ᠪᠤᠭᠤᠳᠤ ᠬᠤᠳᠠ ᠶᠢᠨ ᠮᠤᠩᠭᠤᠯ ᠪᠠᠭᠰᠢ ᠨᠠᠷ ᠤᠨ ᠦᠨᠳᠦᠰᠦᠨ ᠴᠢᠳᠠᠪᠤᠷᠢ ᠶᠢᠨ ᠲᠦᠷᠪᠡᠳᠡᠬᠢ  ᠤᠷᠤᠯᠳᠤᠭᠠᠨ ᠠᠮᠵᠢᠯᠳᠠ ᠲᠠᠢ ᠦᠨᠳᠦᠷᠯᠡᠯ᠎ᠡ
ᠨᠡᠶᠢᠲᠡᠯᠡᠭᠰᠡᠨ ᠴᠠᠭ᠄
2018/4/27

     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ‌ᠵᠢᠷᠤᠮ ᠤᠨ

ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ

ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾᠎ ᠢ ᠤᠯᠠᠮ ᠰᠠᠶᠢᠨ ᠳᠤᠤᠱᠯᠠᠭᠤᠯᠤᠨ

ᠨᠠᠶᠢᠳᠠᠪᠤᠷᠢᠵᠢᠭᠤᠯᠵᠤ᠂ ᠦᠨᠳᠦᠰᠦᠳᠡᠨ ᠤ ᠰᠤᠶᠤᠯ ᠢ ᠮᠠᠨᠳᠤᠭᠤᠯᠤᠨ ᠬᠦᠭᠵᠢᠬᠦᠯᠵᠤ᠂ ᠪᠠᠷᠢᠮᠵᠢᠶ᠎ᠠ ᠠᠪᠢᠶ᠎ᠠ ᠶᠢ

ᠲᠦᠬᠡᠮᠡᠯᠵᠢᠬᠦᠯᠦᠨ᠂ ᠪᠠᠭᠰᠢ ᠨᠠᠷ ᠤᠨ ᠬᠤᠤᠰ ᠬᠡᠯᠡᠨ ᠤ ᠰᠢᠨ᠎ᠡ ᠶᠢ ᠡᠬᠦᠳᠬᠦ ᠴᠢᠳᠠᠪᠤᠷᠢ ᠵᠢ‌ᠤᠯᠠᠮ‌‍ᠢᠶ᠋ᠠᠷ ᠪᠠᠳᠠᠷᠠᠭᠤᠯᠬᠤ

᠎ ᠶᠢᠨ ᠳᠤᠰᠠᠳᠠ ᠪᠤᠭᠤᠳᠤ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠬᠤᠳᠠ ᠶᠢᠨ ᠰᠤᠷᠭᠠᠨ

ᠬᠦᠮᠦᠵᠢᠯ ᠤᠨ ᠳᠤᠪᠴᠢᠶᠠᠨ ᠠᠴᠠ ᠭᠤᠤᠯᠯᠠᠨ ᠡᠷᠬᠢᠯᠡᠭᠰᠡᠨ᠂ ᠬᠦᠨᠳᠡᠯᠡᠨ ᠳᠤᠭᠤᠷᠢᠭ ᠤᠨ ᠦᠨᠳᠦᠰᠦᠳᠡᠨ ᠱᠠᠰᠢᠨ

ᠰᠣᠷᠳᠠᠬᠤᠨ ᠤ ᠬᠡᠷᠡᠭ ᠡᠷᠬᠢᠯᠡᠬᠦ ᠳᠤᠪᠴᠢᠶ᠎ᠠ᠂ ᠪᠤᠭᠤᠳᠤ ᠬᠤᠳᠠ ᠶᠢᠨ ᠰᠤᠶᠤᠯ ᠪᠠᠶ᠎ᠠ ᠲᠠᠮᠢᠷ ᠷᠠᠳᠢᠤ᠋ ᠲᠧᠯᠸᠢᠰ ᠤᠨ

ᠳᠤᠪᠴᠢᠶᠠᠨ ᠤ ᠮᠤᠩᠭᠤᠯ ᠨᠠᠶᠢᠷᠠᠭᠤᠯᠬᠤ ᠬᠡᠯᠳᠡᠰ᠂ ᠬᠦᠨᠳᠡᠯᠡᠨ ᠳᠤᠭᠤᠷᠢᠭ ᠤᠨ ᠰᠤᠷᠭᠠᠨ ᠬᠦᠮᠦᠵᠢᠯ ᠤᠨ ᠳᠤᠪᠴᠢᠶ᠎ᠠ

ᠳᠠᠭᠠᠭᠠᠴᠢᠯᠠᠨ ᠬᠢᠭᠰᠡᠨ ᠃

      ᠪᠤᠭᠤᠳᠤ ᠬᠤᠳᠠ ᠵᠢᠨ‌ᠮᠤᠩᠭᠤᠯ ᠪᠠᠭᠰᠢ ᠨᠠᠷ ‍ᠤᠨ‌ᠦᠨᠳᠦᠰᠦᠨ‌‍ᠴᠢᠳᠠᠪᠤᠷᠢ ᠵᠢᠨ‌‍ᠲ᠋ᠦ᠋ᠷᠪᠡᠳᠡᠬᠢ‌ᠤᠷᠤᠯᠳᠤᠭᠠᠨ

2018 ᠤᠨ ᠤ 4 ᠳ᠋ᠤᠬᠡᠷ ᠰᠠᠷ᠎ᠠ ᠶᠢᠨ 19 — 20᠎ ᠤ ᠡᠳᠦᠷ ᠬᠦᠨᠳᠡᠯᠡᠨ ᠳᠤᠭᠤᠷᠢᠭ ᠤᠨ ᠰᠤᠶᠤᠯ ᠤᠨ

ᠤᠷᠳᠤᠨ ᠳᠤ ᠤᠷᠤᠭᠰᠢᠳᠠᠢ ᠶᠠᠪᠤᠭᠳᠠᠯ᠎ᠠ᠃ ᠠᠩᠬᠠᠨ ᠤ ᠰᠤᠩᠭᠤᠯᠳᠠ᠂ ᠬᠠᠭᠠᠰ ᠰᠢᠢᠳᠪᠦᠷᠢᠳᠤ ᠤᠷᠤᠯᠳᠤᠭᠠᠨ ᠢ

ᠳᠤᠭᠤᠯᠤᠭᠰᠠᠨ32 ᠪᠠᠭᠰᠢ ᠰᠢᠢᠳᠪᠦᠷᠢᠳᠤ ᠤᠷᠤᠯᠳᠤᠭᠠᠨ ᠳᠤ ᠤᠷᠤᠯᠴᠠᠵᠤ᠂ ᠪᠠᠷᠢᠮᠵᠢᠶ᠎ᠠ ᠤᠩᠰᠢᠯᠭ᠎ᠠ᠂ ᠤᠷ᠎ᠠ

ᠠᠪᠢᠶᠠᠰ᠂ ᠪᠢᠴᠢᠯᠬᠡ ︵ᠪᠤᠯᠤᠳ ᠪᠢᠷ᠂ ᠰᠠᠮᠪᠠᠷ᠎ᠠ ᠶᠢᠨ ᠪᠢᠴᠢᠯᠬᠡ︶ ᠵᠡᠷᠬᠡ ᠭᠤᠷᠪᠠᠨ ᠳᠠᠪᠠᠭ᠎ᠠ ᠪᠠᠷ ᠠᠪᠢᠶᠠᠰ

ᠴᠢᠳᠠᠪᠤᠷᠢ ᠪᠠᠨ ᠰᠣᠷᠢᠵᠠᠢ᠃ ᠬᠤᠷᠴᠠ ᠰᠢᠷᠦᠬᠦᠨ ᠰᠢᠯᠭᠠᠷᠠᠭᠤᠯᠤᠯᠳᠠ ᠪᠠᠷ ᠪᠤᠭᠤᠳᠤ ᠬᠤᠳᠠ ᠶᠢᠨ ᠮᠤᠩᠭᠤᠯ

ᠳᠤᠮᠳᠠᠳᠤ ᠰᠣᠷᠭᠠᠭᠤᠯᠢ ᠶᠢᠨ ᠮᠤᠨᠢ ᠪᠠᠭᠰᠢ ᠶᠡᠷᠦᠩᠬᠡᠢ ᠮᠠᠩᠯᠠᠢ ᠶᠢ ᠰᠢᠬᠦᠷᠴᠤ᠂ ᠵᠢᠤᠶᠤᠸᠠᠨ ᠳᠤᠭᠤᠷᠢᠭ ᠤᠨ

ᠮᠤᠩᠭᠤᠯ ᠪᠠᠭ᠎ᠠ ᠰᠣᠷᠭᠠᠭᠤᠯᠢ ᠶᠢᠨ ᠤᠷᠴᠢᠯᠠᠩ ᠪᠠᠭᠰᠢ ᠬᠤᠶᠠᠳᠤᠭᠠᠷ ᠲᠤ ᠳᠤᠳᠤᠷᠠᠵᠤ᠂ ᠳᠠᠷᠬᠠᠨ ᠮᠤᠤᠮᠢᠩᠭᠠᠨ

ᠬᠤᠯᠪᠤᠭᠠᠳᠤ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠤᠶᠠᠩᠭ᠎ᠠ ᠪᠠᠭᠰᠢ

ᠭᠤᠷᠪᠠᠳᠤᠭᠠᠷ ᠲᠤ ᠳᠤᠳᠤᠷᠠᠪᠠ᠃

      ᠳᠣᠰ ᠣᠳᠠᠭᠠᠨ ᠤ ᠤᠷᠤᠯᠳᠤᠭᠠᠨ ᠨᠢ ᠪᠠᠭᠰᠢ ᠨᠠᠷ ᠤᠨ ᠶᠡᠷᠦᠩᠬᠡᠢ ᠴᠢᠨᠠᠷ ᠢ‌ᠤᠯᠠᠮ ᠵᠶ᠋ᠠᠷ‌‍ᠰᠠᠶᠢᠵᠢᠷᠠᠭᠤᠯᠵᠤ᠂

ᠪᠠᠷᠢᠮᠵᠢᠶ᠎ᠠ ᠠᠪᠢᠶ᠎ᠠ ᠶᠢ ᠲᠦᠷᠢᠮᠵᠢᠬᠦᠯᠦᠨ᠂ ᠦᠢᠯᠡᠳᠦᠯᠬᠡ ᠶᠢᠨ ᠤᠷ᠎ᠠ ᠴᠢᠳᠠᠪᠤᠷᠢ ᠶᠢ ᠳᠡᠭᠡᠭᠰᠢᠯᠡᠬᠦᠯᠬᠦ ᠳᠤ

ᠢᠳᠡᠪᠬᠢᠳᠡᠢ ᠠᠬᠢᠭᠤᠯᠬᠤ ᠦᠢᠯᠡᠳᠦᠯ ᠦᠵᠡᠬᠦᠯᠵᠡᠢ᠃

 
ᠢᠷᠡᠯᠲᠡ᠄ ᠪᠤᠭᠤᠳᠤ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号