ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ | ᠰᠦᠯᠵᠢᠶ᠎ᠡ ᠶᠢᠨ ᠪᠦᠲᠦᠭᠡᠨ ᠪᠠᠶᠢᠭᠤᠯᠣᠯᠲᠠ ᠶᠢᠨ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠬᠤ ᠳᠣᠬᠠᠢ | ᠮᠡᠳᠡᠭᠳᠡᠯ | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠪᠠᠢᠭᠤᠯᠭ᠎ᠠ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠦᠨᠳᠡᠯᠡᠨ ᠲᠣᠭᠤᠷᠢᠭ ᠤᠨᠠᠷᠠᠳ ᠤᠨᠵᠠᠰᠠᠭ ᠤᠨ | ᠣᠷᠳᠣᠨ ᠤ ᠠᠯᠪᠠᠨ ᠲᠢᠩᠭᠢᠮ ᠦᠪᠡᠷᠲᠡᠭᠡᠨ ᠵᠠᠰᠠᠬᠤ ᠣᠷᠣᠨ ᠤ ᠵᠠᠰᠠᠭ ᠤᠨᠣᠷᠳᠣᠨ ᠤ ᠰᠢᠰᠲ᠋ᠧᠮ ᠤᠨ ᠵᠠᠰᠠᠭ ᠤᠨ | ᠶᠠᠪᠣᠳᠠᠯ ᠤᠨ ᠮᠣᠩᠭᠤᠯ ᠰᠦᠯᠵᠢᠶ᠎ᠡ ᠶᠢᠨ ᠪᠦᠯᠦᠭ ᠤᠨ ᠪᠦᠲᠦᠭᠡᠨ ᠪᠠᠶᠢᠭᠤᠯᠬᠤ ᠠᠵᠢᠯ ᠢ ᠨᠢᠭᠡᠲᠦᠯᠲᠡᠢ ᠠᠬᠢᠭᠤᠯᠬᠤ | ᠳᠣᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠵᠣ᠂ ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ | ᠶᠠᠪᠣᠳᠠᠯ ᠤᠨ ᠮᠣᠩᠭᠤᠯ ᠰᠦᠯᠵᠢᠶ᠎ᠡ ᠶᠢᠨ ᠪᠦᠲᠦᠭᠡᠨ ᠪᠠᠶᠢᠭᠤᠯᠣᠯᠲᠠ ᠶᠢᠨ ᠠᠵᠢᠯ ᠢ ᠱᠠᠯᠠᠪᠳᠠᠨ ᠠᠬᠢᠭᠤᠯᠬᠤ ᠶᠢᠨ | ᠲᠦᠯᠦᠭᠡ ᠲᠣᠭᠤᠷᠢᠭ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ ᠲᠣᠭᠤᠷᠢᠭ ᠤᠨ ᠵᠠᠰᠠᠭ ᠤᠨ ᠣᠷᠳᠣᠨ ᠤ | ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ ᠪᠦᠲᠦᠭᠡᠨ ᠪᠠᠶᠢᠭᠤᠯᠬᠤ ᠠᠵᠢᠯ ᠤᠨ ᠣᠳᠣᠷᠢᠳᠬᠤ ᠳᠣᠭᠤᠶᠢᠯᠠᠩ | ᠪᠠᠶᠢᠭᠤᠯᠬᠤ ᠪᠠᠷ ᠲᠣᠭᠲᠠᠪᠠ ︵ᠳᠠᠷᠠᠭᠠᠴᠢ ᠪᠠᠷ ︽ ᠣᠳᠣᠷᠢᠳᠬᠤ ᠳᠣᠭᠤᠶᠢᠯᠠᠩ︾ ᠭᠡᠵᠤ ᠳᠦᠭᠦᠮᠴᠢᠯᠡᠨ᠎ᠡ︶᠂ | ᠣᠳᠣ ᠬᠠᠮᠢᠶ᠎ᠠ ᠪᠦᠬᠦᠢ ᠠᠵᠢᠯ ᠢ ᠳᠠᠷᠠᠭᠠᠬᠢ ᠮᠡᠲᠣ ᠮᠡᠳᠡᠭᠳᠡᠶ᠎ᠡ᠄ | ᠨᠢᠭᠡ᠂ ᠣᠳᠣᠷᠢᠳᠬᠤ ᠳᠣᠭᠤᠶᠢᠯᠠᠩ ᠤᠨ ᠪᠦᠷᠢᠯᠳᠦᠭᠦᠨ ᠭᠡᠰᠢᠭᠦᠨ᠄ | ᠳᠣᠭᠤᠶᠢᠯᠠᠩ ᠤᠨ ᠳᠠᠷᠤᠭ᠎ᠠ᠄ | ᠵᠣᠣ ᠫᠧᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠲᠡᠳ᠋ ᠳᠣᠭᠤᠶᠢᠯᠠᠩ ᠤᠨ ᠳᠠᠷᠤᠭ᠎ᠠ᠄ | ᠶᠢᠨ ᠰᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠡᠳ᠋ ᠡᠷᠬᠢᠯᠡᠭᠴᠢ᠂ ᠡᠯᠧᠺᠲᠷᠣᠨ | ᠵᠠᠰᠠᠭ ᠤᠨ ᠶᠠᠪᠣᠳᠠᠯ ᠤᠨ ᠰᠦᠯᠵᠢᠶ᠎ᠡ ᠶᠢᠨ ᠲᠦᠪ ᠤᠨ ᠡᠷᠬᠢᠯᠡᠭᠴᠢ | ᠣᠶᠣᠲᠣ ᠲᠣᠭᠤᠷᠢᠭ ᠤᠨ ᠦᠨᠳᠦᠰᠦᠲᠡᠨ ᠱᠠᠰᠢᠨ ᠰᠣᠷᠳᠠᠬᠤᠨ ᠤ ᠲᠣᠪᠴᠢᠶ᠎ᠠ ᠶᠢᠨ ᠡᠷᠬᠢᠯᠡᠭᠴᠢ ᠭᠡᠰᠢᠭᠦᠨᠴᠢ᠃ | ᠭᠡᠰᠢᠭᠦᠨ᠄ | ᠪᠣᠣ ᠮᠦᠩᠭᠦᠨ ᠲᠣᠭᠤᠷᠢᠭ ᠤᠨ ᠦᠨᠳᠦᠰᠦᠲᠡᠨ ᠱᠠᠰᠢᠨ ᠰᠣᠷᠳᠠᠬᠤᠨ ᠤ ᠲᠣᠪᠴᠢᠶ᠎ᠠ ᠶᠢᠨ ᠮᠣᠩᠭᠤᠯ | ᠣᠷᠴᠢᠭᠤᠯᠭ᠎ᠠ ᠶᠢᠨ ᠲᠦᠪ ᠤᠨ ᠡᠷᠬᠢᠯᠡᠭᠴᠢ | ᠦ᠋ ᠹᠦ᠋ ᠪᠢᠨ᠄ ᠲᠣᠭᠤᠷᠢᠭ ᠤᠨ ᠡᠯᠧᠺᠳ᠋ᠷᠣᠨ ᠵᠠᠰᠠᠭ ᠤᠨ ᠶᠠᠪᠣᠳᠠᠯ ᠤᠨ ᠰᠦᠯᠵᠢᠶ᠎ᠡ ᠶᠢᠨ ᠲᠦᠪ ᠤᠨ | ᠭᠡᠰᠢᠭᠦᠨᠴᠢ | ᠰᠢᠤᠸᠠᠢ ᡁᠢ ᠴᠢᠶᠠᠩ᠄ ᠲᠣᠭᠤᠷᠢᠭ ᠤᠨ ᠡᠯᠧᠺᠳ᠋ᠷᠣᠨ ᠵᠠᠰᠠᠭ ᠤᠨ ᠶᠠᠪᠣᠳᠠᠯ ᠤᠨ ᠰᠦᠯᠵᠢᠶ᠎ᠡ ᠶᠢᠨ ᠲᠦᠪ ᠤᠨ | ᠭᠡᠰᠢᠭᠦᠨᠴᠢ | ᠣᠳᠣᠷᠢᠳᠬᠤ ᠳᠣᠭᠤᠶᠢᠯᠠᠩ ᠨᠢ ᠳᠣᠣᠷ᠎ᠠ ᠪᠠᠨ ᠠᠯᠪᠠᠨ ᠭᠡᠷ ᠳᠣᠬᠢᠷᠠᠭᠤᠯᠵᠣ᠂ ᠲᠣᠰ ᠠᠯᠪᠠᠨ ᠭᠡᠷ ᠢ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠯᠧᠺᠳ᠋ᠷᠣᠨ ᠵᠠᠰᠠᠭ ᠤᠨ ᠶᠠᠪᠣᠳᠠᠯ ᠤᠨ ᠰᠦᠯᠵᠢᠶ᠎ᠡ ᠶᠢᠨ | ᠲᠦᠪ ᠲᠤ ᠳᠣᠬᠢᠷᠠᠭᠤᠯᠵᠣ᠂ ᠠᠯᠪᠠᠨ ᠭᠡᠷ ᠤᠨ ᠡᠷᠬᠢᠯᠡᠭᠴᠢ ᠶᠢ ᠶᠢᠨ ᠰᠢᠨ ᠬᠠᠪᠰᠣᠷᠭᠠᠨ ᠬᠠᠷᠢᠭᠤᠴᠠᠵᠣ᠂ ᠠᠯᠪᠠᠨ | ᠭᠡᠷ ᠤᠨ ᠲᠡᠳ᠋ ᠡᠷᠬᠢᠯᠡᠭᠴᠢ ᠶᠢ ᠣᠶᠣᠲᠣ ᠬᠠᠪᠰᠣᠷᠭᠠᠨ ᠬᠠᠷᠢᠭᠤᠴᠠᠨ᠎ᠠ᠃ | ᠬᠤᠶᠠᠷ᠂ ᠠᠵᠢᠯ ᠤᠨ ᠬᠠᠷᠢᠭᠤᠴᠠᠯᠭ᠎ᠠ | ︵ᠨᠢᠭᠡ︶ ᠣᠳᠣᠷᠢᠳᠬᠤ ᠳᠣᠭᠤᠶᠢᠯᠠᠩ ᠨᠢ ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ | ᠶᠠᠪᠣᠳᠠᠯ ᠤᠨ ᠮᠣᠩᠭᠤᠯ ᠰᠦᠯᠵᠢᠶ᠎ᠡ ᠶᠢᠨ ᠪᠦᠲᠦᠭᠡᠨ ᠪᠠᠶᠢᠭᠤᠯᠣᠯᠲᠠ ᠪᠠ ᠬᠠᠮᠢᠶᠠᠷᠣᠯᠲᠠ ᠶᠢᠨ ᠬᠠᠮᠢᠶ᠎ᠠ ᠪᠦᠬᠦᠢ | ᠠᠵᠢᠯ ᠢ ᠵᠣᠬᠢᠶᠠᠨ ᠪᠠᠶᠢᠭᠤᠯᠣᠨ ᠣᠳᠣᠷᠢᠳᠬᠤ ᠪᠠ ᠨᠢᠭᠡᠲᠦᠯᠲᠡᠢ ᠵᠣᠬᠢᠴᠠᠭᠤᠯᠣᠨ᠎ᠠ᠃ | ︵ᠬᠤᠶᠠᠷ︶ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠨᠢ ᠲᠣᠭᠤᠷᠢᠭ ᠤᠨ ᠵᠠᠰᠠᠭ ᠤᠨ | ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ ᠶᠢᠨ ᠪᠦᠲᠦᠭᠡᠨ ᠪᠠᠶᠢᠭᠤᠯᠣᠯᠲᠠ ᠶᠢᠨ ᠠᠵᠢᠯ ᠤᠨ | ᠲᠦᠷᠦᠭᠦᠯᠡᠬᠦ ᠰᠠᠯᠠᠭ᠎ᠠ ᠮᠦᠴᠢᠷ ᠪᠣᠯᠣᠭᠰᠠᠨ ᠤ ᠬᠤᠪᠢ ᠳᠤ ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ | ᠶᠠᠪᠣᠳᠠᠯ ᠤᠨ ᠮᠣᠩᠭᠤᠯ ᠰᠦᠯᠵᠢᠶ᠎ᠡ ᠶᠢᠨ ᠪᠦᠲᠦᠭᠡᠨ ᠪᠠᠶᠢᠭᠤᠯᠣᠯᠲᠠ ᠶᠢᠨ ᠠᠬᠢᠴᠠ ᠵᠢᠴᠢ ᠰᠢᠯᠭᠠᠬᠤ ᠠᠵᠢᠯ ᠢ | ᠵᠢᠯᠣᠭᠤᠳᠬᠤ ᠪᠠ ᠬᠢᠨᠠᠨ᠎ᠠ᠃ | ︵ᠭᠤᠷᠪᠠ︶ ᠲᠣᠭᠤᠷᠢᠭ ᠤᠨ ᠡᠯᠧᠺᠳ᠋ᠷᠣᠨ ᠵᠠᠰᠠᠭ ᠤᠨ ᠶᠠᠪᠣᠳᠠᠯ ᠤᠨ ᠰᠦᠯᠵᠢᠶ᠎ᠡ ᠶᠢᠨ ᠲᠦᠪ ᠨᠢ | ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ ᠶᠢᠨ ᠬᠠᠮᠢᠶ᠎ᠠ ᠪᠦᠬᠦᠢ | ᠮᠡᠷᠭᠡᠵᠢᠯ ᠤᠨ ᠳᠡᠮᠵᠢᠯᠭᠡ ᠶᠢ ᠪᠣᠲᠠᠲᠠᠢ ᠬᠠᠷᠢᠭᠤᠴᠠᠵᠣ᠂ ᠲᠣᠭᠤᠷᠢᠭ ᠤᠨ ᠦᠨᠳᠦᠰᠦᠲᠡᠨ ᠱᠠᠰᠢᠨ ᠰᠣᠷᠳᠠᠬᠤᠨ ᠤ | ᠲᠣᠪᠴᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ ᠶᠢᠨ | ᠠᠭᠤᠯᠭ᠎ᠠ ᠶᠢ ᠣᠷᠴᠢᠭᠤᠯᠬᠤ ᠪᠠ ᠬᠢᠨᠠᠬᠤ ᠠᠵᠢᠯ ᠢ ᠪᠣᠲᠠᠲᠠᠢ ᠬᠠᠶᠢᠷᠭᠤᠴᠠᠨᠠ᠃ ᠬᠦᠨᠳᠡᠯᠡᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2018 ᠣᠨ ᠤ 3 ᠰᠠᠷ᠎ᠠ ᠶᠢᠨ 8 ᠤ ᠡᠳᠦᠷ | ᠬᠠᠭᠤᠯᠣᠨ ᠬᠦᠷᠭᠡᠬᠦ᠄ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠲᠣᠭᠤᠷᠢᠭ ᠤᠨ ᠠᠷᠠᠳ ᠤᠨ | ᠲᠦᠯᠦᠭᠡᠯᠡᠭᠴᠢ ᠶᠢᠨ ᠶᠡᠭᠡ ᠬᠤᠷᠠᠯ ᠤᠨ ᠪᠠᠶᠢᠩᠭᠤ ᠬᠤᠷᠢᠶ᠎ᠠ ᠶᠢᠨ ᠠᠯᠪᠠᠨ ᠭᠡᠷ᠂ ᠣᠯᠣᠰ ᠲᠦᠷᠦ ᠶᠢᠨ ᠵᠦᠪᠯᠡᠯᠭᠡᠨ ᠤ | ᠠᠯᠪᠠᠨ ᠭᠡᠷ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2018 ᠣᠨ ᠤ 3 | ᠰᠠᠷ᠎ᠠ ᠶᠢᠨ 8 ᠤ ᠡᠳᠦᠷ ᠳᠠᠷᠣᠮᠯᠠᠨ ᠲᠠᠷᠬᠠᠭᠠᠪᠠ | | |