ᠬᠦᠨᠳᠡᠯᠡᠨ ᠲᠣᠭᠤᠷᠢᠭ ᠤᠨ ᠠᠨᠱᠠᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ︽ᠦᠨᠳᠦᠰᠦᠲᠡᠨ ᠱᠠᠰᠢᠨ ᠰᠣᠷᠳᠠᠬᠤᠨ ᠤ ᠲᠦᠷᠦ ᠶᠢᠨ ᠪᠣᠳᠣᠯᠭ᠎ᠠ ᠬᠠᠣᠯᠢ ᠳᠦᠷᠢᠮ ᠤᠨ ᠣᠬᠠᠭᠤᠯᠭ᠎ᠠ︾ ᠵᠣᠬᠢᠶᠠᠨ ᠪᠠᠶᠢᠭᠤᠯᠵᠣ ᠦᠷᠨᠢᠭᠦᠯᠪᠡ
ᠨᠡᠶᠢᠲᠡᠯᠡᠭᠰᠡᠨ ᠴᠠᠭ᠄
2018/4/28

     ᠣᠷᠴᠢᠮᠬᠠᠨ ᠠᠨᠱᠠᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ︽ᠦᠨᠳᠦᠰᠦᠲᠡᠨ ᠱᠠᠰᠢᠨ‌‍ᠰᠣᠷᠳᠠᠬᠤᠨ

᠎ ᠤ ᠲᠦᠷᠦ ᠶᠢᠨ ᠪᠣᠳᠣᠯᠭ᠎ᠠ ᠬᠠᠣᠯᠢ ᠳᠦᠷᠢᠮ ᠤᠨ ᠣᠬᠠᠭᠤᠯᠭ᠎ᠠ︾᠎ ᠶᠢ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠬᠦ

ᠬᠦᠳᠡᠯᠭᠡᠭᠡᠨ ᠵᠣᠬᠢᠶᠠᠨ ᠪᠠᠶᠢᠭᠤᠯᠵᠣ ᠦᠷᠨᠢᠭᠦᠯᠪᠡ᠃ ᠬᠦᠳᠡᠯᠭᠡᠭᠡᠨ ᠤ ᠠᠬᠤᠢ ᠲᠠᠯᠠᠪᠠᠢ ᠳᠤ 50 ᠣᠷᠴᠢᠮ ᠬᠦᠮᠦᠰ

ᠣᠷᠣᠯᠴᠠᠵᠣ᠂ ︽ᠱᠠᠰᠢᠨ ᠰᠣᠷᠳᠠᠬᠤᠨ ᠤ ᠬᠡᠷᠡᠭ ᠶᠠᠪᠣᠳᠠᠯ ᠤᠨ ᠠᠵᠢᠯ ᠤᠨ ᠳᠦᠷᠢᠮ︾᠂ ︽ᠦᠨᠳᠦᠰᠦᠲᠡᠨ

ᠱᠠᠰᠢᠨ ᠰᠣᠷᠳᠠᠬᠤᠨ ᠤ ᠣᠬᠠᠭᠤᠯᠭ᠎ᠠ ᠶᠢᠨ ᠬᠠᠭᠤᠳᠠᠰᠣ︾᠂ ︽ᠦᠨᠳᠦᠰᠦᠲᠡᠨ ᠤ ᠪᠦᠯᠬᠦᠮᠳᠡᠯ ᠤᠨ ᠰᠣᠷᠭᠠᠨ

ᠬᠦᠮᠦᠵᠢᠯ ᠤᠨ ᠬᠢᠯᠪᠠᠷᠴᠢᠯᠠᠭᠰᠠᠨ ᠭᠠᠷ ᠠᠪᠣᠯᠭ᠎ᠠ︾ ᠵᠡᠷᠭᠡ ᠠᠷᠪᠠ ᠭᠠᠷᠣᠢ ᠦᠨᠳᠦᠰᠦᠲᠡᠨ ᠱᠠᠰᠢᠨ ᠰᠣᠷᠳᠠᠬᠤᠨ ᠤ

ᠬᠠᠣᠯᠢ ᠳᠦᠷᠢᠮ ᠤᠨ ᠣᠬᠠᠭᠤᠯᠬᠤ ᠮᠠᠲ᠋ᠧᠷᠢᠶᠠᠯ ᠢ ᠲᠠᠪᠢᠭᠠᠳ ᠬᠤᠪᠢ ᠲᠠᠷᠬᠠᠭᠠᠪᠠ᠃ ᠡᠭᠦᠨ ᠤ ᠬᠠᠮᠲᠣ ᠠᠰᠠᠭᠤᠨ

ᠯᠠᠪᠯᠠᠬᠤ ᠳᠠᠪᠴᠠᠩ ᠳᠣᠬᠢᠷᠠᠭᠤᠯᠵᠣ᠂ ᠦᠨᠳᠦᠰᠦᠲᠡᠨ ᠱᠠᠰᠢᠨ ᠰᠣᠷᠳᠠᠬᠤᠨ ᠤ ᠳᠣᠬᠠᠢ ᠰᠠᠭᠤᠭᠠᠯᠢ ᠠᠷᠠᠳ ᠤᠨ

ᠬᠠᠮᠢᠶ᠎ᠠ ᠪᠦᠬᠦᠢ ᠠᠰᠠᠭᠤᠯᠲᠠ ᠡᠷᠡᠭᠡᠯᠵᠡᠭᠡ ᠳᠤ ᠲᠠᠶᠢᠯᠪᠣᠷᠢ ᠬᠠᠩᠭᠠᠪᠠ᠃

     ᠲᠣᠰ ᠣᠳᠠᠭᠠᠨ ᠤ ᠬᠦᠳᠡᠯᠭᠡᠭᠡᠨ ᠨᠢ ᠨᠡᠶᠢᠭᠡᠮ ᠲᠣᠭᠤᠷᠢᠭ ᠤᠨ ᠴᠦᠬᠡᠨ ᠲᠣᠭᠠᠲᠣ ᠦᠨᠳᠦᠰᠦᠲᠡᠨ ᠵᠢᠴᠢ

ᠬᠠᠷᠢᠶ᠎ᠠ ᠲᠣᠭᠤᠷᠢᠭ ᠤᠨ ᠵᠠᠯᠠᠭᠤ ᠪᠠᠭᠠᠴᠣᠳ ᠤᠨ ᠦᠨᠳᠦᠰᠦᠲᠡᠨ ᠱᠠᠰᠢᠨ ᠰᠣᠷᠳᠠᠬᠤᠨ ᠤ ᠬᠠᠣᠯᠢ ᠳᠦᠷᠢᠮ ᠲᠦᠷᠦ

᠎ ᠶᠢᠨ ᠪᠣᠳᠣᠯᠭ᠎ᠠ ᠶᠢᠨ ᠰᠣᠷᠭᠠᠨ ᠬᠦᠮᠦᠵᠢᠯ ᠢ ᠶᠡᠬᠡᠪᠡᠷ ᠴᠢᠩᠭᠠᠳᠬᠠᠵᠣ᠂ ᠰᠠᠭᠤᠭᠠᠯᠢ ᠠᠷᠠᠳ ᠤᠨ ᠬᠠᠣᠯᠢ ᠴᠠᠭᠠᠵᠠ

᠎ ᠶᠢᠨ ᠣᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠣ᠂ ᠡᠶ᠎ᠡ ᠵᠣᠬᠢᠴᠠᠯᠲᠣ ᠨᠡᠶᠢᠭᠡᠮ ᠲᠣᠭᠤᠷᠢᠭ ᠤᠨ ᠪᠦᠲᠦᠭᠡᠨ

ᠪᠠᠶᠢᠭᠤᠯᠣᠯᠲᠠ ᠶᠢ ᠣᠯᠠᠮ ᠨᠢᠭᠡ ᠠᠯᠬᠤᠮ ᠠᠬᠢᠭᠤᠯᠣᠭᠰᠠᠨ ᠪᠠᠶᠢᠨ᠎ᠠ᠃

 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号