ᠪᠠᠩᠭᠢ ᠶᠢᠨ ᠬᠠᠷ᠎ᠠ ᠲᠠᠩᠰᠠᠨ ᠳᠤ ᠤᠷᠤᠬᠤ ᠠᠴᠠ ᠬᠢᠴᠢᠶᠡᠭᠦ ᠭᠡᠷᠡᠭᠳᠠᠢ
ᠨᠡᠶᠢᠲᠡᠯᠡᠭᠰᠡᠨ ᠴᠠᠭ᠄
2018/4/26
     ᠮᠠᠨ ᠤ ᠭᠦᠳᠡᠭᠡ ᠨᠤᠳᠤᠭ ᠤᠨ ᠭᠡᠰᠡᠭ ᠮᠠᠯᠴᠢᠳ ᠪᠠᠩᠭᠢ ᠠᠴᠠ ᠵᠢᠭᠡᠯᠡᠯᠭᠡ‌ᠠᠪᠴᠢᠬᠠᠭᠠᠳ‌‍ᠴᠠᠭ ᠲᠤᠬᠠᠢ ᠳᠤᠨᠢ ᠪᠤᠴᠠᠭᠠᠬᠤ ᠦᠭᠡᠢ᠂ ᠪᠠᠩᠭᠢ ᠶᠢᠨ ᠬᠢᠨ ᠠᠴᠠ ᠲᠡᠳᠡᠨ ᠢ ᠡᠷᠢᠵᠦ ︽ᠵᠢᠭᠡᠯᠡᠯᠭᠡ ᠪᠠᠨ ᠴᠠᠭ ᠲᠤᠬᠠᠢ ᠳᠤᠨᠢ ᠪᠤᠴᠠᠭᠠᠬᠤ ᠦᠭᠡᠢ ᠪᠤᠯ ᠪᠠᠩᠭᠢ ᠶᠢᠨ ᠬᠠᠷ᠎ᠠ ᠲᠠᠩᠰᠠᠨ ᠳᠤ ᠤᠷᠤᠨ᠎ᠠ ᠰᠢᠦ︾ ᠭᠡᠮᠡᠨ ᠰᠠᠨᠠᠭᠤᠯᠬᠤ ᠳᠤ᠂ ︽ᠶᠠᠭᠤ ᠶᠠᠭᠤ ᠶᠠᠷᠢᠭᠠᠳ ᠪᠠᠶᠢᠨ᠎ᠠ ᠪᠤᠢ᠂ ᠬᠠᠷ᠎ᠠ ᠲᠠᠩᠰᠠ ᠨᠢ ᠶᠠᠭᠤ ᠶᠤᠮ ᠁︾ ᠭᠡᠰᠡᠨ ᠮᠡᠶ᠋ᠢᠭ ᠲᠠᠢ ᠤᠢᠢᠰᠢᠶᠠᠬᠤ ᠴᠤ ᠦᠭᠡᠢ ᠦᠡᠭᠭᠡᠷᠡᠳᠡᠭ᠃ ᠵᠠᠷᠢᠮ ᠨᠢ ᠬᠠᠷ᠎ᠠ ᠲᠠᠩᠰᠠᠨ ᠳᠤᠨᠢ ᠤᠷᠤᠴᠢᠬᠠᠬᠤ ᠪᠠᠷ ᠪᠤᠳᠤᠬᠤ ᠳᠤ ᠠᠯᠢ ᠨᠢᠬᠡ ᠡᠳᠦᠷ ᠪᠤᠴᠠᠭᠠᠴᠢᠬᠠᠪᠠᠯ ᠬᠠᠷ᠎ᠠ ᠲᠠᠩᠰᠠᠨ ᠳᠠᠬᠢ ᠨᠡᠷ᠎ᠡ ᠠᠶᠠᠨᠳᠠᠭᠠᠨ ᠠᠷᠢᠯᠴᠢᠬᠠᠬᠤ ᠪᠠᠶᠢᠯᠬᠦᠢ ᠭᠡᠵᠦ ᠪᠤᠳᠤᠳᠠᠭ ᠴᠤ ᠪᠤᠢ᠃ ᠬᠦᠳᠡᠭᠡ ᠨᠤᠳᠤᠭ ᠤᠨ ᠮᠠᠯᠴᠢᠳ ᠮᠠᠨᠢ ᠬᠠᠷ᠎ᠠ ᠲᠠᠩᠰᠠᠨ ᠤ ᠲᠤᠬᠠᠢ ᠤᠢᠢᠯᠠᠭᠠᠯᠳᠠ ᠲᠠᠩᠴᠢ ᠲᠤᠳᠠᠮᠠᠭ ᠪᠠᠶᠢᠬᠰᠠᠭᠠᠷ᠃ ᠦᠨᠡᠨ ᠳᠡᠭᠡᠨ ᠨᠠᠰᠤᠨ ᠳᠤ ᠭᠦᠷᠦᠭᠰᠡᠨ ᠡᠷᠭᠡᠳᠦ ᠠᠷᠠᠳ ᠪᠠᠩᠭᠢ‌ᠡᠴᠠ‌ᠵᠢᠭᠡᠯᠡᠯᠭᠡ‌ᠠᠪᠤᠭᠰᠠᠨ ᠬᠤᠶᠢᠨ᠎ᠠ ᠪᠠᠨ‌‍ᠪᠤᠴᠠᠭᠠᠬᠤ ᠦᠭᠡᠢ ᠪᠤᠶᠤ ᠴᠠᠭ ᠢ ᠨᠢ ᠬᠤᠶᠢᠰᠢᠯᠡᠭᠤᠯᠵᠦ ᠪᠤᠴᠠᠭᠠᠪᠠᠯ ᠦᠪᠡᠷ ᠤᠨ ᠢᠳᠡᠭᠡᠯ ᠭᠦᠨᠳᠦ ᠪᠠᠨ ᠨᠦᠯᠦᠭᠡᠯᠡᠭᠦ ᠪᠠᠷ ᠪᠠᠷᠠᠬᠤ ᠦᠭᠡᠢ ᠭᠦᠨᠳᠦ ᠨᠤᠴᠢᠳᠠᠢ ᠦᠶᠡᠰ ᠪᠠᠩᠭᠢ ᠶᠢᠨ ᠬᠠᠷ᠎ᠠ ᠲᠠᠩᠰᠠᠨ ᠳᠤ ᠤᠷᠤᠬᠤ ᠠᠶᠤᠯᠳᠠᠢ᠃ ᠪᠠᠩᠭᠢ ᠶᠢᠨ ᠬᠠᠷ᠎ᠠ ᠲᠠᠩᠰᠠᠨ ᠳᠤ ᠤᠷᠤᠪᠠᠯ ᠬᠤᠶᠢᠰᠢᠳᠡ ᠶᠢᠨ ᠭᠡᠰᠡᠭ ᠬᠤᠭᠤᠴᠠᠭᠠᠨ ᠳᠤ ᠪᠠᠩᠭᠢ ᠠᠴᠠ ᠶᠠᠮᠠᠷ ᠴᠤ ᠵᠢᠭᠡᠯᠡᠯᠭᠡ ᠠᠪᠴᠦ ᠪᠤᠯᠬᠤ ᠦᠭᠡᠢ ᠮᠦᠷᠳᠡᠭᠡᠨ ᠪᠤᠰᠤᠳ ᠲᠤ ᠪᠠᠳᠤᠯᠠᠭ᠎ᠠ ᠬᠢᠵᠦ ᠴᠤ ᠪᠤᠯᠬᠤ ᠦᠭᠡᠢ᠃ ᠭᠦᠨᠳᠦ ᠨᠤᠴᠢᠳᠠᠢ ᠪᠤᠯᠪᠠᠯ ᠭᠠᠯ ᠲᠡᠷᠭᠡᠨ ᠪᠢᠯᠧᠲ᠂ ᠨᠢᠰᠭᠡᠯ ᠤᠨ ᠪᠢᠯᠧᠲ ᠬᠤᠳᠠᠯᠳᠤᠨ ᠠᠪᠴᠤ ᠲᠡᠶᠢᠯᠭᠦ ᠦᠭᠡᠢ ᠪᠤᠯᠳᠠᠭ᠃ ᠦᠷᠢᠳᠦᠭᠰᠡᠨ ᠵᠢᠭᠡᠯᠡᠯᠭᠡ ᠪᠠᠨ ᠲᠦᠷᠭᠡᠨ ᠪᠤᠴᠠᠭᠠᠪᠠᠯ ᠬᠠᠷ᠎ᠠ ᠲᠠᠩᠰᠠᠨ ᠳᠠᠬᠢ ᠲᠡᠮᠳᠡᠭᠯᠡᠯ ᠲᠠᠪᠤᠨ ᠵᠢᠯ ᠤᠨ ᠲᠠᠷᠠᠭ᠎ᠠ ᠰᠠᠶ᠋ᠢ ᠠᠷᠢᠯᠤᠨ᠎ᠠ︔ ᠭᠡᠷᠪᠡ ᠪᠤᠴᠠᠭᠠᠬᠤ ᠶᠢ ᠲᠡᠪᠴᠢᠪᠡᠯ ᠬᠠᠷ᠎ᠠ ᠲᠠᠩᠰᠠᠨ ᠳᠤ ᠤᠷᠤᠭᠰᠠᠨ ᠴᠠᠭ ᠬᠤᠭᠤᠴᠠᠭ᠎ᠠ ᠤᠯᠠᠮ ᠢᠶᠠᠷ ᠨᠡᠮᠡᠭᠳᠡᠨ᠎ᠠ︔ ᠤᠪᠤᠷ ᠮᠠᠭᠤ᠂ ᠪᠠᠩᠭᠢ ᠳᠤ ᠮᠠᠭᠤ ᠮᠠᠭᠤᠬᠠᠢ ᠨᠦᠯᠦᠭᠡ ᠦᠵᠡᠭᠦᠯᠪᠡᠯ ᠪᠠᠩᠭᠢ ᠶᠢᠨ ᠬᠠᠷ᠎ᠠ ᠲᠠᠩᠰᠠᠨ ᠳᠤ ᠡᠭᠦᠷᠢᠳᠡ ᠲᠡᠮᠳᠡᠭᠯᠡᠭᠳᠡᠭᠦ ᠪᠤᠯᠤᠨ᠎ᠠ᠃ ᠡᠬᠦᠨ ᠠᠴᠠ ᠦᠵᠡᠬᠦ ᠳᠤ᠂ ᠬᠠᠷ᠎ᠠ ᠲᠠᠩᠰᠠᠨ ᠳᠤ ᠲᠡᠮᠳᠡᠭᠯᠡᠭᠳᠡᠬᠦ ᠨᠢ ᠬᠤᠪᠢ ᠬᠦᠮᠦᠨ ᠤ ᠢᠳᠡᠬᠡᠯ ᠬᠦᠨᠳᠤ ᠶᠢ ᠪᠠᠭᠤᠷᠠᠭᠤᠯᠬᠤ ᠪᠠᠷ ᠪᠠᠷᠠᠬᠤ ᠦᠭᠡᠢ ᠬᠤᠵᠢᠮ ᠤᠨ ᠠᠮᠢᠳᠤᠷᠠᠯ ᠦᠢᠯᠡᠳᠪᠦᠷᠢᠯᠡᠯ ᠤᠨ ᠬᠦᠭᠵᠢᠯᠳᠡ ᠶᠢ ᠴᠤ ᠨᠦᠯᠦᠬᠡᠯᠡᠬᠦ ᠶᠤᠮ ᠪᠠᠶᠢᠨ᠎ᠠ᠃      ᠪᠠᠩᠭᠢ ᠶᠢᠨ ᠬᠢᠨ ᠮᠠᠯᠵᠢᠬᠤ ᠦᠢᠯᠡᠳᠪᠦᠷᠢᠯᠡᠯ ᠠᠮᠢᠳᠤᠷᠠᠯ ᠳᠤ ᠲᠦᠭᠦᠮ ᠦᠵᠡᠭᠦᠯᠭᠦ ᠶᠢᠨ ᠲᠤᠯᠠᠳᠠ ᠵᠢᠯ ᠪᠦᠷᠢ ᠲᠤᠭᠳᠠᠭᠰᠠᠨ ᠬᠤᠭᠤᠴᠠᠭ᠎ᠠ ᠲᠠᠢ ᠮᠠᠯᠴᠢᠳ ᠲᠤ ᠵᠢᠭᠡᠯᠡᠯᠭᠡ ᠲᠠᠯᠪᠢᠳᠠᠭ ᠪᠦᠭᠡᠳ ᠮᠠᠯᠴᠢᠳ ᠮᠠᠨᠢ ᠴᠤ ᠵᠢᠭᠡᠯᠡᠯᠬᠡ ᠶᠢ ᠤᠯᠳᠠᠬᠤ ᠶᠢᠨ ᠬᠢᠷᠢ ᠪᠠᠷ ᠠᠪᠴᠤ ᠯᠡ ᠪᠠᠶᠢᠳᠠᠭ᠃ ᠭᠡᠬᠦ ᠳᠡᠭᠡᠨ ᠵᠢᠭᠡᠯᠡᠯᠬᠡ ᠶᠢ ᠤᠯᠳᠠᠬᠰᠠᠨ ᠤ ᠬᠢᠷᠢ ᠪᠠᠷ ᠠᠪᠴᠤ᠂ ᠪᠠᠶᠢᠬᠤ ᠶᠢᠨ ᠬᠢᠷᠢ ᠪᠠᠷ ᠪᠦᠷᠢᠯᠭᠡᠭᠡᠳ᠂ ᠪᠤᠴᠠᠭᠠᠬᠤ ᠴᠠᠭ ᠬᠤᠭᠤᠴᠠᠭ᠎ᠠ ᠶᠢ ᠤᠪᠠᠶᠢᠯᠠᠬᠤ ᠦᠭᠡᠢ ᠶᠠᠪᠤᠪᠠᠯ ᠬᠠᠮᠤᠭ ᠰᠡᠬᠦᠯ ᠳᠤ ᠬᠤᠪᠢ ᠬᠦᠮᠦᠨ ᠬᠤᠬᠢᠷᠠᠯ ᠠᠮᠰᠠᠨ᠎ᠠ ᠰᠢᠦ ᠳ᠋ᠡ⁈ ᠡᠶᠢᠨᠬᠦ ᠮᠠᠯᠴᠢᠨ ᠲᠦᠮᠡᠨ ᠮᠠᠨᠢ ᠲᠦᠯᠦᠪᠯᠡᠭᠡ ᠲᠠᠢ ᠪᠠᠷ ᠵᠢᠭᠡᠯᠡᠯᠭᠡ ᠠᠪᠬᠤ ᠭᠡᠷᠡᠭᠳᠡᠢ ᠪᠦᠭᠡᠳ ᠠᠪᠤᠬᠰᠠᠨ ᠵᠢᠭᠡᠯᠡᠯᠬᠡ ᠪᠠᠨ ᠵᠦᠪ ᠶᠠᠭᠤᠮᠠᠨ ᠳᠤ ᠭᠡᠷᠡᠭᠯᠡᠵᠦ᠂ ᠦᠢᠯᠡᠳᠪᠦᠷᠢᠯᠡᠯ ᠠᠮᠢᠳᠤᠷᠠᠯ ᠳᠠᠭᠠᠨ ᠵᠤᠬᠢᠰᠳᠠᠢ ᠲᠤᠬᠢᠷᠠᠭᠤᠯᠤᠯᠳᠠ ᠬᠢᠪᠡᠯ ᠵᠤᠬᠢᠨ᠎ᠠ᠃ ᠨᠡᠩ ᠴᠢᠬᠤᠯᠠ ᠨᠢ ᠵᠢᠭᠡᠯᠡᠯᠭᠡ ᠪᠠᠨ ᠴᠠᠭ ᠲᠤᠬᠠᠢ ᠳᠤᠨᠢ ᠪᠤᠴᠠᠭᠠᠬᠤ ᠲᠠᠳᠬᠠᠯ ᠲᠠᠢ ᠪᠤᠯᠵᠤ᠂ ᠬᠤᠪᠢ ᠭᠦᠮᠦᠨ ᠤ ᠢᠳᠡᠭᠡᠯ ᠭᠦᠨᠳᠦ ᠪᠠᠨ ᠪᠠᠳᠤᠯᠠᠵᠦ᠂ ᠪᠠᠩᠭᠢ ᠶᠢᠨ ᠬᠠᠷ᠎ᠠ ᠲᠠᠩᠰᠠᠨ ᠳᠤ ᠲᠠᠮᠲᠡᠭᠯᠡᠭᠲᠡᠬᠦ ᠠᠴᠠ ᠬᠢᠴᠢᠶᠠᠭᠦ ᠭᠡᠷᠡᠭᠳᠠᠢ︕
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠢᠨ᠎ᠠ ᠮᠠᠯᠴᠢᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号