ᠬᠦᠨᠳᠡᠯᠡᠨ ᠲᠤᠭᠤᠷᠢᠬ ᠤᠨ ᠵᠠᠮ ᠬᠠᠷᠢᠯᠴᠠᠭᠠᠨ ᠤ ᠴᠠᠬᠳᠠᠭ᠎ᠠ ᠨᠡᠶᠢᠭᠡᠮ ᠲᠤᠭᠤᠷᠢᠬ ᠲᠤ ᠬᠦᠷᠴᠤ ᠠᠰᠠᠷ ᠤᠨ ᠲᠠᠷᠤᠭ᠎ᠠ ᠶᠢᠨ ᠲᠤᠰᠢᠶᠠᠯ ᠡᠬᠦᠷᠭᠡᠯᠡᠵᠤ ᠠᠮᠤᠷ ᠲᠦᠪᠰᠢᠨ ᠢ ᠪᠠᠳᠤᠯᠠᠨ ᠲᠤᠬᠳᠠᠭᠤᠨ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2018/4/25
      ︽ᠨᠡᠷ᠎ᠠ ᠭᠠᠷᠤᠯ ᠢᠶᠠᠨ ᠢᠯᠡ ᠪᠠᠶᠢᠯᠠᠭᠠᠬᠤ᠂ ᠠᠰᠠᠷ ᠤᠨ ᠲᠠᠷᠤᠭ᠎ᠠ ᠤᠨ ᠲᠤᠰᠢᠶᠠᠯ ᠬᠠᠷᠢᠭᠤᠴᠠᠬᠤ᠂ ᠠᠮᠤᠷ ᠲᠦᠪᠰᠢᠨ ᠢ ᠪᠠᠳᠤᠯᠠᠬᠤ᠂ ᠲᠤᠬᠳᠠᠭᠤᠨ ᠢ ᠬᠠᠮᠠᠭᠠᠯᠠᠬᠤ︾ ᠲᠤᠰᠬᠠᠢ ᠠᠵᠢᠯᠯᠠᠭ᠎ᠠ ᠦᠷᠨᠢᠬᠦᠯᠦᠭᠰᠡᠨ ᠠᠴᠠ ᠨᠠᠰᠢ᠂ ᠬᠦᠨᠳᠠᠯᠠᠨ ᠲᠤᠭᠤᠷᠢᠬ ᠤᠨ ᠵᠠᠮ ᠬᠠᠷᠢᠯᠴᠠᠭᠠᠨ ᠤᠨ ᠴᠠᠬᠳᠠᠭᠠᠨ ᠤ ᠬᠠᠮᠢᠶᠠᠷᠤᠯᠳᠠ ᠶᠢᠨ ᠶᠡᠭᠡ ᠠᠩᠭᠢ ᠶᠢᠨ ᠤᠬᠠᠭᠤᠯᠭ᠎ᠠ ᠶᠢᠨ ᠲᠤᠮᠳᠠ ᠠᠩᠭᠢ ᠶᠢᠨ ᠰᠠᠭᠤᠷᠢ ᠠᠯᠪᠠᠨ ᠠᠵᠢᠯ ᠤᠨ ᠲᠤᠭᠤᠢᠢᠯᠠᠩ ᠠᠵᠢᠯ ᠤᠨ ᠪᠠᠶᠢᠷᠢ ᠤᠨ ᠪᠤᠳᠠᠳᠠᠢ ᠪᠠᠨ ᠤᠶᠠᠯᠳᠤᠭᠤᠯᠵᠤ᠂ ᠠᠵᠢᠯ ᠤᠨ ᠪᠠᠶᠢᠷᠢ ᠶᠢᠨ ᠲᠠᠪᠠᠭᠤᠯᠢᠬ ᠢᠶᠠᠨ ᠬᠦᠢᠴᠡᠳ ᠪᠠᠳᠠᠷᠠᠭᠤᠯᠵᠤ᠂ ᠠᠨ ᠱᠠᠨ ᠵᠠᠮ ᠵᠡᠭᠡᠯᠢ ᠶᠢᠨ ᠭᠡᠷᠡᠭ ᠡᠷᠭᠢᠯᠡᠬᠦ ᠭᠠᠵᠠᠷ ᠲᠠᠢ ᠢᠳᠡᠪᠭᠢᠳᠡᠢ ᠬᠤᠯᠪᠤᠭᠠᠯᠠᠵᠤ᠂ ᠨᠠᠶᠢᠭᠡᠮ ᠲᠤᠭᠤᠷᠢᠬ ᠲᠤ ᠬᠦᠨᠵᠡᠭᠡᠶᠢᠷᠠᠨ ᠡᠷᠤᠭᠡ ᠪᠠᠷ ᠬᠦᠷᠴᠤ ᠰᠠᠭᠤᠷᠢ ᠴᠢᠨᠠᠷᠳᠠᠢ ᠠᠵᠢᠯᠯᠠᠭ᠎ᠠ ᠦᠷᠨᠢᠬᠦᠯᠵᠤ᠂ ᠬᠦᠮᠤᠨ ᠪᠦᠷᠢ ᠶᠢ ᠵᠢᠯᠤᠭᠤᠳᠴᠤ᠂ ᠮᠠᠨ ᠤ ᠬᠤᠳᠠ ᠶᠢᠨ 24 ᠴᠠᠭ ᠤᠨ ︽ᠴᠠᠬᠳᠠᠭ᠎ᠠ ᠲᠤᠪᠴᠢᠶ᠎ᠠ︾ ᠰᠦᠯᠵᠢᠶᠡᠨ ᠳᠤ ᠭᠠᠷᠬᠤ ᠶᠢ ᠵᠢᠭᠠᠵᠤ᠂ ᠪᠠᠰᠠ ︽ᠴᠠᠬᠳᠠᠭ᠎ᠠ ᠲᠤᠪᠴᠢᠶ᠎ᠠ︾᠎ ᠶᠢᠨ ᠭᠡᠪᠴᠢᠶᠡᠨ ᠳᠤ ᠠᠷᠠᠳ ᠲᠤ ᠲᠦᠬᠦᠮ ᠦᠵᠡᠬᠦᠯᠬᠦ᠂ ᠠᠷᠠᠳ ᠲᠤ ᠠᠰᠢᠬ ᠬᠦᠷᠳᠡᠭᠡᠬᠦ᠂ ᠠᠷᠠᠳ ᠤᠨ ᠲᠦᠯᠦᠭᠡ ᠠᠵᠢᠯᠯᠠᠬᠤ ᠠᠷᠭ᠎ᠠ ᠠᠪᠴᠢᠯ ᠤᠨ ᠠᠭᠤᠯᠭ᠎ᠠ ᠶᠢ ᠦᠵᠡᠬᠦᠯᠬᠦ ᠪᠤᠯᠤᠨ ᠲᠠᠶᠢᠯᠤᠮᠵᠢ ᠭᠢᠭᠰᠡᠨ ᠪᠠᠶᠢᠨ᠎ᠠ᠃ ᠬᠠᠮᠳᠤ ᠳᠤᠨᠢ᠂ ︽ᠪᠤᠭᠤᠳᠤ ᠶᠢᠨ ᠵᠠᠮ ᠬᠠᠷᠢᠯᠴᠠᠭᠠᠨ ᠤ ᠴᠠᠬᠳᠠᠭ᠎ᠠ APP︾ ︽ᠵᠠᠮ ᠬᠠᠷᠢᠯᠴᠠᠭᠠᠨ ᠤ ᠬᠠᠮᠢᠶᠠᠷᠤᠯᠳᠠ 12123APP︾ ︽ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠤᠷᠢᠯᠡᠵᠤ ᠲᠦᠷᠭᠡᠨ ᠲᠦᠯᠦᠪᠤᠷᠢᠯᠡᠬᠦ︾ ᠵᠡᠷᠭᠡ ᠶᠢ ᠭᠡᠷᠡᠭᠯᠡᠬᠦ ᠠᠷᠭ᠎ᠠ ᠮᠡᠷᠭᠡᠵᠢᠯ ᠢ ᠲᠡᠯᠭᠡᠷᠡᠬᠦᠯᠦᠭᠰᠡᠨ ᠪᠠᠶᠢᠨ᠎ᠠ᠃ ᠮᠦᠨᠬᠦ ᠭᠠᠯ ᠰᠡᠷᠭᠡᠶᠢᠯᠡᠬᠦ ᠠᠮᠤᠷ ᠲᠦᠪᠰᠢᠨ ᠤ ᠲᠠᠯᠳᠠ ᠭᠡᠮ ᠢ ᠰᠡᠷᠭᠡᠶᠢᠯᠡᠬᠦ᠂ ᠡᠪᠤᠯ ᠤᠨ ᠤᠯᠠᠷᠢᠯ ᠤᠨ ᠲᠠᠷᠭᠡ ᠵᠢᠯᠤᠭᠤᠳᠬᠤ ᠶᠡᠷᠤ ᠶᠢᠨ ᠮᠡᠳᠡᠯᠭᠡ ᠵᠡᠷᠭᠡ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠤ᠂ 24 ᠴᠠᠭ ᠤᠨ ︽ᠴᠠᠬᠳᠠᠭ᠎ᠠ ᠲᠤᠪᠴᠢᠶ᠎ᠠ︾᠎ ᠶᠢᠨ ᠴᠠᠬᠳᠠᠭ᠎ᠠ ᠠᠷᠠᠳ ᠬᠤᠷᠰᠢᠯᠴᠠᠬᠤ᠂ ᠠᠷᠠᠳ ᠢᠷᠭᠡᠳ ᠲᠤ ᠤᠢᠢᠯᠡᠴᠢᠯᠡᠬᠦ ᠴᠠᠳᠠᠪᠭᠢ ᠶᠢ ᠢᠳᠡᠪᠭᠢᠳᠡᠢ ᠬᠦᠢᠴᠡᠳ ᠪᠠᠳᠠᠷᠠᠭᠤᠯᠵᠤ᠂ ᠦᠷᠭᠡᠨ ᠤᠯᠠᠨ ᠲᠦᠮᠡᠨ ᠤ ᠭᠡᠵᠢᠶᠡᠳᠡ 24 ᠴᠠᠭ ᠤᠨ ︽ᠴᠠᠬᠳᠠᠭ᠎ᠠ ᠲᠤᠪᠴᠢᠶ᠎ᠠ︾᠎ ᠶᠢᠨ ᠬᠢᠨ ᠠᠴᠠ ᠲᠤᠳᠤᠭᠠᠳᠤ ᠶᠢ ᠬᠠᠮᠠᠭᠠᠯᠠᠬᠤ ᠠᠵᠢᠯ ᠲᠦᠷᠦᠯ ᠤᠨ ᠲᠤᠬᠠᠢ ᠠᠰᠠᠭᠤᠨ ᠯᠠᠪᠯᠠᠬᠤ ᠶᠢ ᠪᠠᠶᠠᠷᠯᠠᠨ ᠤᠬᠳᠤᠵᠤ᠂ ᠤᠯᠠᠨ ᠲᠦᠮᠡᠨ ᠤ ᠬᠠᠤᠯᠢ ᠠᠴᠠ ᠵᠦᠷᠢᠴᠡᠵᠤ ᠶᠠᠯ᠎ᠠ ᠭᠢᠬᠦ ᠮᠦᠷ ᠰᠤᠷᠠᠭ ᠵᠢᠴᠢ ᠰᠦᠪᠡᠭᠴᠢ ᠪᠦᠬᠦᠢ ᠵᠦᠢᠯ ᠢ ᠢᠳᠡᠪᠭᠢᠳᠡᠢ ᠮᠡᠳᠡᠬᠦᠯᠬᠦ ᠶᠢ ᠵᠤᠷᠢᠬᠵᠢᠭᠤᠯᠤᠬᠰᠠᠨ ᠪᠠᠶᠢᠨ᠎ᠠ᠃      ᠡᠳᠡᠭᠡᠷ ᠨᠢ ᠦᠷᠭᠡᠨ ᠤᠯᠠᠨ ᠲᠦᠮᠡᠨ ᠤ ᠦᠷᠭᠡᠨ ᠲᠡᠯᠭᠡᠷᠡᠩᠬᠦᠢ ᠮᠠᠬᠳᠠᠭᠠᠯ ᠰᠠᠶᠢᠰᠢᠶᠠᠯ ᠢ ᠬᠦᠷᠳᠡᠵᠤ᠂ ᠰᠢᠭᠤᠤᠨ ᠬᠠᠷᠢᠶ᠎ᠠ ᠲᠤᠭᠤᠷᠢᠬ ᠤᠨ ᠲᠤᠳᠤᠭᠠᠳᠤ ᠳᠠᠭᠠᠨ ᠴᠠᠭᠳᠠᠭ᠎ᠠ ᠠᠷᠠᠳ ᠰᠠᠨᠠᠭ᠎ᠠ ᠰᠡᠳᠭᠢᠯ ᠢᠶᠠᠨ ᠨᠢᠭᠡᠳᠭᠡᠨ ᠠᠮᠤᠷ ᠲᠦᠪᠰᠢᠨ ᠢ ᠪᠠᠳᠤᠯᠠᠬᠤ ᠰᠢᠯᠢᠳᠡᠭ ᠰᠠᠶᠢᠨ ᠬᠤᠷᠰᠢᠯ ᠤᠨ ᠤᠷᠴᠢᠨ ᠲᠤᠭᠤᠷᠢᠨ ᠢ ᠪᠤᠢ ᠪᠤᠯᠭᠠᠵᠤ ᠴᠢᠳᠠᠵᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号