ᠴᠢᠰᠤᠨ ᠤ ᠦᠨᠳᠤᠷ ᠲᠠᠷᠤᠯᠳᠠ ᠶᠢ ᠵᠤᠭᠢᠰᠲᠡᠢ ᠰᠡᠷᠬᠡᠶᠢᠯᠡᠨ ᠡᠵᠡᠮᠳᠡᠵᠦ ᠪᠤᠯᠤᠨ᠎ᠠ
ᠨᠡᠶᠢᠲᠡᠯᠡᠭᠰᠡᠨ ᠴᠠᠭ᠄
2018/5/18
5 ᠰᠠᠷ᠎ᠠ ᠶᠢᠨ 17 ᠪᠤᠯ ᠲᠦᠴᠢᠳᠡᠬᠢ ᠲᠡᠯᠡᠬᠡᠢ ᠶᠢᠨ ᠴᠢᠰᠤᠨ ᠤ ᠦᠨᠳᠤᠷ ᠲᠠᠷᠤᠯᠳᠠ ᠶᠢᠨ ᠡᠳᠤᠷ᠂ ᠬᠦᠮᠦᠰ ᠲᠤ ᠴᠢᠰᠤᠨ ᠤ ᠦᠨᠳᠤᠷ ᠲᠠᠷᠤᠯᠳᠠ ᠵᠢᠴᠢ ᠬᠠᠮ ᠡᠪᠡᠳᠴᠢᠨ ᠤ ᠲᠤᠬᠠᠢ ᠲᠠᠨᠢᠯᠳᠠ ᠶᠢ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠳᠤ ᠤᠯᠤᠰ ᠤᠨ ᠵᠢᠷᠤᠬᠡ ᠰᠤᠳᠠᠰᠤᠨ ᠤ ᠡᠪᠡᠳᠴᠢᠨ ᠤ ᠲᠦᠪ ᠤᠨ ᠬᠠᠮᠢᠶᠠᠳᠠᠢ ᠬᠠᠷᠢᠭᠤᠴᠠᠯᠭᠠᠳᠠᠨ ᠵᠢᠶᠠᠩ ᠯᠢ ᠰᠢᠨ ᠫᠷᠤᠹᠧᠰᠰᠤᠷ ᠴᠢᠰᠤᠨ ᠤ ᠦᠨᠳᠤᠷ ᠲᠠᠷᠤᠯᠳᠠ ᠶᠢᠨ ᠡᠪᠡᠳᠴᠢᠨ ᠤ ᠤᠳᠤᠬᠢ ᠪᠠᠶᠢᠳᠠᠯ᠂ ᠬᠤᠤᠷ ᠬᠦᠨᠦᠬᠡᠯ᠂ ᠰᠡᠷᠬᠡᠶᠢᠯᠡᠬᠦ᠂ ᠡᠮ ᠪᠠᠷ ᠵᠠᠰᠠᠬᠤ ᠪᠤᠷᠤᠭᠤ ᠤᠶᠢᠯᠠᠭᠠᠯᠳᠠ ᠵᠡᠷᠬᠡ ᠲᠠᠯ᠎ᠠ ᠪᠠᠷ ᠨᠠᠷᠢᠨ ᠲᠠᠶᠢᠯᠪᠤᠷᠢᠯᠠᠯᠳᠠ ᠬᠢᠭᠰᠡᠨ ᠪᠠᠶᠢᠨ᠎ᠠ᠃ᠲᠡᠯᠡᠬᠡᠢ ᠶᠢᠨ ᠡᠷᠡᠬᠦᠯ ᠮᠡᠨᠳᠤ ᠶᠢᠨ ᠵᠤᠬᠢᠶᠠᠨ ᠪᠠᠶᠢᠭᠤᠯᠤᠯᠳᠠ ᠶᠢᠨ ᠲᠤᠭ᠎ᠠ ᠪᠦᠷᠢᠳᠬᠡᠯ ᠢ ᠦᠨᠳᠤᠰᠦᠯᠡᠪᠡᠯ᠂ ᠵᠢᠯ ᠪᠦᠷᠢ ᠲᠡᠯᠡᠬᠡᠢ ᠳᠤ 1700 ᠲᠦᠮᠡᠨ ᠬᠦᠮᠦᠨ ᠵᠢᠷᠦᠬᠡ ᠰᠤᠳᠠᠰᠤᠨ ᠤ ᠡᠪᠡᠳᠴᠢᠨ ᠢᠶᠠᠷ ᠨᠠᠰᠤ ᠪᠠᠷᠠᠵᠤ᠂ ᠨᠠᠰᠤ ᠪᠠᠷᠠᠵᠤ ᠪᠠᠶᠢᠭ᠎ᠠ ᠬᠦᠮᠦᠨ ᠤ ᠶᠡᠷᠦᠩᠬᠡᠢ ᠲᠤᠭ᠎ᠠ ᠶᠢᠨ ᠭᠤᠷᠪᠠᠨ ᠤ ᠨᠢᠬᠡ ᠶᠢ ᠡᠵᠡᠯᠡᠵᠤ ᠪᠠᠶᠢᠨ᠎ᠠ᠂ ᠬᠡᠳᠡᠯ᠎ᠡ ᠡᠳᠡᠬᠡᠷ ᠵᠢᠷᠦᠬᠡ ᠰᠤᠳᠠᠰᠤᠨ ᠤ ᠡᠪᠡᠳᠴᠢᠨ ᠢᠶᠠᠷ ᠨᠠᠰᠤᠨ ᠪᠠᠷᠠᠭᠰᠠᠨ ᠬᠦᠮᠦᠰ ᠤᠨ ᠲᠤᠳᠤᠷ᠎ᠠ 940 ᠲᠦᠮᠡ ᠨᠢ ᠴᠢᠰᠤᠨ ᠤ ᠦᠨᠳᠤᠷ ᠲᠠᠷᠤᠯᠳᠠ ᠶᠢᠨ ᠬᠠᠮ ᠡᠪᠡᠳᠴᠢᠨ ᠢᠶᠠᠷ ᠠᠳᠡᠵᠤ᠂ ᠠᠳᠠᠭ ᠲᠤ ᠪᠠᠨ 45%᠎ ᠨᠢ ᠵᠢᠷᠦᠬᠡᠨ ᠤ ᠡᠪᠡᠳᠴᠢᠨ ᠪᠤᠯᠤᠨ 51%᠎ ᠨᠢ ᠲᠠᠷᠢᠬᠢᠨ ᠳᠤ ᠨᠢ ᠴᠢᠰᠤ ᠬᠠᠷᠪᠤᠬᠤ ᠡᠪᠡᠳᠴᠢᠨ ᠠᠴᠠ ᠪᠤᠯᠵᠠᠢ᠂ ᠡᠳᠡᠬᠡᠷ ᠡᠪᠡᠳᠴᠢᠨ ᠨᠢ ᠴᠦᠮ ᠴᠢᠰᠤᠨ ᠤ ᠦᠨᠳᠤᠷ ᠲᠠᠷᠤᠯᠳᠠ ᠠᠴᠠ ᠪᠤᠯᠤᠭᠰᠠᠨ ᠶᠤᠮ᠃ ᠴᠢᠰᠤᠨ ᠤ ᠦᠨᠳᠤᠷ ᠲᠠᠷᠤᠯᠳᠠ ᠨᠢᠬᠡᠨᠳᠡ ᠲᠡᠯᠡᠬᠡᠢ ᠶᠢᠨ ᠡᠪᠡᠳᠴᠢᠨ ᠤ ᠲᠠᠷᠤᠭᠠᠰᠤ ᠬᠠᠮᠤᠬ ᠤᠨ ᠬᠦᠨᠳᠦ ᠡᠪᠡᠳᠴᠢᠨ ᠤ ᠨᠢᠬᠡ ᠪᠤᠯᠪᠠ᠃ᠤᠳᠤᠬᠠᠨ ᠳᠤ ᠮᠠᠨ ᠤ ᠤᠯᠤᠰ ᠤᠨ ᠴᠢᠰᠤᠨ ᠤ ᠦᠨᠳᠤᠷ ᠲᠠᠷᠤᠯᠳᠠ ᠲᠠᠢ ᠡᠪᠡᠳᠴᠢᠳᠠᠡ 2.7 ᠳ᠋ᠦᠩᠰᠢᠭᠤᠷ ᠢ ᠲᠠᠪᠠᠪᠠ᠃ ᠴᠢᠰᠤᠨ ᠤ ᠦᠨᠳᠤᠷ ᠲᠠᠷᠤᠯᠳᠠ ᠶᠢᠨ ᠡᠳ᠋ ᠤᠨ ᠵᠠᠰᠠᠭ ᠨᠢ ᠮᠠᠨ ᠤ ᠤᠯᠤᠰ ᠤᠨ ᠡᠷᠡᠬᠦᠯ ᠬᠠᠮᠠᠭᠠᠯᠠᠯ ᠤᠨ ᠶᠡᠷᠦᠩᠬᠡᠢ ᠵᠠᠷᠤᠳᠠᠯ ᠤᠨ 6.6%᠎ ᠶᠢ ᠡᠵᠡᠯᠡᠵᠤ ᠪᠠᠶᠢᠨ᠎ᠠ᠃ᠴᠢᠰᠤᠨ ᠤ ᠦᠨᠳᠤᠷ ᠲᠠᠷᠤᠯᠳᠠ ᠪᠤᠯ ᠪᠠᠶᠢᠩᠬᠤ ᠲᠤᠬᠢᠶᠠᠯᠳᠤᠬᠤ ᠠᠷᠬᠠᠭ ᠡᠪᠡᠳᠴᠢᠨ ᠤ ᠨᠢᠬᠡ ᠲᠦᠷᠦᠯ᠂ ᠴᠢᠰᠤᠨ ᠤ ᠲᠠᠷᠤᠯᠳᠠ ᠦᠨᠳᠤᠷ ᠪᠤᠯ ᠵᠠᠷᠢᠮ ᠳᠤ ᠪᠠᠨ ᠲᠤᠯᠤᠭᠠᠢ ᠡᠪᠡᠳᠬᠦ᠂ ᠲᠤᠯᠤᠭᠠᠢ ᠡᠷᠬᠢᠬᠦ᠂ ᠴᠢᠨᠠᠭᠰᠢᠯᠠᠪᠠᠯ ᠶᠠᠮᠠᠷ ᠴᠤ ᠰᠢᠨᠵᠢ ᠲᠡᠮᠳᠡᠭ ᠦᠭᠡᠢ ᠤᠴᠢᠷ ᠠᠴᠠ ᠴᠢᠰᠤᠨ ᠤ ᠦᠨᠳᠤᠷ ᠲᠠᠷᠤᠯᠳᠠ ᠶᠢ ᠲᠡᠮᠡᠢ ᠬᠠᠮᠢᠶᠠᠷᠬᠤ ᠴᠤ ᠦᠭᠡᠢ ᠪᠠᠶᠢᠳᠠᠭ᠂ ᠬᠡᠳᠡᠯ᠎ᠡ ᠴᠢᠰᠤᠨ ᠤ ᠦᠨᠳᠤᠷ ᠲᠠᠷᠤᠯᠳᠠ ᠶᠢᠨ ᠠᠶᠤᠮᠰᠢᠭ ᠨᠢ ᠬᠦᠮᠦᠨ ᠤ ᠪᠡᠶ᠎ᠡ ᠶᠢᠨ ᠲᠠᠪᠤᠨ ᠴᠤᠯᠤ ᠶᠢ ᠬᠦᠨᠦᠭᠡᠳᠡᠭ ᠂ ᠴᠢᠰᠤᠨ ᠤ ᠲᠠᠷᠤᠯᠳᠠ ᠤᠷᠳᠤ ᠬᠤᠭᠤᠴᠠᠭ᠎ᠠ ᠦᠨᠳᠤᠷ ᠪᠤᠯ ᠵᠢᠷᠦᠬᠡᠨ ᠤ ᠡᠪᠡᠳᠴᠢᠨ᠂ ᠲᠠᠷᠢᠬᠢᠨ ᠳᠤ ᠴᠢᠰᠤ ᠬᠠᠷᠪᠤᠬᠤ᠂ ᠪᠦᠭᠡᠷ᠎ᠡ ᠶᠢᠨ ᠮᠠᠭᠤᠳᠠᠯ᠂ ᠨᠢᠳᠤᠨ ᠤ ᠡᠪᠡᠳᠴᠢᠨ ᠵᠡᠷᠬᠡ ᠶᠢ ᠡᠭᠦᠰᠭᠡᠵᠦ ᠠᠮᠢ ᠨᠠᠰᠤ ᠶᠢ ᠬᠤᠷᠤᠭᠠᠵᠤ᠂ ᠠᠮᠢᠳᠤᠷᠠᠯ ᠤᠨ ᠴᠢᠨᠠᠷ ᠢ ᠨᠦᠯᠦᠬᠡᠯᠡᠳᠡᠭ᠃ᠴᠢᠰᠤᠨ ᠤ ᠦᠨᠳᠤᠷ ᠲᠠᠷᠤᠯᠳᠠ ᠶᠢᠨ ᠬᠤᠤᠷ ᠬᠦᠨᠤᠬᠡᠯ ᠨᠡᠯᠢᠶᠡᠳ ᠬᠦᠨᠳᠤ᠂ ᠬᠡᠳᠡᠯ᠎ᠡ ᠲᠡᠬᠦᠨ ᠢ ᠰᠡᠷᠬᠡᠶᠢᠯᠡᠨ ᠡᠵᠡᠮᠳᠡᠵᠤ ᠪᠤᠯᠤᠨ᠎ᠠ᠂ ᠤᠷᠢᠳᠠᠪᠡᠷ ᠰᠡᠷᠬᠡᠶᠢᠯᠡᠨ ᠲᠠᠷᠠᠭ᠎ᠠ ᠨᠢ ᠡᠵᠡᠮᠳᠡᠨ᠎ᠡ᠃ ᠰᠡᠷᠬᠡᠶᠢᠯᠡᠬᠦ ᠪᠤᠯ ᠵᠠᠪᠠᠯ ᠡᠷᠳᠡᠬᠡᠨ ᠪᠠᠶᠢᠴᠠᠭᠠᠯᠭᠠᠵᠤ᠂ ᠡᠷᠳᠡᠬᠡᠨ ᠡᠮᠴᠢᠯᠡᠬᠦᠯᠬᠦ ᠬᠡᠷᠡᠭᠲᠡᠢ᠂ 35 ᠨᠠᠰᠤᠨ ᠠᠴᠠ ᠰᠡᠬᠦᠯᠡᠷ ᠲᠤᠭᠳᠠᠭᠰᠠᠨ ᠬᠤᠭᠤᠴᠠᠭᠠᠨ ᠳᠤ ᠴᠢᠰᠤᠨ ᠤ ᠲᠠᠷᠤᠯᠳᠠ ᠪᠠᠨ ᠬᠡᠮᠵᠢᠬᠦ ᠬᠡᠷᠡᠭᠲᠡᠢ᠃ ᠵᠠᠷᠢᠮ ᠲᠠᠷᠭᠤᠨ᠂ ᠲᠠᠮᠢᠷᠳᠠᠬᠤ᠂ ᠤᠷᠳᠤ ᠬᠤᠭᠤᠴᠠᠭ᠎ᠠ ᠲᠠᠪᠤᠰᠤ ᠢᠯᠡᠬᠦᠦ ᠢᠳᠡᠬᠦ᠂ ᠠᠷᠢᠬᠢ ᠲᠠᠮᠠᠬᠢ ᠤᠤᠭᠤᠬᠤ᠂ ᠠᠵᠢᠯ ᠤᠨ ᠲᠠᠷᠤᠭᠠᠰᠤ ᠬᠦᠨᠳᠤ ᠪᠤᠶᠤ ᠪᠤᠬᠢᠮᠳᠠᠬᠤ᠂ ᠴᠢᠰᠤᠨ ᠤ ᠦᠨᠳᠤᠷ ᠲᠠᠷᠤᠯᠳᠠ ᠶᠢᠨ ᠡᠪᠳᠴᠢᠨ ᠤ ᠲᠡᠦᠬᠡ ᠲᠠᠢ ᠬᠡᠷ ᠪᠦᠯᠢ ᠶᠢᠨ ᠬᠦᠮᠦᠰ ᠴᠢᠰᠤᠨ ᠤ ᠦᠨᠳᠤᠷ ᠲᠠᠷᠤᠯᠳᠠ ᠶᠢᠨ ᠡᠪᠡᠳᠴᠢᠨ ᠳᠤ ᠨᠡᠷᠪᠡᠭᠳᠡᠬᠦ ᠠᠶᠤᠯ ᠦᠨᠳᠤᠷ ᠪᠠᠶᠢᠬᠤ ᠪᠤᠯᠤᠮᠵᠢ ᠲᠠᠢ᠃
 
ᠢᠷᠡᠯᠲᠡ᠄ ᠰᠢᠨᠬᠤᠧᠠ ᠮᠤᠩᠭ᠋ᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号