ᠬᠦᠨᠳᠡᠯᠡᠨ ᠲᠣᠭᠤᠷᠢᠭ ᠤᠨ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2018/4/25

      ᠬᠦᠨᠳᠡᠯᠡᠨ ᠲᠣᠭᠤᠷᠢᠭ ᠨᠢ ᠬᠦᠬᠡᠬᠤᠲᠠ ᠪᠣᠭᠤᠲᠣ ᠢᠷᠭᠠᠢ ᠢᠦᠢ ᠯᠢᠨ ᠤ ᠠᠵᠣ ᠠᠬᠤᠢ ᠶᠢᠨ

ᠣᠷᠣᠨ ᠪᠠ ᠬᠦᠬᠡᠬᠤᠲᠠ ᠪᠣᠭᠤᠲᠣ ᠣᠷᠳᠣᠰ ᠤᠨ ᠠᠯᠲᠠᠨ ᠭᠤᠷᠪᠠᠯᠵᠢᠨ ᠣᠷᠣᠨ ᠤ ᠬᠦᠢᠰᠣ ᠣᠷᠣᠨ ᠳᠤ

ᠪᠠᠶᠢᠷᠢᠯᠠᠵᠣ᠂ ᠪᠣᠭᠤᠲᠣ ᠬᠤᠲᠠ ᠶᠢᠨ ᠠᠵᠣ ᠠᠬᠤᠢ᠂ ᠰᠣᠶᠣᠯ ᠪᠠ ᠰᠢᠨᠵᠢᠯᠡᠬᠦ ᠣᠬᠠᠭᠠᠨ ᠰᠣᠷᠭᠠᠨ ᠬᠦᠮᠦᠵᠢᠯ ᠤᠨ

ᠲᠦᠪ ᠪᠣᠯᠳᠠᠭ᠃ ᠲᠣᠰ ᠣᠷᠣᠨ ᠤ ᠶᠡᠷᠦᠩᠬᠡᠢ ᠲᠠᠯᠠᠪᠠᠢ 301 ᠲᠡᠭᠰᠢ ᠳᠦᠷᠪᠡᠯᠵᠢᠨ ᠺᠢᠯᠣᠮᠧᠲᠷ᠂ ᠡᠭᠦᠨ ᠳᠤ

ᠨᠢᠭᠡᠨᠲᠡ ᠪᠠᠶᠢᠭᠤᠯᠣᠭᠰᠠᠨ ᠣᠷᠣᠨ ᠤ ᠲᠠᠯᠠᠪᠠᠢ 72 ᠲᠡᠭᠰᠢ ᠳᠦᠷᠪᠡᠯᠵᠢᠨ ᠺᠢᠯᠣᠮᠧᠲᠷ᠃ ᠬᠦᠮᠦᠨ ᠠᠮᠠ 78.61

ᠲᠦᠮᠡ᠂ ᠡᠭᠦᠨ ᠳᠤ ᠴᠦᠬᠡᠨ ᠲᠣᠭᠠᠲᠣ ᠦᠨᠳᠦᠰᠦᠲᠡᠨ ᠤ ᠬᠦᠮᠦᠨ ᠠᠮᠠ 44109 ᠬᠦᠮᠦᠨ ︵ᠮᠣᠩᠭᠤᠯ

ᠦᠨᠳᠦᠰᠦᠲᠡᠨ 24036 ᠬᠦᠮᠦᠨ ᠢ ᠪᠠᠭᠲᠠᠭᠠᠨ᠎ᠠ︶᠃ ᠬᠤᠶᠠᠷ ᠪᠠᠯᠭᠠᠰᠣ᠂ 13 ᠵᠡᠭᠡᠯᠢ ᠭᠤᠳᠣᠮᠵᠢ᠂ 24

ᠵᠠᠰᠠᠭ ᠵᠠᠬᠢᠷᠭᠠᠨ ᠤ ᠳᠣᠰᠬᠤᠨ᠂ 78 ᠨᠡᠶᠢᠭᠡᠮ ᠲᠣᠭᠤᠷᠢᠭ ᠢ ᠬᠠᠮᠣᠷᠳᠠᠭ᠃ ᠦᠨᠳᠦᠰᠦᠲᠡᠨ ᠱᠠᠲᠣᠨ ᠤ ᠨᠠᠮ ᠤᠨ

ᠵᠣᠬᠢᠶᠠᠨ ᠪᠠᠶᠢᠭᠤᠯᠣᠯᠲᠠ ᠨᠡᠶᠢᠲᠡ 862 ᠪᠠᠶᠢᠳᠠᠭ  ᠨᠠᠮ ᠤᠨ ᠠᠵᠢᠯ ᠤᠨ ᠳᠣᠭᠤᠶᠢᠯᠠᠩ 17᠂ ᠨᠠᠮ ᠤᠨ ᠬᠤᠷᠢᠶ᠎ᠠ

66᠂ ᠨᠠᠮ ᠤᠨ ᠡᠭᠦᠷ 71᠂ ᠨᠠᠮ ᠤᠨ ᠰᠠᠯᠪᠣᠷᠢ ᠡᠭᠦᠷ 725 ᠪᠠᠶᠢᠵᠣ᠂ ᠣᠳᠣ 16415 ᠨᠠᠮ ᠤᠨ ᠭᠡᠰᠢᠭᠦᠨ

 ᠲᠠᠢ᠃

      ᠦᠪᠡᠷᠲᠡᠭᠡᠨ ᠵᠠᠰᠠᠬᠤ ᠣᠷᠣᠨ ᠤ ᠬᠠᠲᠣᠨ ᠭᠤᠣᠯ ᠪᠠ ᠭᠤᠣᠯ ᠵᠠᠮ ᠱᠣᠭᠤᠮ ᠳᠠᠭᠠᠭᠰᠠᠨ ᠴᠦᠮ᠎ᠡ ᠣᠷᠣᠨ᠂

ᠪᠣᠭᠤᠲᠣ ᠬᠤᠲᠠ ᠶᠢᠨ ᠭᠤᠣᠯ ᠬᠡᠰᠡᠭ ᠪᠠ ᠦᠪᠡᠷᠲᠡᠭᠡᠨ ᠵᠠᠰᠠᠬᠤ ᠣᠷᠣᠨ ᠤ ᠬᠠᠮᠤᠭ ᠲᠣᠮᠣ ᠠᠵᠣ ᠦᠢᠯᠡᠳᠪᠦᠷᠢ

 ᠶᠢᠨ ᠠᠵᠣ ᠠᠬᠤᠶᠢᠯᠠᠯ —— ᠪᠣᠭᠤᠲᠣ ᠪᠣᠯᠣᠳ ︵ᠪᠦᠯᠦᠭᠯᠡᠯ︶ ᠺᠣᠮᠫᠠᠨᠢ ᠶᠢᠨ ᠪᠠᠶᠢᠭ᠎ᠠ ᠭᠠᠵᠠᠷ ᠪᠣᠯᠣᠭᠰᠠᠨ ᠤ

ᠬᠤᠪᠢ ᠳᠤ ᠬᠦᠨᠳᠡᠯᠡᠨ ᠲᠣᠭᠤᠷᠢᠭ ᠤᠨ ᠬᠦᠮᠦᠨ ᠣᠷᠣᠰᠬᠠᠯ᠂ ᠪᠣᠳᠠᠰ ᠤᠨ ᠭᠦᠢᠯᠭᠡᠭᠡᠨ᠂ ᠬᠦᠷᠦᠩᠭᠡ ᠶᠢᠨ

ᠭᠦᠢᠯᠭᠡᠭᠡᠨ ᠨᠢᠭᠲᠠᠷᠠᠵᠣ᠂ ᠣᠷᠣᠨ ᠪᠠᠶᠢᠷᠢᠯᠠᠯ᠂ ᠠᠵᠣ ᠦᠢᠯᠡᠰ᠂ ᠮᠡᠷᠭᠡᠵᠢᠯ᠂ ᠴᠢᠳᠠᠪᠣᠷᠢᠲᠠᠨ ᠵᠡᠷᠭᠡ ᠣᠯᠠᠨ

ᠳᠠᠪᠠᠭᠤᠯᠢᠭ ᠲᠠᠢ ᠪᠠᠶᠢᠳᠠᠭ᠃ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ ᠮᠠᠰᠢ ᠳᠦᠭᠦᠮ ᠪᠠᠶᠢᠵᠣ᠂ ᠨᠡᠶᠢᠭᠡᠮ ᠤᠨ

ᠠᠵᠢᠯ ᠦᠢᠯᠡᠰ ᠬᠦᠭᠵᠢᠵᠣ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ ᠨᠡᠶᠢᠳᠡᠮ ᠪᠦᠷᠬᠦᠵᠣ᠂ ᠬᠤᠲᠠ ᠶᠢᠨ

ᠰᠠᠭᠤᠷᠢ ᠳᠦᠬᠦᠬᠡᠷᠦᠮᠵᠢ ᠶᠢᠨ ᠠᠴᠢᠶᠠᠯᠠᠬᠤ ᠬᠦᠴᠦᠨ ᠴᠢᠩᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ

ᠲᠡᠭᠦᠯᠳᠡᠷ᠂ ᠨᠢᠭᠡᠨᠲᠡ ᠪᠠᠶᠢᠭᠤᠯᠣᠭᠰᠠᠨ ᠣᠷᠣᠨ ᠤ ᠨᠣᠭᠤᠭᠠᠷᠠᠭᠤᠯᠣᠭᠰᠠᠨ ᠨᠣᠷᠮ᠎ᠠ 40.2% ᠬᠦᠷᠴᠣ᠂ ᠣᠯᠠᠨ

ᠨᠡᠶᠢᠲᠡ ᠶᠢᠨ ᠨᠣᠭᠤᠭᠠᠷᠠᠭᠤᠯᠣᠭᠰᠠᠨ ᠭᠠᠵᠠᠷ ᠤᠨ ᠲᠠᠯᠠᠪᠠᠢ ᠬᠦᠮᠦᠨ ᠳᠣᠮᠳᠠᠴᠢ 12 ᠲᠡᠭᠰᠢ ᠳᠦᠷᠪᠡᠯᠵᠢᠨ ᠮᠧᠲᠷ

ᠬᠦᠷᠴᠡᠢ᠃ ᠬᠠᠷᠢᠶ᠎ᠠ ᠣᠷᠣᠨ ᠳᠠᠭᠠᠨ ᠦᠪᠦᠷ ᠮᠣᠩᠭᠤᠯ ᠤᠨ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠶᠡᠭᠡ

ᠰᠣᠷᠭᠠᠭᠤᠯᠢ ᠵᠡᠷᠭᠡ 3 ᠶᠡᠭᠡ ᠳᠡᠭᠡᠳᠣ ᠰᠣᠷᠭᠠᠭᠤᠯᠢ ᠪᠠ ᠳᠣᠮᠳᠠᠳᠣ ᠣᠯᠣᠰ ᠤᠨ ᠬᠠᠶᠢᠯᠣᠰᠢ ᠶᠢᠨ ᠪᠦᠯᠦᠭᠯᠡᠯ ᠤᠨ

ᠪᠣᠭᠤᠲᠣ ᠳᠠᠬᠢ ᠪᠣᠯᠣᠳ ᠲᠡᠮᠣᠷ ᠤᠨ ᠲᠦᠯᠦᠪᠯᠡᠯᠭᠡᠨ ᠰᠣᠳᠣᠯᠭᠠᠨ ᠤ ᠬᠦᠷᠢᠶᠡᠯᠡᠩ ᠵᠡᠷᠭᠡ 8 ᠰᠣᠳᠣᠯᠭᠠᠨ ᠤ ᠭᠠᠵᠠᠷ

ᠪᠠᠶᠢᠳᠠᠭ᠃ ᠣᠳᠣ ᠳᠣᠮᠳᠠᠳᠣ ᠪᠠᠭ᠎ᠠ 59 ᠪᠠᠶᠢᠵᠣ᠂ ᠰᠣᠷᠭᠠᠭᠤᠯᠢ ︵ᠴᠡᠴᠡᠷᠯᠢᠭ︶ ᠳᠤ ᠪᠠᠶᠢᠭ᠎ᠠ ᠰᠣᠷᠣᠭᠴᠢ

ᠨᠡᠶᠢᠲᠡ 96431 ᠬᠦᠮᠦᠨ᠂ ᠠᠵᠢᠯᠯᠠᠵᠣ ᠪᠠᠶᠢᠭ᠎ᠠ ᠪᠠᠭᠰᠢ ᠠᠵᠢᠯᠲᠠᠨ 6956 ᠬᠦᠮᠦᠨ᠃ ᠨᠢᠭᠡᠳᠦᠭᠡᠷ ᠳᠡᠰ ᠤᠨ

ᠵᠢᠩᠬᠢᠨᠢ ᠠᠩᠬᠢ ᠶᠢᠨ ᠬᠤᠪᠢ ᠳᠤ ᠬᠦᠷᠦᠭᠰᠡᠨ ᠨᠢ ᠨᠡᠶᠢᠲᠡ 7548 ᠬᠦᠮᠦᠨ ᠪᠣᠯᠵᠣ᠂ ᠬᠤᠪᠢ ᠳᠤ ᠬᠦᠷᠦᠭᠰᠡᠨ

ᠨᠣᠷᠮ᠎ᠠ 32% ᠪᠠᠶᠢᠵᠣ᠂ ᠪᠦᠬᠦ ᠬᠤᠲᠠ ᠶᠢᠨ ᠬᠤᠪᠢ ᠳᠤ ᠬᠦᠷᠦᠭᠰᠡᠨ ᠪᠦᠬᠦ ᠬᠦᠮᠦᠨ ᠤ ᠭᠤᠷᠪᠠᠨ ᠤ ᠨᠢᠭᠡ ᠠᠴᠠ

ᠳᠡᠭᠡᠭᠰᠢᠬᠢ ᠶᠢ ᠡᠵᠡᠯᠡᠳᠡᠭ᠃ 59 ᠨᠡᠷ᠎ᠡ ᠳᠡᠭᠡᠳᠣ ᠳᠣᠮᠳᠠᠳᠣ ᠶᠢᠨ ᠲᠡᠭᠦᠰᠦᠭᠰᠡᠨ ᠰᠣᠷᠣᠭᠴᠢ ᠴᠢᠩᠬᠤᠸᠠ ᠶᠡᠭᠡ

ᠰᠣᠷᠭᠠᠭᠤᠯᠢ᠂ ᠪᠡᠭᠡᠵᠢᠩ ᠤᠨ ᠶᠡᠭᠡ ᠰᠣᠷᠭᠠᠭᠤᠯᠢ ᠳᠤ ᠣᠷᠣᠵᠣ᠂ ᠪᠦᠬᠦ ᠬᠤᠲᠠ ᠶᠢᠨ ᠶᠡᠷᠦᠩᠬᠡᠢ ᠲᠤᠭ᠎ᠠ ᠶᠢᠨ 51.

75% ᠶᠢ ᠡᠵᠡᠯᠡᠵᠣ᠂ ᠰᠣᠷᠭᠠᠭᠤᠯᠢ ᠡᠷᠬᠢᠯᠡᠬᠦ ᠬᠡᠪᠴᠢᠶ᠎ᠡ᠂ ᠰᠣᠷᠭᠠᠭᠤᠯᠢ ᠡᠷᠬᠢᠯᠡᠬᠦ ᠬᠢᠷᠢ ᠲᠦᠪᠰᠢᠨ ᠨᠢ ᠪᠣᠭᠤᠲᠣ

ᠬᠤᠲᠠ᠂ ᠲᠡᠷᠡᠴᠢᠯᠡᠨ ᠦᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡ ᠳᠤ ᠣᠷᠣᠳᠠᠭ᠃ ᠣᠷᠴᠢᠮ ᠤᠨ ᠵᠢᠯ

 ᠠᠴᠠ ᠬᠦᠨᠳᠡᠯᠡᠨ ᠲᠣᠭᠤᠷᠢᠭ ᠨᠢ ᠣᠯᠣᠰ ᠤᠨ ᠮᠡᠳᠡᠯᠭᠡ ᠶᠢᠨ ᠦᠮᠴᠢᠯᠡᠬᠦ ᠡᠷᠬᠡ ᠶᠢᠨ ᠢᠨᠵᠧᠨᠧᠷᠢᠩ ᠤᠨ ᠲᠣᠷᠰᠢᠬᠤ

ᠰᠢᠶᠠᠨ ︵ᠲᠣᠭᠤᠷᠢᠭ︶᠂ ᠣᠯᠣᠰ ᠤᠨ ᠬᠤᠲᠠ ᠲᠣᠭᠤᠷᠢᠭ ᠲᠠᠬᠢ ᠬᠠᠭᠤᠴᠢᠨ ᠠᠵᠣ ᠦᠢᠯᠡᠳᠪᠦᠷᠢ ᠶᠢᠨ

ᠲᠣᠭᠤᠷᠢᠭ ᠢ ᠨᠡᠭᠦᠯᠭᠡᠨ ᠦᠭᠡᠷᠴᠢᠯᠡᠬᠦ ᠲᠣᠷᠰᠢᠬᠤ ᠴᠡᠭ᠂ ᠪᠦᠬᠦ ᠣᠯᠣᠰ ᠤᠨ ᠰᠠᠶᠢᠨ ᠳᠣᠷ᠎ᠠ ᠶᠢᠨ ᠦᠢᠯᠡᠴᠢᠯᠡᠭᠡ ᠶᠢ

ᠲᠡᠮᠳᠡᠭᠯᠡᠬᠦ ᠳᠦᠷᠢᠮ ᠢ ᠲᠣᠷᠰᠢᠬᠤ ᠣᠷᠣᠨ᠂ ᠣᠯᠣᠰ ᠤᠨ ᠣᠶᠣᠨᠴᠢ ᠨᠡᠶᠢᠭᠡᠮ ᠲᠣᠭᠤᠷᠢᠭ ᠤᠨ ᠪᠦᠲᠦᠭᠡᠨ

ᠪᠠᠶᠢᠭᠤᠯᠣᠯᠲᠠ ᠶᠢᠨ ᠲᠣᠷᠰᠢᠬᠤ ᠴᠡᠭ ᠵᠡᠷᠭᠡ ᠣᠯᠠᠨ ᠠᠵᠢᠯ ᠤᠨ ᠲᠣᠷᠰᠢᠯᠲᠠ ᠶᠢᠨ ᠴᠡᠭ ᠲᠤ ᠬᠠᠮᠣᠷᠣᠭᠳᠠᠵᠠᠢ᠃

ᠣᠯᠣᠰ ᠤᠨ ᠰᠢᠨ᠎ᠡ ᠬᠡᠯᠪᠡᠷᠢ ᠤᠨ ᠬᠤᠲᠠ ᠪᠠᠯᠭᠠᠰᠣᠴᠢᠯᠲᠠ ᠶᠢᠨ ᠴᠢᠨᠠᠷ ᠴᠢᠨᠰᠠᠭ᠎ᠠ ᠶᠢᠨ ᠵᠠᠭᠤᠨ ᠰᠢᠯᠢᠳᠡᠭ

ᠲᠣᠭᠤᠷᠢᠭ᠂ ᠣᠯᠣᠰ ᠤᠨ ᠣᠷᠴᠢᠯᠲᠣ ᠠᠵᠣ ᠠᠬᠤᠢ ᠶᠢᠨ ᠵᠢᠱᠢᠶ᠎ᠡ ᠦᠵᠡᠭᠦᠯᠬᠦ ᠴᠦᠮ᠎ᠡ ᠣᠷᠣᠨ᠂ ᠣᠯᠣᠰ ᠤᠨ

ᠳᠡᠰ ᠤᠨ ᠡᠯᠧᠺᠲᠷᠣᠨ ᠬᠤᠳᠠᠯᠳᠤᠭ᠎ᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠦᠬᠦ ᠣᠯᠣᠰ ᠤᠨ ᠰᠢᠨᠵᠢᠯᠡᠭᠡ

ᠮᠡᠷᠭᠡᠵᠢᠯ ᠤᠨ ᠳᠠᠪᠰᠢᠯᠲᠠ ᠶᠢᠨ ᠲᠡᠷᠢᠭᠦᠨ ᠤ ᠲᠣᠭᠤᠷᠢᠭ᠂ ᠪᠦᠬᠦ ᠣᠯᠣᠰ ᠤᠨ ᠰᠣᠶᠣᠯ ᠤᠨ ᠲᠡᠷᠢᠭᠦᠨ ᠤ

ᠲᠣᠭᠤᠷᠢᠭ᠂ ᠪᠦᠬᠦ ᠣᠯᠣᠰ ᠤᠨ ᠭᠤᠷᠪᠠᠳᠠᠭᠴᠢ ᠪᠦᠯᠦᠭ ᠬᠠᠣᠯᠢ ᠵᠠᠰᠠᠯᠲᠠ ᠶᠢᠨ ᠪᠦᠲᠦᠭᠡᠨ ᠪᠠᠶᠢᠭᠤᠯᠣᠯᠲᠠ ᠶᠢᠨ

ᠲᠡᠷᠢᠭᠦᠨ ᠤ ᠲᠣᠭᠤᠷᠢᠭ᠂ ᠠᠩᠬᠠᠳᠠᠭᠴᠢ ᠪᠦᠯᠦᠭ ᠪᠦᠬᠦ ᠣᠯᠣᠰ ᠤᠨ ᠨᠡᠶᠢᠭᠡᠮ ᠤᠨ ᠠᠵᠢᠯ ᠤᠨ ᠦᠢᠯᠡᠴᠢᠯᠡᠭᠡ ᠶᠢ

ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠣᠯᠲᠠ ᠶᠢᠨ ᠵᠢᠱᠢᠶ᠎ᠡ ᠦᠵᠡᠭᠦᠯᠬᠦ ᠲᠣᠭᠤᠷᠢᠭ᠂ ᠦᠪᠡᠷᠲᠡᠭᠡᠨ ᠵᠠᠰᠠᠬᠤ

ᠣᠷᠣᠨ ᠤ ᠪᠣᠯᠪᠠᠰᠣᠨ ᠬᠤᠲᠠ ᠲᠣᠭᠤᠷᠢᠭ᠂ ᠦᠪᠡᠷᠲᠡᠭᠡᠨ ᠵᠠᠰᠠᠬᠤ ᠣᠷᠣᠨ ᠤ ᠰᠣᠷᠭᠠᠭᠤᠯᠢ ᠶᠢᠨ ᠬᠦᠯ ᠪᠦᠮᠪᠦᠭᠡ

 ᠶᠢᠨ ᠰᠢᠯᠢᠳᠡᠭ ᠬᠤᠰᠢᠭᠤ ᠰᠢᠶᠡᠨ ᠲᠣᠭᠤᠷᠢᠭ᠂ ᠦᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ

ᠣᠷᠣᠨ᠂ ᠦᠪᠡᠷᠲᠡᠭᠡᠨ ᠵᠠᠰᠠᠬᠤ ᠣᠷᠣᠨ ᠤ ᠲᠣᠭᠲᠠᠭᠤᠨ ᠢ ᠬᠠᠮᠠᠭᠠᠯᠠᠬᠤ ᠨᠡᠶᠢᠲᠡᠯᠢᠭ ᠵᠢᠱᠢᠶ᠎ᠡ ᠦᠵᠡᠭᠦᠯᠬᠦ ᠣᠷᠣᠨ᠂

ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠣᠨ ᠤ ᠰᠠᠭᠤᠷᠢ ᠪᠦᠲᠦᠭᠡᠨ

ᠪᠠᠶᠢᠭᠤᠯᠣᠯᠲᠠ ᠶᠢᠨ ︽ᠲᠠᠪᠣᠨ ᠣᠳᠣᠳᠣ︾ ᠪᠠᠷᠢᠮᠵᠢᠶ᠎ᠠ ᠳᠤ ᠬᠦᠷᠦᠭᠰᠡᠨ ᠵᠢᠱᠢᠶ᠎ᠡ ᠦᠵᠡᠭᠦᠯᠬᠦ ᠲᠣᠭᠤᠷᠢᠭ ᠵᠡᠷᠭᠡ

ᠢᠷᠠᠭᠤ ᠠᠯᠳᠠᠷ ᠢ ᠬᠦᠷᠲᠡᠵᠡᠢ᠃ ᠬᠦᠨᠳᠡᠯᠡᠨ ᠲᠣᠭᠤᠷᠢᠭ ᠤᠨ ᠠᠯᠳᠠᠷ ᠨᠡᠷ᠎ᠡ ᠨᠢᠭᠡᠨᠲᠡ ᠨᠡᠩ ᠦᠨᠳᠦᠷ ᠬᠢᠷᠢ

ᠲᠦᠪᠰᠢᠨ ᠳᠤ ᠬᠦᠷᠴᠣ᠂ ᠨᠡᠩ ᠣᠯᠠᠨ ᠠᠩᠬᠠᠷᠣᠯ ᠢ ᠲᠠᠲᠠᠭᠰᠠᠨ ᠳᠠᠪᠴᠠᠩ ᠳᠤ ᠪᠠᠭᠲᠠᠬᠤ ᠪᠣᠯᠵᠠᠢ᠃

   2017 ᠣᠨ ᠪᠣᠯ ᠨᠠᠮ ᠤᠨ ︽ᠠᠷᠪᠠᠨ ᠶᠢᠰᠦᠳᠦᠭᠡᠷ ᠶᠡᠭᠡ ᠬᠤᠷᠠᠯ︾ ᠶᠠᠪᠣᠭᠳᠠᠭᠰᠠᠨ ᠣᠨ ᠮᠥᠨ᠂ ᠰᠢ

 ᠶᠢᠨ ᠫᠢᠩ ᠶᠡᠷᠦᠩᠬᠡᠢ ᠱᠦᠵᠢ ᠪᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠲᠤᠭ ᠡᠷᠭᠦᠨ ᠵᠦᠭ

ᠲᠣᠭᠲᠠᠭᠠᠵᠣ᠂ ᠬᠦᠯᠭᠡ ᠦᠷᠦᠨ ᠪᠠᠶᠢᠷᠢ ᠲᠣᠭᠲᠠᠭᠠᠵᠣ᠂ ᠰᠠᠭᠤᠷᠢ ᠪᠠᠲᠣᠵᠢᠭᠤᠯᠣᠨ ᠦᠨᠳᠦᠰᠦ ᠶᠢ

ᠴᠢᠩᠭᠠᠷᠠᠭᠤᠯᠣᠭᠰᠠᠨ ᠴᠢᠬᠤᠯᠠ ᠨᠢᠭᠡᠨ ᠵᠢᠯ ᠮᠥᠨ᠂ ᠪᠠᠰᠠᠴᠣ ᠮᠠᠨ ᠤ ᠲᠣᠭᠤᠷᠢᠭ ᠤᠨ ᠬᠦᠭᠵᠢᠯᠲᠡ ᠶᠢᠨ ᠠᠬᠢᠴᠠ

ᠳᠣᠮᠳᠠᠬᠢ ᠮᠠᠰᠢ ᠵᠢᠷ ᠤᠨ ᠪᠣᠰᠣ ᠨᠢᠭᠡᠨ ᠵᠢᠯ ᠮᠥᠨ᠃ ᠬᠦᠨᠳᠣ ᠪᠣᠳᠣᠯᠢᠶᠠᠨᠲᠠᠢ ᠠᠵᠣ ᠠᠬᠤᠢ ᠶᠢᠨ ᠪᠠᠶᠢᠳᠠᠯ ᠪᠠ

ᠬᠦᠴᠢᠷ ᠪᠡᠷᠬᠡᠲᠡᠢ ᠦᠭᠡᠷᠡᠴᠢᠯᠡᠯᠲᠡ ᠬᠦᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠪᠦᠬᠦ ᠲᠣᠭᠤᠷᠢᠭ ᠤᠨ

ᠳᠡᠭᠡᠷ᠎ᠡ ᠳᠣᠣᠷ᠎ᠠ ᠱᠠᠲᠣ ᠪᠠᠷ ᠢᠶᠠᠨ ᠴᠦᠮ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ

ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠣᠳᠣᠯᠭ᠎ᠠ ᠪᠠᠶᠢᠷᠢᠯᠠᠭᠤᠯᠣᠲᠠ ᠶᠢ ᠨᠠᠷᠢᠨ ᠬᠢᠨᠠᠮᠠᠭᠠᠢ ᠲᠣᠣᠱᠯᠠᠭᠤᠯᠵᠣ᠂

ᠬᠦᠭᠵᠢᠯᠲᠡ ᠶᠢᠨ ᠳᠣᠬᠢᠶᠠᠯ ᠢ ᠵᠠᠪᠳᠣᠨ ᠡᠵᠡᠮᠰᠢᠬᠦ ᠶᠠᠪᠣᠴᠠ ᠳᠠᠭᠠᠨ ᠴᠡᠭᠡᠵᠢ ᠲᠡᠨᠡᠶᠢᠨ ᠣᠷᠣᠭᠰᠢᠯᠠᠵᠣ᠂

ᠲᠦᠭᠰᠢᠭᠦᠷᠢ ᠦᠷᠢᠰᠦᠯᠳᠦᠭᠡᠨ ᠢ ᠢᠯᠠᠨ ᠳᠠᠪᠠᠭ᠋ᠣ ᠶᠠᠪᠣᠴᠠ ᠳᠠᠭᠠᠨ ᠬᠦᠴᠢᠷ ᠢ ᠲᠣᠭᠤᠯᠣᠨ ᠠᠬᠢᠵᠣ᠂ ᠠᠵᠣ ᠠᠬᠤᠢ

ᠨᠡᠶᠢᠭᠡᠮ ᠤᠨ ᠬᠦᠭᠵᠢᠯᠲᠡ ᠨᠢ ᠲᠣᠭᠲᠠᠭᠤᠨ ᠤ ᠳᠣᠮᠳᠠ ᠣᠷᠣᠭᠰᠢᠯᠠᠵᠣ᠂ ᠲᠣᠭᠲᠠᠭᠤᠨ ᠤ ᠳᠣᠮᠳᠠ ᠰᠠᠶᠢᠵᠢᠷᠠᠵᠣ᠂

ᠲᠣᠭᠲᠠᠭᠤᠨ ᠤ ᠳᠣᠮᠳᠠ ᠴᠢᠨᠠᠷᠵᠢᠬᠤ ᠬᠠᠨᠳᠣᠰᠢ ᠲᠠᠢ ᠪᠣᠯᠵᠠᠢ᠃ ᠪᠦᠬᠦ ᠣᠯᠣᠰ ᠤᠨ ᠶᠡᠷᠦᠩᠬᠡᠶᠢᠯᠡᠭᠰᠡᠨ ᠪᠣᠲᠠᠲᠣ

ᠬᠦᠴᠦᠨ ᠤ ᠵᠠᠭᠤᠨ ᠲᠣᠭᠤᠷᠢᠭ ᠳᠣᠮᠳᠠᠬᠢ ᠳᠠᠷᠠᠭᠠᠯᠠᠯ ᠨᠢ ᠨᠢᠳᠣᠨᠣᠨ ᠤ 26 ᠳ᠋ᠣᠭᠠᠷ ᠪᠠᠶᠢᠭᠰᠠᠨ ᠠᠴᠠ ᠪᠠᠨ 24

ᠳ᠋ᠣᠭᠡᠷ ᠲᠤ ᠬᠦᠷᠲᠡᠯ᠎ᠡ ᠳᠡᠭᠡᠭᠰᠢᠯᠡᠵᠣ᠂ ᠪᠣᠭᠤᠲᠣ ᠬᠤᠲᠠ ᠶᠢᠨ ᠲᠡᠷᠢᠭᠦᠨ ᠪᠠᠶᠢᠷᠢ᠂ ᠦᠪᠡᠷᠲᠡᠭᠡᠨ ᠵᠠᠰᠠᠬᠤ ᠣᠷᠣᠨ ᠤ

ᠲᠡᠷᠢᠭᠦᠨ ᠡᠩᠨᠡᠭᠡᠨ ᠳᠤ ᠯᠠᠪᠳᠠᠭᠤᠨ ᠵᠢᠭᠰᠠᠭᠠᠭᠳᠠᠵᠠᠢ᠃

   2018 ᠣᠨ ᠪᠣᠯ ᠨᠠᠮ ᠤᠨ ︽ᠠᠷᠪᠠᠨ ᠶᠢᠰᠦᠳᠦᠭᠡᠷ ᠶᠡᠭᠡ ᠬᠤᠷᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ

 ᠪᠠᠷ ᠲᠣᠣᠱᠯᠠᠭᠤᠯᠣᠨ ᠬᠡᠷᠡᠭᠵᠢᠭᠦᠯᠬᠦ ᠡᠬᠢᠨ ᠤ ᠵᠢᠯ ᠮᠥᠨ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ

ᠲᠦᠯᠦᠪᠵᠢᠭᠦᠯᠭᠡ ᠶᠢ ᠭᠦᠨᠵᠡᠭᠡᠢ ᠬᠡᠷᠡᠭᠵᠢᠭᠦᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ

ᠲᠡᠮᠡᠴᠡᠯ ᠤᠨ ᠪᠣᠭᠤᠮᠲᠠ ᠰᠢᠪᠲᠣᠯᠬᠤ ᠵᠢᠯ ᠮᠥᠨ᠂ ᠮᠠᠨ ᠤ ᠲᠣᠭᠤᠷᠢᠭ ᠨᠢ ᠰᠢ ᠶᠢᠨ ᠫᠢᠩ ᠤᠨ ᠰᠢᠨ᠎ᠡ ᠴᠠᠭ ᠦᠶ᠎ᠡ

 ᠶᠢᠨ ᠳᠣᠮᠳᠠᠳᠣ ᠣᠯᠣᠰ ᠤᠨ ᠣᠨᠴᠠᠯᠢᠭᠲᠣ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠣᠯᠭᠠᠵᠣ᠂

︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠣᠯᠲᠠ ᠶᠢ ᠨᠢᠭᠡᠲᠦᠯᠲᠡᠢ ᠠᠬᠢᠭᠤᠯᠵᠣ᠂ ︽ᠳᠦᠷᠪᠡᠨ

ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠵᠣᠬᠢᠴᠠᠭᠤᠯᠣᠨ ᠠᠬᠢᠭᠤᠯᠵᠣ᠂

ᠦᠪᠡᠷᠲᠡᠭᠡᠨ ᠵᠠᠰᠠᠬᠤ ᠣᠷᠣᠨ᠂ ᠪᠣᠭᠤᠲᠣ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠣᠳᠣᠯᠭ᠎ᠠ

ᠪᠠᠶᠢᠷᠢᠯᠠᠭᠤᠯᠣᠯᠲᠠ ᠶᠣᠰᠣᠭᠠᠷ ᠬᠦᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠭᠤᠶᠢᠪᠠᠰᠢ ᠦᠭᠡᠢ ᠰᠠᠶᠢᠨ

ᠠᠳᠬᠤᠵᠣ᠂ ᠰᠢᠨ᠎ᠡ ᠶᠢ ᠡᠭᠦᠳᠬᠦ᠂ ᠵᠣᠬᠢᠴᠠᠩᠭᠤᠢ᠂ ᠨᠣᠭᠤᠭᠠᠨ ᠦᠩᠭᠡᠲᠣ᠂ ᠴᠢᠯᠦᠭᠡᠲᠡᠢ᠂ ᠬᠠᠮᠲᠣᠪᠠᠷ ᠡᠳ᠋ᠯᠡᠬᠦ

ᠬᠦᠭᠵᠢᠯᠲᠡ ᠶᠢᠨ ᠣᠶᠢᠯᠠᠭᠠᠭᠳᠠᠬᠤᠨ ᠢ ᠭᠤᠶᠢᠪᠠᠰᠢ ᠦᠭᠡᠢ ᠲᠣᠣᠱᠯᠠᠭᠤᠯᠵᠣ᠂ ᠠᠷᠠᠳ ᠲᠦᠮᠡᠨ ᠤ ᠡᠳᠦᠷ ᠢᠷᠡᠬᠦᠶ᠎ᠡ

ᠨᠡᠮᠡᠭᠳᠡᠵᠣ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠪᠠᠷ ᠬᠠᠷᠠᠯᠲᠠ

ᠪᠣᠯᠭᠠᠵᠣ᠂ ᠬᠦᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠨᠡᠮᠡᠭᠳᠡᠭᠦᠯᠬᠦ ᠪᠠᠷ ᠲᠦᠪ ᠪᠣᠯᠭᠠᠵᠣ᠂

ᠬᠦᠭᠵᠢᠯᠲᠡ ᠲᠡᠩᠴᠡᠭᠦᠷᠢ ᠦᠭᠡᠢ ᠬᠦᠢᠴᠡᠳ ᠪᠣᠰᠣ ᠠᠰᠠᠭᠤᠳᠠᠯ ᠢ ᠬᠦᠴᠦᠯᠡᠨ ᠰᠢᠢᠳᠪᠦᠷᠢᠯᠡᠵᠣ᠂ ︽ᠲᠠᠪᠣᠨ

ᠣᠷᠣᠨ ᠭᠤᠷᠪᠠᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠣᠯᠲᠠ ᠶᠢ ᠯᠠᠪᠳᠠᠭᠤᠨ ᠳᠦᠯᠬᠢᠨ ᠠᠬᠢᠭᠤᠯᠵᠣ᠂

ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠳᠦᠯᠬᠢᠨ ᠠᠬᠢᠭᠤᠯᠬᠤ ᠰᠢᠢᠳᠪᠦᠷᠢᠲᠣ ᠢᠯᠠᠯᠲᠠ ᠶᠢ ᠲᠡᠮᠡᠴᠡᠨ ᠣᠯᠵᠣ᠂

ᠣᠳᠣᠬᠢᠴᠢᠯᠠᠭᠰᠠᠨ ᠬᠦᠨᠳᠡᠯᠡᠨ ᠲᠣᠭᠤᠷᠢᠭ ᠢ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠣ᠂ ︽ᠭᠤᠶᠣ

ᠰᠠᠶᠢᠬᠠᠨ ᠦᠪᠦᠷ ᠮᠣᠩᠭᠤᠯ ᠢ ᠪᠦᠲᠦᠭᠡᠨ ᠪᠠᠶᠢᠭᠤᠯᠵᠣ᠂ ᠠᠭᠤᠣ ᠶᠡᠭᠡ ᠳᠣᠮᠳᠠᠳᠣ ᠶᠢᠨ ᠵᠡᠭᠦᠳᠣ ᠢᠶᠠᠨ ᠬᠠᠮᠲᠣᠪᠠᠷ

ᠲᠡᠷᠭᠡᠯᠰᠢᠯᠡᠭᠦᠯᠬᠦ︾ ᠪᠠᠷ ᠴᠦᠬᠦᠷᠡᠰᠢ ᠦᠭᠡᠢ ᠲᠡᠮᠡᠴᠡᠨ᠎ᠡ

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号