᠯᠲᠠ᠂ | ᠲᠣᠮᠣ ᠳ᠋ᠠᠶᠢᠲ᠋ᠠ ᠶᠢᠨ ᠪᠣᠲᠠᠲᠣ ᠬᠡᠷᠡᠭᠯᠡᠭᠡ ᠶᠢ ᠴᠢᠩᠭᠠᠳᠬᠠᠵᠣ᠂ ᠰᠦᠯᠵᠢᠶ᠎ᠡ ᠶᠢᠨ ᠠᠯᠣᠰ ᠠᠴᠠ ᠬᠠᠣᠯᠢ ᠬᠡᠷᠡᠭᠵᠢᠭᠦᠯᠬᠦ | ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠶᠠᠪᠣᠭᠳᠠᠭᠤᠯᠣᠨ᠎ᠠ᠃ ᠲᠣᠮᠣ ᠳ᠋ᠠᠶᠢᠲ᠋ᠠ ᠶᠢᠨ ᠮᠡᠷᠭᠡᠵᠢᠯ ᠪᠣᠯᠣᠨ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠣᠯᠲᠠ᠂ ᠬᠠᠣᠯᠢ ᠬᠡᠷᠡᠭᠵᠢᠭᠦᠯᠵᠣ ᠬᠡᠷᠡᠭ ᠰᠢᠢᠳᠪᠦᠷᠢᠯᠡᠬᠦ᠂ ᠡᠩᠨᠡᠭᠡ ᠶᠢᠨ | ᠬᠠᠮᠢᠶᠠᠷᠣᠯᠲᠠ ᠶᠢ ᠣᠷᠭᠠᠨᠢᠭ ᠢᠶᠠᠷ ᠣᠶᠠᠯᠳᠣᠭᠤᠯᠵᠣ᠂ ᠲᠣᠮᠣ ᠳ᠋ᠠᠶᠢᠲ᠋ᠠ ᠶᠢᠨ ᠬᠡᠷᠡᠭᠯᠡᠭᠡᠨ ᠢᠶᠠᠷ ᠬᠢᠨᠠᠨ ᠬᠠᠮᠢᠶᠠᠷᠣᠯᠲᠠ | ᠤᠨ ᠵᠣᠬᠢᠴᠠᠮᠵᠢ ᠶᠢᠨ ᠦᠭᠡᠷᠡᠴᠢᠯᠡᠯᠲᠡ ᠶᠢ ᠳᠠᠭᠠᠭᠤᠯᠵᠣ᠂ ᠡᠩᠨᠡᠭᠡ ᠶᠢᠨ ᠪᠣᠲᠠᠲᠣ ᠠᠵᠢᠯ ᠤᠨ ᠦᠷ᠎ᠡ ᠠᠰᠢᠭ ᠢ | ᠳᠡᠭᠡᠭᠰᠢᠯᠡᠭᠦᠯᠦᠨ᠎ᠡ᠃ | |