10 ᠰᠠᠷ᠎ᠠ ᠶᠢᠨ 31 ᠤ ᠡᠳᠦᠷ᠂ ᠬᠦᠳᠡᠭᠡ ᠲᠣᠰᠬᠤᠨ ᠤ ᠬᠦᠮᠦᠨ ᠪᠦᠬᠦᠨ ᠳᠤ ᠬᠤᠯᠪᠤᠭᠳᠠᠬᠤ ᠭᠠᠵᠠᠷ | ᠰᠢᠷᠤᠢ ᠶᠢᠨ ᠳᠠᠭᠠᠭᠠᠴᠢᠯᠠᠯᠳᠠ ᠶᠢᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠠᠯ ᠤᠨ ᠭᠤᠴᠢᠳᠤᠭᠠᠷ ᠤᠳᠠᠭᠠᠨ ᠤ ᠬᠤᠷᠠᠯ ᠳᠤ ᠳᠤᠷᠠᠳᠤᠭᠳᠠᠪᠠ᠃ | ᠳᠡᠭᠡᠪᠡᠯ ᠲᠦᠰᠦᠯ ᠨᠢ ᠶᠠᠮᠠᠷ ᠠᠰᠢᠭ ᠲᠠᠢ ᠲᠠᠯ᠎ᠠ ᠶᠢ ᠠᠪᠴᠢᠷᠠᠳᠠᠭ ᠪᠤᠯ︖ ᠬᠦᠳᠡᠭᠡ ᠲᠤᠰᠬᠤᠨ ᠤ ᠭᠠᠵᠠᠷ | ᠰᠢᠷᠤᠢ ᠶᠢᠨ ︽ᠭᠤᠷᠪᠠᠨ ᠡᠷᠬᠡ ᠶᠢ ᠰᠠᠯᠭᠠᠬᠤ︾ ᠶᠠᠪᠤᠳᠠᠯ ᠢ ᠬᠠᠤᠯᠢ ᠶᠢᠨ ᠳᠤᠭᠳᠠᠭᠠᠯ ᠳᠤ ᠤᠷᠤᠭᠤᠯᠤᠨ᠎ᠠ᠂ | ᠲᠦᠰᠦᠯ ᠨᠢ ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠭᠡ᠂ ᠳᠠᠭᠠᠭᠠᠴᠢᠯᠠᠬᠤ ᠡᠷᠬᠡ᠂ ᠡᠵᠡᠩᠨᠡᠬᠦ | ᠡᠷᠬᠡ ᠵᠡᠷᠭᠡ ᠭᠤᠷᠪᠠᠨ ᠡᠷᠬᠡ ᠶᠢ ᠰᠠᠯᠭᠠᠵᠤ᠂ ᠬᠠᠤᠯᠢ ᠲᠤᠭᠲᠠᠭᠠᠬᠤ ᠲᠠᠯ᠎ᠠ ᠪᠠᠷ ᠲᠤᠳᠤᠷᠬᠠᠢ ᠪᠤᠯᠭᠠᠪᠠ᠃ ᠬᠦᠳᠡᠭᠡ | ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠬᠡ ᠨᠢ ᠬᠠᠮᠲᠤ ᠨᠡᠶᠢᠲᠡ ᠶᠢᠨ ᠪᠠᠶᠢᠵᠦ᠂ ᠲᠠᠷᠢᠶᠠᠴᠢᠳ ᠲᠤ ᠭᠠᠵᠠᠷ | ᠰᠢᠷᠤᠢ ᠶᠢᠨ ᠳᠠᠭᠠᠭᠠᠴᠢᠯᠠᠬᠤ ᠡᠷᠬᠡ ᠶᠢ ᠤᠯᠭᠤᠨ᠎ᠠ᠃ ᠬᠤᠲᠠ ᠤᠷᠤᠵᠤ ᠬᠦᠯᠦᠰᠦᠨ ᠠᠵᠢᠯ ᠬᠢᠬᠦ ᠲᠠᠷᠢᠶᠠᠴᠢᠨ | ᠡᠳᠦᠷ ᠢᠷᠡᠬᠦᠶ᠎ᠡ ᠤᠯᠠᠰᠢᠷᠠᠬᠤ ᠶᠢ ᠳᠠᠭᠠᠯᠳᠤᠨ ᠲᠠᠷᠢᠶᠠᠴᠢᠳ ᠳᠠᠭᠠᠭᠠᠴᠢᠯᠠᠵᠤ ᠠᠪᠤᠭᠰᠠᠨ ᠭᠠᠵᠠᠷ ᠢᠶᠠᠨ ᠭᠠᠳᠠᠭᠰᠢ | ᠳᠦᠷᠢᠶᠡᠰᠦᠯᠡᠵᠦ᠂ ᠪᠤᠰᠤᠳ ᠬᠦᠮᠦᠨ ᠳᠤ ᠰᠢᠯᠵᠢᠭᠦᠯᠵᠤ ᠦᠭᠳᠡᠭ ᠶᠠᠪᠤᠳᠠᠯ ᠤᠯᠠᠨ ᠪᠤᠯᠤᠯ᠎ᠠ᠃ ᠰᠢᠯᠵᠢᠭᠦᠯᠵᠦ | ᠠᠪᠤᠭᠰᠠᠳ ᠡᠵᠡᠩᠨᠡᠬᠦ ᠡᠷᠬᠡ ᠲᠠᠢ ᠠᠴᠠ ᠪᠢᠰᠢ ᠳᠠᠭᠠᠭᠠᠴᠢᠯᠠᠬᠤ ᠡᠷᠬᠡ ᠦᠭᠡᠢ ᠪᠠᠶᠢᠳᠠᠭ᠃ ᠡᠶᠢᠮᠦ ᠠᠴᠠ᠂ ᠬᠠᠮᠲᠤ | ᠨᠡᠶᠢᠲᠡ ᠶᠢᠨ ᠭᠠᠵᠠᠷ ᠰᠢᠷᠤᠢ ᠶᠢᠨ ᠦᠮᠴᠢᠯᠡᠬᠦ ᠡᠷᠬᠡ᠂ ᠤᠤᠯ ᠤᠨ ᠲᠠᠷᠢᠶᠠᠴᠢᠨ ᠡᠷᠦᠬᠡ ᠶᠢᠨ ᠳᠠᠭᠠᠭᠠᠴᠢᠯᠠᠬᠤ ᠡᠷᠬᠡ | ᠵᠢᠴᠢ ᠪᠤᠲᠠᠲᠠᠢ ᠡᠵᠡᠩᠨᠡᠬᠦ ᠡᠲᠡᠭᠡᠳ ᠤᠨ ᠡᠵᠡᠩᠨᠡᠬᠦ ᠡᠷᠬᠡ ᠭᠡᠵᠦ ᠭᠤᠷᠪᠠᠨ ᠡᠷᠬᠡ ᠲᠠᠢ ᠪᠤᠯᠤᠭᠰᠠᠨ ᠪᠠᠶᠢᠳᠠᠭ᠃ | ᠲᠠᠷᠢᠶᠠᠴᠢᠳ ᠤᠨ ᠭᠠᠵᠠᠷ ᠰᠢᠷᠤᠢ ᠳᠠᠭᠠᠭᠠᠴᠢᠯᠠᠬᠤ ᠡᠷᠬᠡ ᠶᠢ ᠦᠯᠡᠳᠡᠭᠡᠵᠤ᠂ ᠭᠠᠵᠠᠷ ᠰᠢᠷᠤᠢ ᠶᠢᠨ ᠡᠵᠡᠩᠨᠡᠬᠦ | ᠡᠷᠬᠡ ᠪᠠᠨ ᠰᠢᠯᠵᠢᠭᠦᠯᠭᠦ ᠬᠦᠰᠡᠯ ᠡᠷᠡᠮᠡᠯᠵᠡᠯ ᠢᠶᠠᠷ᠂ ᠤᠯᠤᠰ ᠠᠴᠠ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ | ᠳᠠᠭᠠᠭᠠᠴᠢᠯᠠᠬᠤ ᠡᠷᠬᠡ ᠪᠠ ᠡᠵᠡᠩᠨᠡᠬᠦ ᠡᠷᠬᠡ ᠪᠤᠯᠭᠠᠨ ᠬᠤᠪᠢᠶᠠᠵᠤ᠂ ᠦᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ | ᠡᠵᠡᠩᠨᠡᠬᠦ ᠡᠷᠬᠡ ᠶᠢ ᠰᠠᠯᠭᠠᠵᠤ ᠵᠡᠷᠭᠡᠪᠡᠷ ᠬᠡᠷᠡᠭᠵᠢᠭᠦᠯᠬᠦ ᠪᠠᠷ ᠪᠤᠢ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠪᠠ ᠬᠦᠳᠡᠭᠡ | ᠲᠤᠰᠬᠤᠨ ᠤ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠯᠢᠦ ᠵᠧᠨ ᠸᠧᠢ᠄ ︽︿ᠭᠤᠷᠪᠠᠨ ᠡᠷᠬᠡ ᠶᠢ ᠰᠠᠯᠭᠠᠬᠤ﹀ | ᠪᠤᠯ ᠭᠡᠷ ᠪᠦᠯᠢ ᠶᠢᠨ ᠬᠤᠷᠢᠶᠠᠯᠲᠠ ᠲᠠᠢ ᠨᠢ ᠬᠤᠯᠪᠤᠭᠳᠠᠭᠤᠯᠤᠨ ᠳᠠᠭᠠᠭᠠᠴᠢᠯᠠᠬᠤ ᠬᠠᠷᠢᠭᠤᠴᠠᠯᠭᠠᠲᠤ ᠳᠦᠷᠢᠮ ᠠᠴᠠ | ᠰᠡᠭᠦᠯᠡᠷᠬᠢ ᠬᠦᠳᠡᠭᠡ ᠲᠤᠰᠬᠤᠨ ᠤ ᠦᠭᠡᠷᠡᠴᠢᠯᠡᠯᠲᠡ ᠶᠢᠨ ᠪᠠᠰᠠ ᠨᠢᠭᠡ ᠲᠤᠮᠤ ᠳᠦᠷᠢᠮ ᠤᠨ ᠰᠢᠨᠡᠴᠢᠯᠡᠯᠲᠡ ᠮᠦᠨ︾ | ᠭᠡᠵᠦ ᠬᠡᠯᠡᠭᠰᠡᠨ ᠪᠠᠶᠢᠨ᠎ᠠ᠃ | ᠤᠳᠤᠬᠠᠨ ᠳᠤ᠂ ᠬᠦᠳᠡᠭᠡ ᠲᠤᠰᠬᠤᠨ ᠤ 30% ᠠᠴᠠ ᠳᠡᠭᠡᠭᠰᠢᠬᠢ ᠲᠠᠷᠢᠶᠠᠴᠢᠨ ᠡᠷᠦᠬᠡ ᠳᠠᠭᠠᠭᠠᠴᠢᠯᠠᠵᠤ | ᠠᠪᠤᠭᠰᠠᠨ ᠭᠠᠵᠠᠷ ᠢᠶᠠᠨ ᠭᠠᠳᠠᠭᠰᠢ ᠳᠦᠷᠢᠶᠡᠰᠦᠯᠡᠵᠦ᠂ ᠳᠦᠷᠢᠶᠠᠰᠦᠯᠡᠵᠦ ᠪᠠᠶᠢᠬᠤ ᠭᠠᠵᠠᠷ ᠨᠡᠶᠢᠲᠡ 4.79 | ᠳ᠋ᠦᠡᠭᠰᠢᠭᠤᠷ ᠮᠦ ᠪᠤᠯᠵᠠᠢ᠃ ᠲᠦᠰᠦᠯ ᠳᠤ᠂ ᠭᠡᠷ ᠪᠦᠯᠢ ᠪᠠᠷ ᠳᠠᠭᠠᠭᠠᠴᠢᠯᠠᠨ ᠠᠪᠬᠤ ᠠᠷᠭ᠎ᠠ ᠮᠡᠶ᠋ᠢᠭ ᠢᠶᠠᠷ | ᠤᠯᠤᠭᠰᠠᠨ ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠦᠶ᠎ᠡ ᠳᠤ ᠭᠠᠵᠠᠷ ᠰᠢᠷᠤᠢ | ᠳᠠᠭᠠᠭᠠᠴᠢᠯᠠᠬᠤ ᠡᠷᠬᠡ ᠪᠠ ᠭᠠᠵᠠᠷ ᠰᠢᠷᠤᠢ ᠶᠢᠨ ᠡᠵᠡᠩᠨᠡᠬᠦ ᠡᠷᠬᠡ ᠪᠤᠯᠭᠠᠨ ᠰᠠᠯᠭᠠᠵᠤ᠂ ᠡᠭᠦᠨ ᠤ ᠬᠠᠮᠲᠤ ᠭᠠᠵᠠᠷ | ᠰᠢᠷᠤᠢ ᠳᠠᠭᠠᠭᠠᠴᠢᠯᠠᠬᠤ ᠡᠷᠬᠡ ᠪᠤᠯᠤᠨ ᠭᠠᠵᠠᠷ ᠰᠢᠷᠤᠢ ᠶᠢᠨ ᠡᠵᠡᠩᠨᠡᠬᠦ ᠡᠷᠬᠡ ᠶᠢᠨ ᠡᠭᠦᠷᠬᠡ ᠴᠢᠳᠠᠪᠬᠢ ᠶᠢ | ᠳᠤᠲᠤᠷᠬᠠᠢ ᠪᠤᠯᠭᠠᠨ᠎ᠠ᠃ ᠭᠠᠵᠠᠷ ᠰᠢᠷᠤᠢ ᠶᠢᠨ ᠳᠠᠭᠠᠭᠠᠴᠢᠯᠠᠬᠤ ᠡᠷᠬᠡ ᠶᠢ ᠬᠠᠮᠠᠭᠠᠯᠠᠬᠤ ᠶᠢ ᠴᠢᠩᠭᠠᠳᠬᠠᠬᠤ ᠶᠢᠨ | ᠲᠦᠯᠦᠭᠡ᠂ ᠲᠦᠰᠦᠯ ᠳᠤ᠂ ᠭᠠᠵᠠᠷ ᠰᠢᠷᠤᠢ ᠶᠢᠨ ᠡᠵᠡᠩᠨᠡᠬᠦ ᠡᠷᠬᠡ ᠶᠢ ᠰᠢᠯᠵᠢᠭᠦᠯᠦᠭᠰᠡᠨ ᠤ ᠳᠠᠷᠠᠭ᠎ᠠ᠂ | ᠳᠠᠭᠠᠭᠠᠴᠢᠯᠠᠵᠤ ᠠᠪᠤᠭᠰᠠᠨ ᠲᠠᠯ᠎ᠠ ᠪᠠ ᠳᠠᠭᠠᠭᠠᠴᠢᠯᠠᠭᠤᠯᠤᠭᠰᠠᠨ ᠲᠠᠯ᠎ᠠ ᠶᠢᠨ ᠳᠠᠭᠠᠭᠠᠴᠢᠯᠠᠬᠤ ᠬᠠᠷᠢᠴᠠᠭ᠎ᠠ ᠬᠤᠪᠢᠷᠠᠬᠤ | ᠦᠭᠡᠢ᠂ ᠳᠠᠭᠠᠭᠠᠴᠢᠯᠠᠵᠤ ᠠᠪᠤᠭᠰᠠ ᠲᠠᠯ᠎ᠠ ᠶᠢᠨ ᠭᠠᠵᠠᠷ ᠰᠢᠷᠤᠢ ᠳᠠᠭᠠᠭᠠᠴᠢᠯᠠᠬᠤ ᠡᠷᠬᠡ ᠨᠢ ᠬᠤᠪᠢᠷᠠᠬᠤ ᠦᠭᠡᠢ | ᠭᠡᠵᠡᠢ᠃ ᠲᠠᠷᠢᠶᠠᠨ ᠭᠠᠵᠠᠷ ᠤᠨ ᠳᠠᠭᠠᠭᠠᠴᠢᠯᠠᠬᠤ ᠬᠤᠭᠤᠴᠠᠭ᠎ᠠ ᠨᠢ ᠭᠦᠢᠴᠡᠭᠰᠡᠨ ᠤ ᠰᠡᠭᠦᠯᠡᠷ ᠵᠠᠯᠭᠠᠭᠠᠳ 30 ᠵᠢᠯ | ᠤᠷᠲᠤᠳᠬᠠᠨ᠎ᠠ ᠳᠤᠰ ᠤᠳᠠᠭᠠᠨ ᠤ ᠵᠠᠰᠠᠪᠤᠷᠢ ᠤᠷᠤᠭᠤᠯᠬᠤ ᠲᠦᠰᠦᠯ ᠳᠤ᠂ ᠬᠦᠳᠡᠭᠡ ᠲᠤᠰᠬᠤᠨ ᠤ ᠭᠠᠵᠠᠷ | ᠰᠢᠷᠤᠢ ᠶᠢᠨ ᠳᠠᠭᠠᠭᠠᠴᠢᠯᠠᠬᠤ ᠬᠠᠷᠢᠴᠠᠭ᠎ᠠ ᠶᠢᠨ ᠲᠤᠭᠲᠠᠭᠤᠨ᠂ ᠤᠷᠲᠤ ᠬᠤᠭᠤᠴᠠᠭ᠎ᠠ ᠪᠠᠷ ᠬᠤᠪᠢᠷᠠᠬᠤ ᠦᠭᠡᠢ | ᠪᠠᠶᠢᠬᠤ ᠶᠢ ᠪᠠᠲᠤᠯᠠᠬᠤ ᠶᠢᠨ ᠲᠦᠯᠦᠭᠡ᠂ ᠤᠯᠤᠰ ᠠᠴᠠ ᠬᠠᠤᠯᠢ ᠴᠠᠭᠠᠵᠠ ᠶᠢᠨ ᠬᠠᠮᠠᠭᠠᠯᠠᠯᠲᠠ ᠲᠠᠢ ᠪᠤᠯᠭᠠᠬᠤ ᠶᠢᠨ | ᠵᠡᠷᠭᠡᠪᠡᠷ ᠲᠠᠷᠢᠶᠠᠨ ᠭᠠᠵᠠᠷ ᠤᠨ ᠳᠠᠭᠠᠭᠠᠴᠢᠯᠠᠬᠤ ᠬᠤᠭᠤᠴᠠᠭ᠎ᠠ ᠭᠦᠢᠴᠡᠭᠰᠡᠨ ᠤ ᠰᠡᠭᠦᠯᠡᠷ ᠵᠠᠯᠭᠠᠭᠠᠳ 30 ᠵᠢᠯ | ᠦᠷᠬᠦᠯᠵᠢᠯᠡᠵᠦ ᠪᠤᠯᠬᠤ ᠲᠤᠬᠠᠢ ᠲᠤᠳᠤᠷᠬᠠᠢ ᠲᠤᠭᠲᠠᠭᠠᠯ ᠭᠠᠷᠭᠠᠭᠰᠠᠨ ᠪᠠᠶᠢᠨ᠎ᠠ᠃ ᠤᠨᠴᠠ ᠵᠠᠷᠢᠮ ᠲᠠᠷᠢᠶᠠᠯᠠᠬᠤ | ᠡᠷᠦᠬᠡ ᠶᠢᠨ ᠬᠤᠭᠤᠷᠤᠨᠳᠤᠬᠢ ᠳᠠᠭᠠᠭᠠᠴᠢᠯᠠᠵᠤ ᠠᠪᠤᠭᠰᠠᠨ ᠲᠠᠷᠢᠶᠠᠨ ᠭᠠᠵᠠᠷ ᠪᠠ ᠡᠪᠡᠰᠦᠳᠤ ᠭᠠᠵᠠᠷ ᠢ ᠤᠯᠠᠮ ᠨᠢᠭᠡ | ᠠᠯᠬᠤᠮ ᠲᠤᠬᠢᠷᠠᠮᠵᠢᠲᠠᠢ ᠵᠤᠬᠢᠴᠠᠭᠤᠯᠬᠤ ᠶᠢᠨ ᠲᠦᠯᠦᠭᠡ ᠲᠦᠰᠦᠯ ᠳᠤ ᠤᠯᠠᠭᠠᠨ ᠱᠤᠭᠤᠮ ᠢᠶᠠᠷ ᠢᠯᠭᠠᠨ | ᠲᠤᠭᠲᠠᠭᠠᠭᠰᠠᠨ ᠪᠠᠶᠢᠨ᠎ᠠ᠄ ᠡᠭᠦᠨ ᠳᠤ᠂ ᠵᠠᠪᠠᠯ ᠭᠠᠵᠠᠷ ᠰᠢᠷᠤᠢ ᠶᠢᠨ ᠳᠠᠭᠠᠭᠠᠴᠢᠯᠠᠬᠤ ᠬᠠᠷᠢᠴᠠᠭ᠎ᠠ ᠶᠢ ᠲᠤᠭᠲᠠᠭᠤᠨ | ᠪᠠᠶᠢᠯᠭᠠᠵᠤ᠂ ᠳᠠᠬᠢᠵᠤ ᠳᠤᠷ᠎ᠠ ᠪᠠᠷ ᠬᠤᠪᠢᠶᠠᠵᠤ ᠪᠤᠯᠬᠤ ᠦᠭᠡᠢ ᠪᠠᠶᠢᠬᠤ ᠵᠠᠷᠴᠢᠮ ᠢ ᠪᠠᠷᠢᠮᠳᠠᠯᠠᠬᠤ ᠬᠡᠷᠡᠭᠲᠡᠢ︔ ᠵᠠᠪᠠᠯ | ᠲᠤᠰ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠭᠡᠰᠢᠭᠦᠨ ᠤ ᠲᠤᠰᠬᠤᠨ ᠤ ᠠᠷᠠᠳ ᠤᠨ ᠬᠤᠷᠠᠯ ᠤᠨ | ᠭᠤᠷᠪᠠᠨ ᠤ ᠬᠤᠶᠠᠷ ᠠᠴᠠ ᠳᠡᠭᠡᠭᠰᠢᠬᠢ ᠭᠡᠰᠢᠭᠦᠨ ᠪᠤᠶᠤ ᠭᠤᠷᠪᠠᠨ ᠤ ᠬᠤᠶᠠᠷ ᠠᠴᠠ ᠳᠡᠭᠡᠭᠰᠢᠬᠢ ᠲᠤᠰᠬᠤᠨ ᠤ | ᠠᠷᠠᠳ ᠤᠨ ᠲᠦᠯᠦᠭᠡᠯᠡᠭᠴᠢᠳ ᠤᠨ ᠵᠦᠪᠰᠢᠶᠡᠷᠡᠯ ᠢ ᠤᠯᠵᠤ᠂ ᠡᠭᠦᠨ ᠤ ᠬᠠᠮᠲᠤ ᠰᠢᠶᠠᠩ ︵ᠪᠠᠯᠭᠠᠰᠤ︶ ᠤᠨ | ᠠᠷᠠᠳ ᠤᠨ ᠵᠠᠰᠠᠭ ᠤᠨ ᠤᠷᠳᠤᠨ ᠪᠠ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ ᠵᠡᠷᠭᠡ | ᠵᠠᠰᠠᠭ ᠵᠠᠬᠢᠷᠭᠠᠠ ᠤ ᠭᠤᠤᠯᠯᠠᠨ ᠬᠠᠮᠢᠶᠠᠷᠬᠤ ᠭᠠᠵᠠᠷ ᠤᠨ ᠵᠦᠪᠰᠢᠶᠡᠷᠡᠯ ᠢ ᠤᠯᠬᠤ ᠬᠡᠷᠡᠭᠲᠡᠢ᠃ | ᠳᠠᠭᠠᠭᠠᠴᠢᠯᠠᠭᠰᠠᠨ ᠭᠠᠵᠠᠷ ᠰᠢᠷᠤᠢ ᠶᠢᠨ ᠡᠵᠡᠩᠨᠡᠬᠦ ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ | ᠪᠠᠶᠢᠭᠤᠯᠤᠮᠵᠢ ᠳᠤ ᠪᠡᠯᠡ ᠬᠤᠷᠠᠮᠳᠤᠭᠤᠯᠬᠤ ᠪᠠᠲᠤᠯᠠᠭ᠎ᠠ ᠬᠢᠵᠦ ᠪᠤᠯᠤᠨ᠎ᠠ ᠲᠦᠰᠦᠯ ᠳᠤ᠂ ᠭᠠᠵᠠᠷ ᠰᠢᠷᠤᠢ | ᠳᠠᠭᠠᠭᠠᠴᠢᠯᠠᠵᠤ ᠠᠪᠤᠭᠰᠠᠨ ᠲᠠᠯ᠎ᠠ ᠶᠢᠨ ᠬᠢᠨ ᠳᠠᠭᠠᠭᠠᠴᠢᠯᠠᠵᠤ ᠠᠪᠤᠭᠰᠠᠨ ᠭᠠᠵᠠᠷ ᠰᠢᠷᠤᠢ ᠶᠢᠨ ᠡᠵᠡᠩᠨᠡᠬᠦ | ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠳᠤ ᠪᠡᠯᠡ ᠬᠤᠷᠠᠮᠳᠤᠭᠤᠯᠬᠤ ᠪᠠᠲᠤᠯᠠᠭ᠎ᠠ ᠬᠢᠵᠦ ᠪᠤᠯᠬᠤ ᠪᠠᠷ | ᠲᠤᠭᠲᠠᠭᠠᠪᠠ᠃ ᠭᠤᠷᠪᠠᠳᠤᠭᠠᠷ ᠲᠠᠯ᠎ᠠ ᠶᠢᠨ ᠬᠢᠨ ᠳᠠᠭᠠᠭᠠᠴᠢᠯᠠᠨ ᠠᠪᠤᠭᠰᠠᠨ ᠲᠠᠯ᠎ᠠ ᠪᠤᠶᠤ ᠤᠷᠤᠯᠠᠭᠴᠢ ᠶᠢᠨ | ᠨᠠᠶᠢᠳᠠᠯᠭ᠎ᠠ ᠶᠢᠨ ᠪᠢᠴᠢᠭ ᠤᠨ ᠵᠦᠪᠰᠢᠶᠡᠷᠡᠯ ᠲᠠᠢ ᠪᠤᠯ ᠰᠢᠯᠵᠢᠭᠦᠯᠦᠨ ᠠᠪᠤᠭᠰᠠᠨ ᠭᠠᠵᠠᠷ ᠰᠢᠷᠤᠢ ᠶᠢᠨ | ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠳᠤ ᠪᠡᠯᠡ ᠮᠦᠡᠭᠭᠦ ᠤᠷᠤᠭᠤᠯᠬᠤ ᠪᠠᠲᠤᠯᠠᠭ᠎ᠠ ᠬᠢᠵᠦ | ᠪᠤᠯᠤᠨ᠎ᠠ᠃ ᠲᠦᠰᠦᠯ ᠳᠤ᠂ ᠭᠠᠵᠠᠷ ᠰᠢᠷᠤᠢ ᠶᠢᠨ ᠡᠵᠡᠩᠨᠡᠬᠦ ᠡᠷᠬᠡ ᠶᠢ ᠬᠠᠤᠯᠢ ᠶᠤᠰᠤᠭᠠᠷ ᠳᠦᠷᠢᠶᠡᠰᠦᠯᠡᠬᠦ ︵ | ᠰᠢᠯᠵᠢᠭᠦᠯᠦᠨ ᠳᠠᠭᠠᠭᠠᠴᠢᠯᠠᠭᠤᠯᠬᠤ︶᠂ ᠪᠡᠯᠡ ᠤᠷᠤᠭᠤᠯᠬᠤ ᠪᠤᠶᠤ ᠪᠤᠰᠤᠳ ᠠᠷᠭ᠎ᠠ ᠪᠠᠷ ᠰᠢᠯᠵᠢᠭᠦᠯᠵᠦ ᠪᠤᠯᠤᠨ᠎ᠠ᠃ | ᠰᠢᠯᠵᠢᠭᠦᠯᠦᠨ ᠳᠠᠭᠠᠭᠠᠴᠢᠯᠠᠭᠤᠯᠤᠭᠰᠠᠨ ᠲᠠᠯ᠎ᠠ᠂ ᠳᠠᠭᠠᠭᠠᠴᠢᠯᠠᠨ ᠠᠪᠤᠭᠰᠠᠨ ᠲᠠᠯ᠎ᠠ ᠶᠢᠨ ᠬᠢᠨ ᠬᠠᠤᠯᠢ ᠶᠤᠰᠤᠭᠠᠷ | ᠭᠡᠷ᠎ᠡ ᠶᠢᠨ ᠪᠤᠯᠵᠤᠭ᠎ᠠ ᠪᠠᠨ ᠬᠦᠢᠴᠡᠳᠬᠡᠵᠦ᠂ ᠭᠤᠷᠪᠠᠳᠤᠭᠠᠷ ᠲᠠᠯ᠎ᠠ ᠶᠢᠨ ᠬᠠᠤᠯᠢ ᠶᠤᠰᠤᠭᠠᠷ ᠤᠯᠤᠭᠰᠠᠨ ᠡᠷᠬᠡ ᠶᠢ | ᠬᠦᠨᠳᠦᠳᠭᠡᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠬᠦᠯᠤᠯᠳᠠ ᠶᠢᠨ ᠰᠤᠳᠤᠯᠭᠠᠨ ᠤ | ᠲᠦᠪ ᠤᠨ ᠬᠦᠳᠡᠭᠡ ᠲᠤᠰᠬᠤᠨ ᠤ ᠠᠵᠤ ᠠᠬᠤᠢ ᠶᠢ ᠰᠤᠳᠤᠯᠬᠤ ᠬᠡᠯᠳᠡᠰ ᠤᠨ ᠳᠠᠷᠤᠭ᠎ᠠ ᠶᠧ ᠰᠢᠩ ᠴᠢᠩ᠄ ︽ | ᠡᠵᠡᠩᠨᠡᠬᠦ ᠡᠷᠬᠡ ᠶᠢ ᠤᠯᠤᠭᠰᠠᠨ ᠤ ᠳᠠᠷᠠᠭ᠎ᠠ᠂ ᠳᠠᠭᠠᠭᠠᠴᠢᠯᠠᠨ ᠠᠪᠤᠭᠰᠠᠨ ᠲᠠᠯ᠎ᠠ ᠶᠢᠨ ᠵᠦᠪᠰᠢᠶᠡᠷᠡᠯ ᠢ ᠤᠯᠪᠠᠯ᠂ | ᠪᠠᠷᠢᠴᠠᠭᠠᠨ ᠤ ᠡᠷᠬᠡ ᠪᠤᠯᠭᠠᠵᠤ ᠪᠤᠯᠤᠨ᠎ᠠ᠃ ᠵᠢᠱᠢᠶᠡᠯᠡᠪᠡᠯ᠂ ᠬᠡᠪᠴᠢᠶᠡᠵᠢᠬᠦᠯᠦᠨ ᠡᠵᠡᠩᠨᠡᠬᠦ ᠭᠤᠤᠯ ᠴᠤᠭᠴᠠ᠂ | ᠬᠤᠶᠠᠷ ᠭᠤᠷᠪᠡᠨ ᠵᠠᠭᠤᠨ ᠮᠦ ᠶᠢᠨ ᠡᠵᠡᠩᠨᠡᠬᠦ ᠡᠷᠭᠡ ᠲᠠᠢ ᠪᠤᠯ᠂ ᠳᠠᠭᠠᠭᠠᠴᠢᠯᠠᠭᠰᠠᠨ ᠳᠠᠯ᠎ᠠ ᠶᠢᠨ ᠵᠦᠪᠰᠢᠶᠡᠷᠡᠯ ᠢ | ᠤᠯᠤᠭᠰᠠᠨ ᠤ ᠳᠠᠷᠠᠭ᠎ᠠ᠂ ᠪᠠᠩᠬᠢ ᠳᠤ ᠬᠦᠷᠴᠤ ᠡᠵᠡᠩᠨᠡᠬᠦ ᠡᠷᠭᠡ ᠪᠠᠨ ᠪᠠᠷᠢᠴᠠᠭᠠᠯᠠᠨ᠂ ᠪᠡᠯᠡ ᠮᠦᠩᠬᠦ ᠳᠤᠳᠠᠭᠳᠠᠬᠤ | ᠠᠰᠠᠭᠤᠳᠠᠯ ᠢ ᠰᠢᠢᠳᠪᠤᠷᠢᠯᠡᠵᠦ ᠪᠤᠯᠤᠨ᠎ᠠ︾ ᠭᠡᠵᠠᠢ᠃ | ᠲᠠᠷᠢᠶᠠᠴᠢᠨ ᠬᠤᠲᠠ ᠳᠤ ᠡᠷᠦᠬᠡ ᠠᠮᠠ ᠶᠢᠨ ᠲᠠᠩᠰᠠ ᠤᠷᠤᠬᠤ ᠳᠤ ᠭᠠᠵᠠᠷ ᠰᠢᠷᠤᠢ ᠳᠠᠭᠠᠭᠠᠴᠢᠯᠠᠬᠤ | ᠡᠷᠬᠡ ᠶᠢ ᠨᠢ ᠪᠤᠴᠠᠭᠠᠯᠭᠠᠬᠤ ᠪᠠᠷ ᠨᠦᠬᠦᠴᠡᠯ ᠪᠤᠯᠭᠠᠵᠤ ᠪᠤᠯᠬᠤ ᠦᠭᠡᠢ ᠳᠤᠰ ᠤᠳᠠᠭᠠᠨ ᠤ ᠲᠦᠰᠦᠯ ᠳᠤ᠂ | ᠤᠳᠤᠬᠠᠨ ᠤ ᠬᠠᠤᠯᠢ ᠳᠤ ᠪᠠᠶᠢᠭ᠎ᠠ ᠳᠠᠭᠠᠭᠠᠴᠢᠯᠠᠨ ᠠᠪᠤᠭᠰᠠᠨ ᠲᠠᠯ᠎ᠠ ᠶᠢᠨ ᠬᠢᠨ ᠪᠦᠬᠦ ᠭᠡᠷ ᠢᠶᠠᠷ ᠢᠶᠠᠨ ᠬᠤᠲᠠ ᠳᠤ | ᠨᠡᠭᠦᠵᠦ᠂ ᠲᠠᠷᠢᠶᠠᠯᠠᠩ ᠤᠨ ᠪᠤᠰᠤ ᠡᠷᠦᠬᠡ ᠠᠮᠠ ᠪᠤᠯᠭᠠᠨ ᠦᠭᠡᠷᠡᠴᠢᠯᠡᠪᠡᠯ᠂ ᠳᠠᠭᠠᠭᠠᠴᠢᠯᠠᠵᠤ ᠠᠪᠤᠭᠰᠠᠨ ᠭᠠᠵᠠᠷ | ᠰᠢᠷᠤᠢ ᠪᠠᠨ ᠳᠠᠭᠠᠭᠠᠴᠢᠯᠠᠭᠤᠯᠤᠭᠰᠠᠨ ᠲᠠᠯ᠎ᠠ ᠳᠤ ᠪᠤᠴᠠᠭᠠᠬᠤ ᠬᠡᠷᠡᠭᠳᠡᠢ ᠭᠡᠰᠡᠨ ᠲᠤᠭᠲᠠᠭᠠᠯ ᠢ ᠦᠭᠡᠶᠢᠰᠭᠡᠬᠦ | ᠲᠤᠲᠤᠷᠬᠠᠢ ᠲᠤᠭᠲᠠᠭᠠᠯ ᠭᠠᠷᠭᠠᠪᠠ᠂ ᠦᠬᠡᠷ᠎ᠠ ᠪᠠᠷ ᠬᠡᠯᠡᠪᠡᠯ ᠲᠠᠷᠢᠶᠠᠴᠢᠨ ᠬᠤᠳᠠ ᠳᠤ ᠡᠷᠣᠬᠡ ᠠᠮᠠ ᠣᠷᠣᠬᠤ ᠳᠤ | ᠣᠣᠯ ᠤᠨ ᠭᠠᠵᠠᠷ ᠰᠢᠷᠣᠢ ᠲᠠᠭᠠᠭᠠᠴᠢᠯᠠᠬᠰᠠᠨ ᠡᠷᠭᠡ ᠪᠠᠨ ᠦᠷᠬᠦᠯᠵᠢᠯᠡᠨ ᠡᠳ᠋ᠯᠡᠬᠦ ᠡᠷᠭᠡ ᠲᠠᠢ᠃ ᠲᠦᠰᠦᠯ ᠳᠤ᠂ | ᠬᠤᠲᠠ ᠤᠷᠤᠵᠤ ᠬᠦᠯᠦᠰᠦᠨ ᠠᠵᠢᠯ ᠬᠢᠵᠦ ᠪᠠᠶᠢᠭ᠎ᠠ ᠲᠠᠷᠢᠶᠠᠴᠢᠳ ᠤᠨ ᠭᠠᠵᠠᠷ ᠰᠢᠷᠤᠢ ᠳᠠᠭᠠᠭᠠᠴᠢᠯᠠᠬᠤ ᠡᠷᠬᠡ᠂ | ᠡᠵᠡᠩᠨᠡᠬᠦ ᠡᠷᠬᠡ ᠶᠢ ᠬᠠᠮᠠᠭᠠᠯᠠᠵᠤ᠂ ᠭᠠᠵᠠᠷ ᠰᠢᠷᠤᠢ ᠳᠠᠭᠠᠭᠠᠴᠢᠯᠠᠬᠤ ᠡᠷᠬᠡ ᠪᠠᠨ ᠪᠤᠴᠠᠭᠠᠬᠤ ᠪᠠᠷ ᠲᠠᠷᠢᠶᠠᠴᠢᠨ ᠤ | ᠬᠤᠲᠠ ᠳᠤ ᠡᠷᠦᠬᠡ ᠠᠮᠠ ᠤᠷᠤᠬᠤ ᠨᠦᠬᠦᠴᠡᠯ ᠪᠤᠯᠭᠠᠵᠤ ᠪᠤᠯᠬᠤ ᠦᠭᠡᠢ ᠭᠡᠮᠡᠨ ᠲᠤᠭᠲᠠᠭᠠᠪᠠ᠃ ᠭᠠᠵᠠᠷ ᠰᠢᠷᠤᠢ | ᠳᠠᠭᠠᠭᠠᠴᠢᠯᠠᠨ ᠡᠵᠡᠩᠨᠡᠬᠦ ᠡᠷᠬᠡ ᠪᠠᠨ ᠦᠯᠡᠳᠡᠭᠡᠬᠦ ᠡᠰᠡᠬᠦ ᠶᠢᠨ ᠲᠤᠬᠠᠢ᠂ ᠲᠠᠷᠢᠶᠠᠴᠢᠳ ᠦᠪᠡᠷ ᠢᠶᠠᠨ ᠡᠷᠬᠡ ᠮᠡᠳᠡᠨ | ᠰᠤᠩᠭᠤᠬᠤ ᠠᠴᠠ ᠪᠢᠰᠢ ᠲᠠᠷᠢᠶᠠᠴᠢᠨ ᠢ ᠤᠷᠤᠯᠠᠵᠤ ᠰᠤᠩᠭᠤᠵᠤ ᠦᠭᠴᠦ ᠪᠤᠯᠬᠤ ᠦᠭᠡᠢ᠃ ︵ᠡᠬᠡ ᠪᠢᠴᠢᠭ ︽ | ᠳᠤᠮᠳᠠᠳᠤ ᠤᠯᠤᠰ ᠤᠨ ᠠᠵᠤ ᠠᠬᠤᠢ ᠶᠢᠨ ᠰᠦᠯᠵᠢᠶ᠎ᠡ︾ ᠠᠴᠠ ᠤᠷᠴᠢᠭᠤᠯᠤᠨ ᠨᠠᠶᠢᠷᠠᠭᠤᠯᠵᠣ ︶ |