ᠬᠦᠨᠳᠡᠯᠡᠨ ᠲᠤᠭᠤᠷᠢᠭ ᠤᠨ ᠠᠩᠬᠠᠲᠠᠭᠴᠢ ᠨᠡᠷᠡᠳᠤ ᠡᠪᠯᠡᠯ ᠤᠨ ᠺᠠᠳᠡᠷ ᠤᠨ ᠠᠵᠢᠯᠯᠠᠬᠤ ᠲᠠᠰᠤᠭ ᠪᠠᠢᠭᠤᠯᠤᠭᠳᠠᠪᠠ
ᠨᠡᠶᠢᠲᠡᠯᠡᠭᠰᠡᠨ ᠴᠠᠭ᠄
2018/5/11
     ᠲᠤᠮᠳᠡᠳᠤ ᠰᠤᠷᠭᠠᠭᠤᠯᠢ ᠶᠢᠨ ᠡᠪ ᠬᠠᠮᠳᠤ ᠵᠠᠯᠠᠭᠤᠴᠤᠳ ᠤᠨ ᠡᠪᠯᠡᠯ ᠤᠨ ᠦᠭᠡᠷᠴᠢᠯᠡᠯᠳᠡ ᠢ ᠪᠦᠬᠦ ᠲᠠᠯ᠎ᠠ ᠪᠠᠷ ᠲᠦᠯᠬᠡᠨ ᠠᠬᠢᠭᠤᠯᠬᠤ ᠶᠢᠨ ᠲᠦᠯᠦᠭᠡ᠂ ᠨᠡᠷᠡᠳᠤ ᠡᠪᠯᠡᠯ ᠤᠨ ᠺᠠᠲᠡᠷ ᠤᠨ ᠵᠢᠱᠢᠶᠡᠴᠢ ᠤᠢᠯᠡᠳᠤᠯ ᠢ ᠪᠠᠲᠠᠷᠠᠭᠤᠯᠬᠤ᠂ ᠲᠠᠳᠡᠨ ᠢᠶᠠᠷ ᠲᠠᠮᠵᠢᠭᠤᠯᠤᠨ ᠪᠦᠬᠦᠨ ᠢ ᠲᠠᠢᠴᠢᠯᠡᠵᠤ᠂ ᠬᠦᠨᠳᠡᠯᠡᠨ ᠲᠤᠭᠤᠷᠢᠭ ᠤᠨ ᠰᠤᠷᠭᠠᠭᠤᠯᠢ ᠨᠤᠭᠤᠳ ᠤᠨ ᠡᠪ ᠬᠠᠮᠳᠤ ᠵᠠᠯᠠᠭᠤᠴᠤᠳ ᠤᠨ ᠡᠪᠯᠡᠯ ᠤᠨ ᠺᠠᠳᠠᠷᠴᠤᠳ ᠲᠤ ᠬᠠᠷᠢᠯᠴᠢᠨ ᠰᠤᠯᠢᠯᠴᠠᠬᠤ᠂ ᠬᠠᠷᠢᠯᠴᠢᠨ ᠰᠤᠷᠤᠯᠴᠠᠬᠤ᠂ ᠬᠠᠷᠢᠯᠴᠢᠨ ᠰᠤᠳᠤᠯᠬᠤ ᠠᠵᠢᠯᠯᠠᠭᠠᠨ ᠤ ᠲᠠᠪᠴᠠᠩ ᠢ ᠪᠦᠳᠤᠭᠡᠨ ᠪᠠᠢᠭᠤᠯᠬᠤ ᠡᠭᠦᠳᠡᠨ ᠠᠴᠠ 4 ᠰᠠᠷ᠎ᠡ ᠶᠢᠨ 23᠎ ᠤ ᠡᠳᠤᠷ ᠪᠤᠭᠤᠳᠤ ᠬᠤᠳᠠ ᠶᠢᠨ ᠵᠢᠷᠭᠤᠳᠤᠭᠠᠷ ᠲᠤᠮᠳᠠᠳᠤ ᠰᠤᠷᠭᠠᠭᠤᠯᠢ ᠳᠤ ᠬᠦᠨᠳᠡᠯᠡᠨ ᠲᠤᠭᠤᠷᠢᠭ ᠤᠨ ᠠᠩᠬᠠᠳᠠᠭᠴᠢ ᠨᠡᠷᠡᠳᠤ ᠡᠪᠯᠡᠯ ᠤᠨ ᠺᠠᠳᠡᠷ ᠤᠨ ᠠᠵᠢᠯᠯᠠᠬᠤ ᠲᠠᠰᠤᠭ ᠪᠠᠢᠭᠤᠯᠤᠭᠳᠠᠵᠠᠢ᠃ ᠡᠨᠡ ᠨᠢ ᠮᠦᠨᠴᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠢᠭᠡᠳᠤᠭᠡᠷ ᠲᠤ ᠪᠠᠢᠭᠤᠯᠤᠭᠳᠠᠭᠰᠠᠨ ᠨᠡᠷᠡᠳᠤ ᠡᠪᠯᠡᠯ ᠤᠨ ᠺᠠᠳᠠᠷ ᠤᠨ ᠠᠵᠢᠯᠯᠠᠭᠠᠨ ᠤ ᠲᠠᠰᠤᠭ ᠪᠤᠯᠤᠨ᠎ᠠ᠃      ᠪᠠᠢᠭᠤᠯᠤᠭᠲᠠᠬᠤ ᠶᠤᠰᠤᠯᠠᠯ ᠳᠤ ︽ᠬᠦᠨᠳᠡᠯᠡᠨ ᠲᠤᠭᠤᠷᠢᠭ ᠤᠨ ᠨᠡᠷᠡᠳᠤ ᠡᠪᠯᠡᠯ ᠤᠨ ᠺᠠᠳᠠᠷ ‍ᠤᠨ‌ᠠᠵᠢᠯᠯᠠᠭᠠᠨ ᠤ ᠲᠠᠰᠤᠭ ᠢ ᠪᠠᠢᠭᠤᠯᠬᠤ ᠲᠤᠭᠳᠠᠭᠠᠯ︾᠎ ᠢ ᠨᠡᠢᠳᠡᠯᠡᠵᠤ᠂ ᠠᠵᠢᠯᠯᠠᠭᠠᠨ ᠤ ᠲᠠᠰᠤᠭ ᠤᠨ ᠫᠠᠢᠰᠠ ᠢᠯᠡᠷᠬᠡᠢᠯᠡᠯ ᠢ ᠡᠯᠭᠦᠨ᠂ ᠬᠦᠨᠳᠡᠯᠡᠨ ᠲᠤᠭᠤᠷᠢᠭ ᠤᠨ ᠨᠡᠷᠡᠳᠤ ᠡᠪᠯᠡᠯ ᠤᠨ ᠺᠠᠳᠠᠷ ᠤᠨ ᠠᠵᠢᠯᠯᠠᠬᠤ ᠲᠠᠰᠤᠭ ᠵᠢᠴᠢ ᠭᠤᠸᠠᠩᠵᠸᠤ ᠬᠤᠳᠠ ᠶᠢᠨ ᠬᠤᠸᠠᠩ ᠫᠦ᠋ ᠲᠤᠭᠤᠷᠢᠭ ᠤᠨ ᠨᠡᠷᠡᠳᠤ ᠡᠪᠯᠡᠯ ᠤᠨ ᠺᠠᠳᠠᠷ ᠤᠨ ᠠᠵᠢᠯᠯᠠᠭᠠᠨ ᠤ ᠲᠠᠰᠤᠭ ᠲᠠᠢ ᠬᠠᠮᠳᠤᠷᠯᠠᠴᠠᠭᠠᠷ ᠤᠨ ᠭᠠᠷ ᠤᠨ ᠦᠰᠤᠭ᠌ ᠵᠢᠷᠤᠵᠤ᠂ ᠭᠤᠸᠠᠩᠵᠸᠤ ᠤᠨ ᠵᠠᠯᠠᠭᠤᠴᠤᠳ ᠤᠨ ᠠᠵᠢᠯ ᠤᠨ ᠰᠤᠳᠤᠯᠬᠤ‌‍ᠺᠠᠲᠠᠷ ᠢ ᠬᠦᠮᠤᠵᠢᠭᠦᠯᠬᠦ ᠢ ᠠᠩᠬᠠᠷᠤᠨ᠂ ᠲᠠᠳᠡᠨ ᠤ ᠢᠳᠡᠪᠬᠢᠲᠠᠢ ᠪᠠᠷ ᠠᠵᠢᠯᠯᠠᠭᠠᠨ ᠦᠷᠨᠢᠭᠦᠯᠵᠤ᠂ ᠤᠢᠯᠡᠳᠤᠯ ᠢᠶᠠᠨ ᠪᠠᠳᠠᠷᠠᠭᠤᠯᠬᠤ ᠳᠤ ᠨᠦᠬᠦᠴᠡᠯ ᠬᠠᠩᠭᠠᠬᠤ ᠬᠡᠷᠡᠭᠲᠠᠢ ᠭᠡᠵᠠᠢ᠃ᠸᠠᠩ ᠬᠤᠢ ᠮᠢᠩ ᠱᠠᠭᠠᠷᠳᠠᠭᠰᠠᠨ ᠨᠢ᠂ ᠪᠦᠬᠦ ᠲᠤᠭᠤᠷᠢᠭ ᠤᠨ ᠦᠷᠭᠡᠨ ᠤᠯᠠᠨ ᠠᠵᠢᠯᠳᠠᠨ ᠠᠵᠢᠯᠴᠢᠨ ᠤᠯᠤᠰ ᠲᠦᠷᠤ ᠶᠢᠨ ᠲᠠᠨᠢᠯᠲᠠ ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠠᠵᠢᠯᠯᠠᠭᠠᠨ ᠤ ᠵᠦᠪ ᠴᠢᠭᠯᠡᠯ ᠢ ᠠᠳᠬᠤᠨ᠂ ᠶᠡᠭᠡ ᠲᠠᠯ᠎ᠠ ᠶᠢᠨ ᠲᠠᠨᠢᠯᠲᠠ ᠪᠠᠨ ᠴᠢᠩᠭᠠᠳᠬᠠᠨ᠂ ᠦᠷᠭᠡᠨ ᠤᠯᠠᠨ ᠠᠵᠢᠯᠲᠠᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ᠂ ᠦᠭᠡᠷᠴᠢᠯᠡᠯᠳᠡ ᠶᠢᠨ ᠲᠠᠨᠢᠯᠲᠠ ᠢ ᠭᠦᠨᠵᠡᠭᠡᠢᠷᠡᠭᠦᠯᠦᠨ᠂ ᠠᠵᠢᠯᠴᠢᠨ ᠤ ᠡᠪᠯᠡᠯ ᠤᠨ ᠠᠵᠢᠯ ᠤᠨ ᠪᠦᠬᠦ ᠲᠠᠯ᠎ᠠ ᠪᠠᠷ ᠠᠮᠢᠳᠤ ᠴᠤᠪᠤᠭᠤᠯᠢᠭ᠂ ᠠᠮᠢᠵᠢᠷᠠᠯ ᠤᠨ ᠬᠦᠴᠤᠨ ᠲᠠᠢ ᠪᠤᠯᠭᠠᠵᠤ᠂ ᠲᠡᠤᠬᠡᠳᠤ ᠬᠠᠷᠢᠭᠤᠴᠠᠯᠭ᠎ᠠ ᠲᠠᠢ᠂ ᠠᠵᠢᠯᠴᠢ ᠬᠦᠳᠡᠯᠮᠤᠷᠢᠴᠢ᠂ ᠴᠢᠷᠮᠠᠢᠨ ᠲᠡᠮᠡᠴᠡᠬᠦ ᠵᠤᠷᠢᠭ ᠰᠠᠨᠠᠭ᠎ᠠ ᠲᠠᠢ ᠪᠠᠢᠵᠤ᠂ ᠠᠵᠢᠯᠴᠢᠨ ᠠᠩᠬᠢ ᠶᠢᠨ ᠭᠤᠤᠯ ᠬᠦᠴᠤᠨ ᠴᠡᠷᠢᠭ ᠤᠨ ᠤᠢᠯᠡᠳᠤᠯ ᠢ ᠬᠦᠢᠴᠢᠳ ᠪᠠᠳᠠᠷᠠᠭᠤᠯᠵᠤ᠂ ᠤᠳᠤᠬᠢᠴᠢᠯᠠᠭᠰᠠᠨ ᠰᠢᠨ᠎ᠡ ᠬᠦᠨᠳᠡᠯᠡᠨ ᠲᠤᠭᠤᠷᠢᠭ ᠢ ᠪᠦᠳᠤᠭᠡᠨ ᠪᠠᠢᠭᠤᠯᠬᠤ ᠠᠶᠠᠨ ᠳᠤ ᠴᠦᠬᠦᠷᠡᠰᠢ ᠦᠭᠡᠢ ᠴᠢᠷᠮᠠᠢᠭᠠᠷᠠᠢ ᠭᠡᠵᠡᠢ᠃      ᠬᠤᠲᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠡᠳ᠋ ᠡᠷᠬᠢᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠸᠠᠩ ᠺᠦᠨ᠂ ᠬᠤᠲᠠ ᠶᠢᠨ ᠠᠵᠢᠯᠴᠢᠨ ᠤ ᠶᠡᠷᠤᠩᠬᠡᠢ ᠡᠪᠯᠡᠯ ᠢ ᠲᠦᠯᠤᠭᠡᠯᠡᠵᠤ ᠶᠡᠭᠡ ᠬᠤᠷᠠᠯ ᠤᠨ ᠠᠮᠵᠢᠯᠲᠠ ᠲᠠᠢ ᠡᠬᠢᠯᠡᠭᠰᠡᠨ ᠳᠤ ᠬᠠᠯᠠᠭᠤᠨ ᠪᠠᠶᠡᠷ ᠬᠦᠷᠭᠡᠵᠡᠢ᠃ ᠸᠠᠩ ᠺᠦᠨ ᠱᠠᠭᠠᠷᠳᠠᠭᠰᠠᠨ ᠨᠢ ᠡᠷᠬᠡᠪᠰᠢ ᠵᠦᠪ ᠲᠤᠳᠤᠷᠬᠠᠢ ᠤᠯᠤᠰ ᠲᠦᠷᠤ ᠶᠢᠨ ᠴᠢᠭᠯᠡᠯᠯ ᠢ ᠴᠢᠩᠭ᠎ᠠ ᠠᠳᠬᠤᠵᠤ᠂ ᠨᠠᠮ ᠤᠨ ᠵᠠᠰᠠᠭ ᠪᠠᠷᠢᠬᠤ ᠰᠠᠭᠤᠷᠢ ᠪᠠ ᠤᠯᠠᠨ ᠲᠦᠮᠡᠨ ᠤ ᠰᠠᠭᠤᠷᠢ ᠢ ᠰᠠᠢᠳᠤᠷ ᠪᠠᠳᠤᠳᠬᠠᠵᠤ᠂ ᠵᠤᠬᠢᠶᠠᠨ ᠪᠠᠢᠭᠤᠯᠤᠯᠳᠠ ᠶᠢᠨ ᠤᠢᠯᠡᠳᠤᠯ ᠢ ᠭᠦᠢᠴᠢᠳ ᠪᠠᠳᠠᠷᠠᠭᠤᠯᠵᠤ᠂ ᠦᠷᠭᠡᠨ ᠤᠯᠠᠨ ᠠᠵᠢᠯᠲᠠᠨ ᠠᠵᠢᠯᠴᠢᠨ ᠲᠠᠢ ᠨᠢᠭᠲᠠ ᠪᠦᠯᠬᠦᠮᠳᠡᠵᠤ᠂ ᠠᠵᠤ ᠠᠬᠤᠢ ᠨᠡᠢᠭᠡᠮ ᠤᠨ ᠬᠦᠭᠵᠢᠯᠳᠡ ᠳᠤ ᠬᠤᠪᠢ ᠨᠡᠮᠡᠷᠢ ᠪᠠᠨ ᠦᠵᠡᠭᠦᠯᠵᠤ᠂ ᠨᠡᠢᠭᠡᠮ ᠤᠨ ᠡᠶ᠎ᠡ ᠵᠤᠬᠢᠴᠠᠯ᠂ ᠠᠮᠤᠷ ᠲᠤᠭᠳᠠᠭᠤᠨ ᠪᠠᠢᠬᠤ ᠢ ᠪᠠᠳᠤᠯᠠᠵᠤ᠂ ᠠᠵᠢᠯᠴᠢᠨ ᠤ ᠡᠪᠯᠡᠯ ᠤᠨ ᠠᠵᠢᠯ ᠢᠶᠠᠨ ᠦᠭᠡᠷᠴᠢᠯᠡᠯᠳᠡ ᠰᠢᠨ᠎ᠡ ᠢ ᠡᠭᠦᠳᠬᠦ ᠲᠠᠢ ᠨᠢᠭᠲᠠ ᠤᠶᠠᠯᠳᠤᠭᠤᠯᠤᠨ ᠦᠪᠡᠷ ᠤᠨ ᠡᠩᠨᠡᠭᠡᠨ ᠤ ᠪᠦᠲᠤᠭᠡᠨ ᠪᠠᠢᠭᠤᠯᠤᠯᠲᠠ ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠲᠠᠲᠠᠬᠤ ᠬᠦᠴᠤᠨ ᠪᠠ ᠨᠢᠭᠲᠠᠷᠠᠭᠤᠯᠬᠤ ᠬᠦᠴᠤᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠠᠢ ᠭᠡᠵᠡᠢ᠃      ᠬᠦᠨᠲᠡᠯᠡᠨ ᠲᠤᠭᠤᠷᠢᠭ ᠤᠨ ᠠᠵᠢᠯᠴᠢᠨ ᠤ ᠶᠡᠷᠤᠩᠬᠡᠢ ᠡᠪᠯᠡᠯ ᠤᠨ ᠬᠤᠶᠠᠳᠤᠭᠠᠷ ᠤᠳᠠᠭᠠᠨ ᠤ ᠶᠡᠭᠡ ᠬᠤᠷᠠᠯ ᠤᠨ ᠬᠤᠭᠤᠴᠠᠭᠠᠨ ᠳᠤ ᠬᠦᠨᠳᠡᠯᠡᠨ ᠲᠤᠭᠤᠷᠢᠭ ᠤᠨ ᠠᠵᠢᠯᠴᠢᠨ ᠤ ᠶᠡᠷᠤᠩᠬᠡᠢ ᠡᠪᠯᠡᠯ ᠤᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢ ᠰᠤᠩᠭᠤᠨ ᠭᠠᠷᠭᠠᠵᠠᠢ᠃ ᠪᠦᠬᠦ ᠲᠤᠭᠤᠷᠢᠭ ᠤᠨ 151 ᠲᠦᠯᠤᠭᠡᠯᠡᠭᠴᠢ ᠡᠨᠡ ᠤᠳᠠᠭᠠᠨ ᠤ ᠬᠤᠷᠠᠯ ᠳᠤ ᠤᠷᠤᠯᠴᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号