ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠬᠤᠳᠠ ᠶᠢᠨ ᠠᠷᠠᠳ ᠤᠨ ᠲᠤᠮᠤ ᠲᠢᠩᠬᠢᠮ ᠤᠨ ᠴᠤᠩᠬᠤᠪᠴᠢ ᠶᠢᠨ ᠠᠵᠢᠯ ᠤᠨ ᠰᠠᠬᠢᠯᠭ᠎ᠠ ᠪᠠᠳᠤ ᠶᠢ ᠴᠢᠨᠠᠬᠰᠢᠳᠠ ᠴᠢᠩᠭᠠᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018/5/20
            ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠬᠡᠷ ᠤᠨ ᠲᠠᠷᠬᠠᠭᠠᠬᠰᠠᠨ ︹2018︺23  ᠳ᠋ᠦ᠋ᠭᠡᠷ ᠲᠤᠭᠠᠳᠤᠤᠷᠤᠵᠤ ᠰᠠᠭᠤᠬᠰᠠᠨ ᠡᠯ᠎ᠡ ᠰᠠᠯᠠᠭ᠎ᠠ ᠮᠦᠴᠢᠷ᠂ ᠡᠯ᠎ᠡ ᠴᠤᠩᠬᠤᠪᠴᠢ᠄      ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠤᠭᠤᠷᠢᠭ ᠤᠨ ︽ᠰᠤᠷᠳᠠᠯ ᠤᠨ ᠪᠠᠶᠢᠭᠤᠯᠤᠯᠳᠠ ᠶᠢᠨ ᠤᠨ︾ ᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠬᠦ ᠲᠤᠬᠠᠢ ᠱᠠᠭᠠᠷᠳᠠᠯᠭ᠎ᠠ ᠶᠢ ᠬᠦᠨᠵᠠᠬᠡᠶᠢᠷᠡᠬᠦᠯᠦᠨ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠴᠤᠩᠬᠤᠪᠴᠢ ᠶᠢᠨ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠵᠤ᠂ ᠠᠵᠢᠯ ᠤᠨ ᠰᠤᠷᠳᠠᠯ ᠢᠶᠠᠨ ᠴᠢᠨᠠᠬᠰᠢᠳᠠ ᠰᠠᠶᠢᠵᠢᠷᠠᠭᠤᠯᠵᠤ᠂ ᠬᠤᠳᠠ ᠶᠢᠨ ᠠᠷᠠᠳ ᠤᠨ ᠲᠢᠩᠬᠢᠮ ᠤᠨ ᠪᠦᠬᠦ ᠠᠵᠢᠯᠳᠠᠨ ᠤ ᠨᠠᠶᠢᠳᠠᠪᠦᠷᠢᠵᠢᠭᠤᠯᠬᠤ ᠶᠢ ᠠᠳᠬᠤᠵᠤ ᠬᠦᠭᠵᠢᠯᠳᠠ ᠶᠢ ᠠᠬᠢᠭᠤᠯᠬᠤ ᠤᠬᠠᠮᠰᠠᠷ ᠪᠤᠯᠤᠨ ᠴᠢᠳᠡᠪᠦᠷᠢ ᠶᠢ ᠦᠨᠡᠨᠬᠦ ᠲᠡᠬᠡᠭᠰᠢᠯᠡᠬᠦᠯᠬᠦ ᠶᠢᠨ ᠲᠦᠯᠦᠬᠡ᠂ ᠬᠠᠮᠢᠶ᠎ᠠ ᠪᠦᠬᠦᠢ ᠵᠦᠢᠯ ᠤᠨ ᠲᠤᠬᠠᠢ ᠲᠤᠤᠷᠠᠬᠢ ᠮᠠᠳᠤ ᠮᠡᠳᠡᠭᠳᠡᠵᠤ ᠪᠠᠶᠢᠨ᠎ᠠ᠄       ᠨᠢᠬᠡ᠂ ᠠᠵᠢᠯ ᠳᠤ ᠭᠠᠷᠬᠤ ᠲᠦᠷᠢᠮ ᠢ ᠴᠢᠨᠠᠬᠰᠢᠳᠠ ᠲᠦᠷᠢᠮᠵᠢᠬᠦᠯᠦᠨ᠎ᠠ      ᠤᠷᠦ᠋ᠢᠳᠠᠵᠤ ᠢᠷᠡᠬᠦ ᠡᠷᠳᠡ ᠠᠵᠢᠯ ᠠᠴᠠ ᠪᠠᠨ ᠪᠠᠭᠤᠬᠤ᠂ ᠤᠴᠢᠷ ᠰᠢᠯᠳᠠᠭᠠᠨ ᠦᠬᠡᠢ ᠪᠠᠷ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠳᠠᠭᠠᠨ ᠢᠳᠡᠪᠬᠢ ᠦᠬᠡᠢ ᠬᠠᠰᠢ ᠶᠠᠰᠢ ᠪᠠᠷ ᠬᠠᠨᠳᠤᠬᠤ᠂ ᠤᠶᠤᠨ ᠰᠠᠨᠠᠭᠠᠨ ᠤ ᠲᠦᠷᠰᠦ ᠪᠠᠶᠢᠳᠠᠯ ᠠᠨᠠᠢ᠂ ᠦᠷ᠎ᠠ ᠠᠰᠢᠭ ᠦᠨᠳᠦᠷ ᠪᠢᠰᠢ ᠵᠡᠷᠬᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠠ      ︵ᠨᠢᠬᠡ︶ ᠬᠤᠳᠠ ᠶᠢᠨ ᠠᠷᠠᠳ ᠤᠨ ᠲᠢᠩᠬᠢᠮ ᠤᠨ ᠴᠤᠩᠬᠤᠪᠴᠢ ᠶᠢᠨ ᠠᠵᠢᠯᠳᠠᠨ ᠳᠤ ᠭᠠᠷ ᠤᠨ ᠦᠰᠦᠭ ᠵᠢᠷᠤᠵᠤ ᠠᠵᠢᠯ ᠳᠤ ᠭᠠᠷᠬᠤ᠂ ᠭᠠᠷ ᠤᠨ ᠦᠰᠦᠭ ᠵᠢᠷᠤᠵᠤ ᠠᠵᠢᠯ ᠠᠴᠠ ᠪᠠᠨ ᠪᠠᠭᠤᠬᠤ ᠠᠵᠢᠯᠯᠠᠬᠤ ᠲᠦᠷᠢᠮ ᠢ ᠬᠡᠷᠡᠭᠵᠢᠬᠦᠯᠵᠤ᠂ ᠨᠢᠭᠤᠷ ᠬᠤᠷᠤᠭᠤᠨ ᠤ ᠤᠷᠤᠮ ᠢᠶᠠᠷ ᠭᠠᠷ ᠤᠨ ᠦᠰᠦᠭ ᠵᠢᠷᠤᠬᠤ ᠰᠢᠰᠲ᠋ᠧᠮ ᠢ ᠪᠦᠬᠦ ᠴᠤᠩᠬᠤᠪᠴᠢ ᠳᠤ ᠪᠦᠷᠬᠦᠬᠦᠯᠵᠤ᠂ ᠠᠵᠢᠯᠳᠠᠨ ᠠᠵᠢᠯᠯᠠᠬᠤ ᠴᠠᠭ ᠶᠤᠰᠤᠭᠠᠷ ᠠᠵᠢᠯ ᠳᠠᠭᠠᠨ ᠭᠠᠷᠴᠤ ᠠᠵᠢᠯ ᠠᠴᠠ ᠪᠠᠨ ᠪᠠᠭᠤᠵᠤ᠂ ᠤᠴᠢᠷ ᠰᠢᠯᠳᠠᠭᠠᠨ ᠦᠬᠡᠢ ᠪᠠᠷ ᠠᠵᠢᠯ ᠳᠠᠭᠠᠨ ᠭᠠᠷᠬᠤ ᠠᠵᠢᠯ ᠠᠴᠠ ᠪᠠᠨ ᠪᠠᠭᠤᠬᠤ ᠭᠠᠷ ᠤᠨ ᠦᠰᠦᠭ ᠵᠢᠷᠤᠬᠤ ᠦᠬᠡᠢ ᠪᠤᠯ ᠤᠷᠦ᠋ᠢᠳᠠᠵᠤ ᠢᠷᠡᠭᠰᠡᠨ ᠡᠷᠳᠡ ᠠᠵᠢᠯ ᠠᠴᠠ ᠪᠠᠨ ᠪᠠᠭᠤᠬᠰᠠᠨ ᠢᠶᠠᠷ ᠰᠢᠢᠳᠪᠦᠷᠢᠯᠡᠨ᠎ᠠ᠃     ︵ᠬᠤᠶᠠᠷ︶ ᠴᠢᠯᠦᠬᠡ ᠭᠤᠶᠤᠬᠤ ᠴᠢᠯᠦᠬᠡ ᠲᠠᠶᠢᠯᠬᠤ ᠲᠦᠷᠢᠮ ᠢ ᠴᠢᠩᠭ᠎ᠠ ᠬᠡᠷᠡᠭᠵᠢᠬᠦᠯᠦᠨ᠎ᠠ᠃ ᠴᠤᠩᠬᠤᠪᠴᠢ ᠶᠢᠨ ᠠᠵᠢᠯᠳᠠᠨ ᠤᠴᠢᠷ ᠰᠢᠯᠳᠠᠭᠠᠨ ᠲᠠᠢ ᠠᠴᠠ ᠪᠤᠯᠵᠤ ᠠᠵᠢᠯ ᠤᠨ ᠪᠠᠶᠢᠷᠢ ᠠᠴᠠ ᠪᠠᠨ ᠰᠠᠯᠬᠤ ᠳᠤ ᠵᠠᠪᠠᠯ ᠴᠢᠯᠦᠬᠡ ᠭᠤᠶᠤᠬᠤ ᠭᠠᠷᠳᠠᠮ ᠬᠦᠢᠴᠡᠳᠬᠡᠬᠦ ᠶᠢ ᠬᠡᠷᠡᠭᠵᠢᠬᠦᠯᠬᠦ ᠬᠡᠷᠡᠭᠳᠡᠢ᠃ ᠨᠢᠬᠡ ᠡᠳᠦᠷ ᠤᠨ ᠲᠤᠳᠤᠷ᠎ᠠ ᠴᠤᠩᠬᠤᠪᠴᠢ ᠶᠢᠨ ᠬᠠᠷᠢᠭᠤᠴᠠᠯᠭᠠᠳᠠᠨ ᠢᠶᠠᠷ ᠵᠦᠪᠰᠢᠶᠠᠷᠠᠬᠦᠯᠦᠨ᠎ᠠ︔ 2 ᠡᠳᠦᠷ ᠤᠨ ᠳᠤᠳᠤᠷ᠎ᠠ ᠪᠤᠯ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠬᠤᠪᠢᠳᠠᠨ ᠬᠠᠮᠢᠶᠠᠷᠬᠤ ᠲᠡᠳ᠋ ᠡᠷᠬᠢᠯᠡᠭᠴᠢ ᠪᠠᠷ ᠵᠦᠪᠰᠢᠶᠠᠷᠠᠬᠦᠯᠦᠨ᠎ᠠ︔ 2 ᠡᠳᠦᠷ ᠠᠴᠠ ᠲᠡᠬᠡᠭᠰᠢ ᠪᠤᠯ ᠰᠠᠯᠠᠭ᠎ᠠ ᠮᠦᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠭᠠᠷ ᠤᠨ ᠦᠰᠦᠭ ᠵᠢᠷᠦᠵᠤ ᠵᠦᠪᠰᠢᠶᠡᠷᠡᠭᠰᠡᠨ ᠤ ᠲᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠡᠷᠬᠢᠯᠡᠭᠴᠢ ᠪᠠᠷ ᠵᠦᠪᠰᠢᠶᠡᠷᠡᠬᠦᠯᠦᠨ᠎ᠠ︔ ᠡᠪᠡᠳᠴᠢᠨ ᠠᠴᠠ ᠪᠤᠯᠵᠤ ᠴᠢᠯᠦᠬᠡ ᠭᠤᠶᠤᠬᠰᠠᠳ ᠡᠷᠬᠡᠪᠰᠢ ᠡᠮ ᠡᠮᠨᠡᠯᠬᠡ ᠶᠢᠨ ᠪᠠᠶᠢᠭᠤᠯᠤᠮᠵᠢ ᠶᠢᠨ ᠬᠡᠷᠡᠴᠢᠯᠠᠯ ᠪᠠᠶᠢᠬᠤ ᠬᠡᠷᠡᠭᠳᠡᠢ᠃ ᠠᠮᠠᠷᠠᠯᠳᠠ ᠶᠢᠨ ᠬᠤᠭᠤᠴᠠᠭᠠᠨ ᠳᠤ ᠲᠡᠬᠦᠨ ᠤ ᠠᠵᠢᠯ ᠤᠨ ᠪᠠᠶᠢᠷᠢ ᠶᠢ B ᠠᠵᠢᠯ ᠤᠨ ᠪᠠᠶᠢᠷᠢ ᠶᠢᠨ ᠠᠵᠢᠯᠳᠠᠨ ᠬᠠᠷᠢᠭᠤᠴᠠᠵᠤ᠂ ᠠᠵᠢᠯ ᠤᠨ ᠪᠠᠶᠢᠷᠢ ᠶᠢ ᠬᠤᠭᠤᠰᠤᠨ ᠪᠠᠶᠢᠯᠭᠠᠵᠤ ᠪᠤᠯᠬᠤ ᠦᠬᠡᠢ᠃ ᠴᠢᠯᠦᠬᠡ ᠭᠤᠶᠤᠬᠰᠠᠨ ᠭᠠᠷᠳᠠᠮ ᠢ ᠴᠦᠮ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠠᠯᠪᠠᠨ ᠬᠡᠷ ᠲᠤ ᠲᠤᠰᠢᠶᠠᠵᠤ ᠲᠠᠩᠰᠠᠯᠠᠭᠤᠯᠬᠤ ᠬᠡᠷᠡᠭᠳᠡᠢ᠃      ᠬᠤᠶᠠᠷ᠂ ᠠᠵᠢᠯ ᠤᠨ ᠰᠠᠬᠢᠯᠭ᠎ᠠ ᠪᠠᠳᠤ ᠶᠢ ᠴᠢᠨᠠᠬᠰᠢᠳᠠ ᠴᠢᠩᠭᠠᠳᠬᠠᠨ᠎ᠠ     ᠤᠳᠠᠭᠠᠰᠢᠷᠠᠭᠤᠯᠵᠤ ᠠᠯᠪᠠ ᠬᠠᠰᠢᠬᠤ᠂ ᠢᠳᠡᠬᠦ ᠲᠦᠪᠡᠭᠳᠡᠭᠦᠯᠬᠦ ᠭᠠᠴᠢᠬᠤ ᠠᠪᠬᠤ᠂ ᠲᠤᠷ᠎ᠠ ᠲᠠᠪᠠ ᠪᠠᠷ ᠢᠶᠠᠨ ᠡᠷᠬᠡ ᠪᠠᠨ ᠬᠡᠷᠡᠭᠵᠢᠬᠦᠯᠬᠦ᠂ ᠠᠵᠢᠯ ᠢᠶᠠᠨ ᠦᠯᠦ ᠬᠢᠬᠦ᠂ ᠬᠤᠳᠠᠯ ᠢᠶᠠᠷ ᠦᠢᠯᠡᠳᠬᠦ᠂ ᠲᠤᠷ᠎ᠠ ᠪᠠᠷ ᠢᠶᠠᠨ ᠦᠢᠯᠡᠳᠬᠦ᠂ ᠤᠳᠠᠭᠠᠰᠢᠷᠠᠭᠤᠯᠬᠤ ᠪᠤᠯᠤᠨ ︽ᠲᠦᠷᠪᠡᠨ ᠰᠤᠷᠳᠠᠯ︾ ᠤᠨ ᠰᠢᠨ᠎ᠠ ᠢᠯᠡᠷᠡᠯ ᠢ ᠡᠷᠡᠰ ᠴᠡᠭᠴᠡᠯᠡᠨ ᠵᠠᠰᠠᠵᠤ᠂ ᠲᠦᠪ ᠴᠢᠩᠭ᠎ᠠ ᠦᠨᠡᠨ ᠪᠤᠳᠠᠳᠠᠢ ᠠᠵᠢᠯ ᠤᠨ ᠰᠤᠷᠳᠠᠯ ᠢ ᠪᠤᠢ ᠪᠤᠯᠭᠠᠬᠤ ᠬᠡᠷᠡᠭᠳᠡᠢ᠃     ︵ᠨᠢᠬᠡ︶ ᠦᠢᠯᠡᠴᠢᠯᠡᠬᠦ ᠡᠳᠡᠬᠡᠳ ᠲᠤ ᠬᠤᠶᠢᠷᠭᠤᠰᠢᠬᠤ᠂ ᠬᠡᠳᠡᠷᠬᠦᠯᠡᠬᠦ᠂ ᠲᠦᠪᠡᠭᠳᠡᠬᠦᠯᠬᠦ ᠶᠢ ᠴᠢᠩᠭ᠎ᠠ ᠬᠤᠷᠢᠬᠯᠠᠵᠤ᠂ ᠦᠢᠯᠡᠴᠢᠯᠡᠬᠦ ᠡᠳᠡᠬᠡᠳ ᠯᠦᠭᠡ ᠮᠦᠷᠬᠦᠯᠳᠦᠬᠡᠨ ᠭᠠᠷᠬᠤ ᠶᠢ ᠡᠷᠡᠰ ᠴᠡᠬᠡᠷᠯᠡᠵᠤ᠂ ᠦᠢᠯᠡᠴᠢᠯᠡᠬᠦ ᠡᠳᠡᠬᠡᠳ ᠠᠴᠠ ︽ᠢᠳᠡᠬᠦ ᠲᠦᠪᠡᠭᠳᠡᠭᠦᠯᠬᠦ ᠭᠠᠴᠢᠬᠤ ᠠᠪᠬᠤ︾ ᠶᠢ ᠡᠷᠡᠰ ᠬᠤᠷᠢᠬᠯᠠᠵᠤ᠂ ︽ᠡᠬᠦᠳᠡ ᠶᠢ ᠨᠢ ᠤᠷᠤᠬᠤ ᠳᠤ ᠬᠦᠴᠢᠷ᠂ ᠦᠬᠡᠳᠡ ᠴᠢᠷᠠᠢ ᠦᠬᠡᠢ᠂ ᠶᠠᠪᠤᠳᠠᠯ ᠤᠴᠢᠷ ᠬᠦᠢᠴᠡᠳᠬᠡᠬᠦ ᠳᠤ ᠬᠦᠴᠢᠷ︾ ᠦᠵᠡᠭᠳᠡᠯ ᠡᠬᠦᠰᠬᠦ ᠶᠢ ᠡᠷᠡᠰ ᠲᠡᠪᠴᠢᠬᠦ ᠬᠡᠷᠡᠭᠳᠡᠢ᠃     ︵ᠬᠤᠶᠠᠷ︶ ᠠᠵᠢᠯᠯᠠᠬᠤ ᠬᠤᠭᠤᠴᠠᠭᠠᠨ ᠳᠤ ᠲᠤᠬᠯᠠᠭᠠᠮ ᠨᠠᠭᠠᠳᠬᠤ᠂ ᠸᠢᠳᠢᠣ᠋ ᠦᠵᠡᠬᠦ᠂ ᠰᠦᠯᠵᠢᠶᠠᠨ ᠠᠴᠠ ᠪᠠᠷᠠᠭ᠎ᠠ ᠬᠤᠳᠠᠯᠳᠤᠨ ᠠᠪᠬᠤ᠂ ᠠᠵᠢᠯ ᠤᠨ ᠪᠠᠶᠢᠷᠢ ᠲᠠᠮᠵᠢᠵᠤ ᠵᠤᠭᠤᠬᠳᠠᠬᠤ᠂ ᠲᠡᠮᠡᠬᠢ ᠲᠠᠳᠠᠬᠤ᠂ ᠬᠤᠭᠤᠯᠠ ᠢᠳᠡᠬᠦ ᠶᠢ ᠴᠢᠩᠭ᠎ᠠ ᠬᠤᠷᠢᠬᠯᠡᠵᠤ᠂ ᠠᠯᠪᠠᠯᠠᠬᠤ ᠤᠷᠤᠨ ᠪᠦᠰᠡ ᠶᠢᠨ ᠲᠤᠳᠤᠷ᠎ᠠ ᠦᠢᠯᠡᠴᠢᠯᠡᠬᠦ ᠡᠳᠡᠬᠡᠳ ᠢ ᠬᠦᠯᠢᠶᠡᠨ ᠠᠪᠬᠤ᠂ ᠵᠤᠴᠢᠨ ᠲᠠᠢ ᠠᠭᠤᠯᠵᠠᠬᠤ᠂ ᠬᠡᠦᠬᠡᠳ ᠲᠠᠭᠠᠭᠤᠯᠬᠤ ᠡᠰᠡᠬᠦᠯ᠎ᠠ ᠠᠵᠢᠯ ᠲᠠᠢ ᠬᠠᠮᠢᠶ᠎ᠠ ᠦᠬᠡᠢ ᠪᠤᠰᠤᠳ ᠠᠵᠢᠯᠯᠠᠭ᠎ᠠ ᠬᠢᠬᠦ ᠶᠢ ᠡᠷᠡᠰ ᠬᠤᠷᠢᠬᠯᠠᠬᠤ ᠬᠡᠷᠡᠭᠳᠡᠢ᠃      ︵ᠭᠤᠷᠪᠠ︶ ᠲᠤᠰ ᠰᠠᠯᠠᠭᠠᠨ ᠤ ᠪᠤᠰᠤ ᠶᠢᠨ ᠠᠵᠢᠯᠳᠠᠨ ᠴᠤᠩᠬᠤᠪᠴᠢ ᠶᠢᠨ ᠠᠵᠢᠯ ᠤᠨ ᠪᠠᠶᠢᠷᠢ ᠶᠢ ᠤᠷᠤᠯᠠᠬᠤ ᠶᠢ ᠴᠢᠩᠭ᠎ᠠ ᠬᠤᠷᠢᠬᠯᠠᠬᠤ ᠬᠡᠷᠡᠭᠳᠡᠢ᠃        ᠭᠤᠷᠪᠠ᠂ ᠦᠢᠯᠡᠴᠢᠯᠡᠬᠦ ᠤᠬᠠᠮᠰᠠᠷ ᠢ ᠴᠢᠨᠠᠬᠰᠢᠳᠠ ᠴᠢᠩᠭᠠᠳᠬᠠᠨ᠎ᠠ     ᠦᠢᠯᠡᠴᠢᠯᠡᠬᠦ ᠤᠬᠠᠮᠰᠠᠷ ᠠᠨᠠᠢ᠂ ᠢᠯᠡ ᠪᠤᠯᠭᠠᠬᠤ ᠶᠤᠰᠤᠳᠠᠢ ᠮᠡᠳᠡᠭᠡ ᠵᠠᠩᠬᠢ ᠶᠢ ᠴᠠᠭ ᠲᠤᠬᠠᠢ ᠳᠤᠨᠢ ᠢᠯᠡ ᠪᠤᠯᠭᠠᠬᠰᠠᠨ ᠦᠬᠡᠢ᠂ ᠬᠦᠯᠢᠶᠡᠨ ᠠᠪᠴᠤ ᠰᠢᠢᠳᠪᠦᠷᠢᠯᠡᠬᠦ ᠶᠤᠰᠤᠳᠠᠢ ᠤᠴᠢᠷ ᠶᠠᠪᠤᠳᠠᠯ ᠢ ᠴᠠᠭ ᠲᠤᠬᠠᠢ ᠳᠤᠨᠢ ᠰᠢᠢᠳᠪᠦᠷᠢᠯᠡᠭᠰᠡᠨ ᠦᠬᠡᠢ᠂ ᠮᠡᠳᠡᠭᠳᠡᠪᠡᠯ ᠵᠤᠬᠢᠰᠳᠠᠢ ᠶᠠᠪᠤᠳᠠᠯ ᠢ ᠨᠢᠬᠡᠯᠡ ᠲᠡᠭᠡᠷ᠎ᠡ ᠮᠡᠳᠡᠭᠳᠡᠭᠰᠡᠨ ᠦᠬᠡᠢ ᠵᠡᠷᠬᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠤ᠂ ᠰᠠᠬᠢᠯᠭ᠎ᠠ ᠪᠨᠳᠤ ᠰᠤᠯᠠ ᠵᠠᠳᠠᠭᠠᠢ᠂ ᠰᠤᠷᠳᠠᠯ ᠬᠦᠪᠰᠤᠬᠡᠷ ᠰᠤᠯᠠ᠂ ︽ᠡᠬᠦᠳᠡ ᠶᠢ ᠨᠢ ᠤᠷᠤᠬᠤ ᠳᠤ ᠠᠮᠠᠷ᠂ ᠦᠬᠡᠳᠡ ᠴᠢᠷᠠᠢ ᠲᠠᠢ︾ ᠪᠤᠯᠪᠠᠴᠤ ︽ᠶᠠᠪᠤᠳᠠᠯ ᠬᠦᠢᠴᠡᠳᠬᠡᠬᠦ ᠳᠤ ᠬᠦᠴᠢᠷ︾᠂ ︽ᠰᠢᠯᠳᠠᠬᠯᠠᠵᠤ ᠤᠳᠠᠭᠠᠰᠢᠷᠠᠭᠤᠯᠬᠤ︾ ᠵᠡᠷᠬᠡ ᠦᠵᠡᠭᠳᠡᠯ ᠡᠬᠦᠰᠬᠦ ᠶᠢ ᠡᠷᠡᠰ ᠲᠡᠪᠴᠢᠬᠦ ᠬᠡᠷᠡᠭᠳᠡᠢ᠃     ︵ᠨᠢᠬᠡ︶ ᠤᠯᠠᠨ ᠲᠦᠮᠡᠨ ᠢ ᠬᠦᠯᠢᠶᠡᠨ ᠠᠪᠬᠤ ᠳᠠᠭᠠᠨ᠄ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠤ᠂ ᠢᠨᠢᠶᠡᠮᠰᠦᠭᠯᠡᠨ ᠦᠢᠯᠡᠴᠢᠯᠡᠬᠦ ᠶᠢ ᠪᠠᠶᠡᠯᠡᠬᠦᠯᠵᠤ᠂ ᠠᠩᠬᠠᠨ ᠤ ᠠᠰᠠᠭᠤᠯᠳᠠ ᠶᠢ ᠠᠰᠠᠭᠤᠬᠤ ᠶᠢ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠬᠦᠯᠬᠦ ᠬᠡᠷᠡᠭᠳᠡᠢ᠃     ︵ᠬᠤᠶᠠᠷ︶ ᠠᠰᠠᠭᠤᠨ ᠯᠠᠪᠯᠠᠭ᠎ᠠ ᠶᠢ ᠬᠠᠷᠢᠭᠤᠯᠬᠤ ᠳᠠᠭᠠᠨ᠄ ᠬᠦᠯᠢᠴᠡᠩᠬᠦᠢ ᠦᠨᠡᠨᠴᠢ᠂ ᠤᠢᠢᠯᠠᠭᠠᠬᠤ ᠳᠤ ᠠᠮᠠᠷ᠂ ᠲᠤᠳᠤ ᠲᠤᠳᠤᠷᠬᠠᠢ ᠤᠨᠤᠪᠴᠢᠳᠠᠢ ᠪᠠᠶᠢᠬᠤ ᠶᠢ ᠪᠡᠶᠡᠯᠡᠬᠦᠯᠬᠦ ᠬᠡᠷᠡᠭᠳᠡᠢ᠃      ︵ᠭᠤᠷᠪᠠ︶ ᠲᠤᠬᠠᠢᠢᠯᠠᠬᠰᠠᠨ ᠠᠵᠢᠯ ᠢ ᠬᠦᠢᠴᠡᠳᠬᠡᠬᠦ ᠳᠡᠭᠡᠨ᠄ ︽ᠨᠢᠬᠡᠯᠡ ᠲᠡᠭᠡᠷ᠎ᠡ ᠳᠤᠳᠤᠷᠬᠠᠢ︾ ᠮᠡᠳᠡᠭᠳᠡᠬᠦ᠂ ᠮᠠᠲ᠋ᠧᠷᠢᠶᠠᠯ ᠬᠦᠢᠴᠡᠳ ᠪᠠᠶᠢᠬᠤ ᠶᠢ ᠪᠡᠶᠡᠯᠡᠬᠦᠯᠵᠤ᠂ ᠤᠯᠠᠨ ᠲᠦᠮᠡᠨ ᠶᠠᠪᠤᠳᠠᠯ ᠬᠦᠢᠴᠡᠳᠬᠡᠬᠦ ᠳᠤ ︽ᠬᠡᠳᠦᠷᠡᠬᠦ ᠳᠡᠭᠡᠨ ᠨᠢᠬᠡ ᠤᠳᠠᠭ᠎ᠠ ᠬᠦᠶᠦᠯᠬᠡᠬᠦ︾ ᠶᠢ ᠴᠢᠷᠮᠠᠶᠢᠨ ᠪᠡᠶᠡᠯᠡᠬᠦᠯᠬᠦ ᠬᠡᠷᠡᠭᠳᠡᠢ᠃      ︵ᠲᠦᠷᠪᠡ︶ ᠰᠠᠨᠠᠯ᠂ ᠰᠠᠨᠠᠭᠤᠯᠭ᠎ᠠ ᠪᠤᠯᠤᠨ ᠰᠢᠬᠦᠮᠵᠢᠯᠡᠯ ᠢ ᠰᠤᠨᠤᠰᠬᠤ ᠳᠠᠭᠠᠨ᠄ ᠲᠠᠷᠤᠤ ᠬᠦᠯᠢᠴᠡᠩᠬᠦᠢ᠂ ᠪᠠᠶᠢᠪᠠᠯ ᠵᠠᠯᠠᠷᠠᠭᠤᠯᠵᠤ᠂ ᠦᠬᠡᠢ ᠪᠤᠯ ᠰᠡᠷᠡᠮᠵᠢᠯᠡᠬᠦ ᠶᠢ ᠪᠡᠶᠡᠯᠡᠬᠦᠯᠬᠦ ᠬᠡᠷᠡᠭᠳᠡᠢ᠃        ᠲᠦᠷᠪᠡ᠂ ᠬᠢᠨᠠᠨ ᠬᠠᠮᠢᠶᠠᠷᠤᠯᠳᠠ ᠶᠢ ᠴᠢᠨᠠᠬᠰᠢᠳᠠ ᠴᠢᠩᠭᠠᠳᠬᠠᠨ᠎ᠠ     ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ︽ᠡᠳᠦᠷ ᠲᠤ ᠨᠢᠬᠡ ᠤᠳᠠᠭ᠎ᠠ ᠲᠤᠭᠤᠷᠢᠨ ᠪᠠᠶᠢᠴᠠᠭᠠᠵᠤ᠂ ᠭᠠᠷᠠᠭ ᠲᠤ ᠨᠢᠬᠡ ᠤᠳᠠᠭ᠎ᠠ ᠨᠠᠶᠢᠳᠡᠯᠡᠵᠤ᠂ ᠰᠠᠷ᠎ᠠ ᠳᠤ ᠨᠢᠬᠡ ᠤᠳᠠᠭ᠎ᠠ ᠦᠨᠡᠯᠡᠬᠦ︾ ᠨᠠᠶᠢᠳᠠᠯᠡᠬᠦ ᠲᠦᠷᠢᠮ ᠢ ᠴᠢᠩᠭ᠎ᠠ ᠬᠡᠷᠡᠭᠵᠢᠬᠦᠯᠵᠤ᠂ ᠰᠠᠷ᠎ᠠ ᠪᠦᠷᠢ ᠴᠤᠩᠬᠤᠪᠴᠢ ᠶᠢᠨ ᠰᠤᠷᠳᠠᠯ ᠤᠨ ᠪᠠᠶᠢᠭᠤᠯᠤᠯᠳᠠ ᠶᠢᠨ ᠪᠠᠶᠢᠳᠠᠯ ᠳᠤ ᠠᠳᠠᠯᠢᠳᠬᠠᠨ ᠰᠢᠯᠭᠠᠷᠠᠭᠤᠯᠵᠤ ᠬᠤᠪᠢ ᠦᠭᠬᠦᠨ᠎ᠠ᠃ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠬᠡᠷ ᠲᠤᠬᠳᠠᠮᠠᠯ ᠬᠤᠭᠤᠴᠠᠭ᠎ᠠ ᠲᠠᠢ ᠪᠠᠷ ᠴᠤᠩᠬᠤᠪᠴᠢ ᠶᠢᠨ ᠰᠤᠷᠳᠠᠯ ᠤᠨ ᠪᠠᠶᠢᠭᠤᠯᠤᠯᠳᠠ ᠶᠢᠨ ᠪᠠᠶᠢᠳᠠᠯ ᠢ ᠨᠡᠶᠢᠳᠡᠯᠡᠵᠤ᠂ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠳᠤ ᠬᠦᠷᠬᠡᠨ ᠮᠡᠳᠡᠬᠦᠯᠦᠨ᠎ᠠ᠃ ᠭᠤᠮᠤᠳᠠᠯ ᠲᠤᠭᠠᠴᠢᠵᠤ ᠢᠯᠡᠴᠢᠯᠠᠨ ᠵᠠᠭᠠᠯᠳᠤᠬᠤ ᠵᠠᠮ ᠰᠤᠪᠠᠭ ᠢ ᠰᠠᠭᠠᠳ ᠦᠬᠡᠢ ᠪᠠᠶᠢᠯᠭᠠᠵᠤ᠂ ᠬᠤᠳᠠ ᠶᠢᠨ ᠠᠷᠠᠳ ᠤᠨ ᠲᠤᠮᠤ ᠲᠢᠩᠬᠢᠮ ᠤᠨ ᠬᠠᠯᠠᠮᠰᠢᠯ ᠤᠳᠠᠰᠤ ᠵᠢᠴᠢ ᠭᠤᠮᠤᠳᠠᠯ ᠲᠤᠭᠠᠴᠢᠯᠳᠠ ᠶᠢ ᠬᠦᠯᠢᠶᠡᠨ ᠠᠪᠬᠤ ᠤᠳᠠᠰᠤ ᠶᠢᠨ ᠲᠤᠰᠬᠠᠢ ᠠᠵᠢᠯᠳᠠᠨ ᠢ ᠨᠡᠮᠡᠵᠤ ᠲᠤᠬᠢᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠠᠨ ᠲᠡᠭᠡᠷᠡᠬᠢ ᠲᠢᠩᠬᠢᠮ᠂ ᠵᠢᠷᠬᠢᠶ᠎ᠠ ᠨᠠᠶᠢᠳᠠ ᠶᠢᠨ ᠲᠠᠪᠴᠠᠩ᠂ ᠰᠢᠯᠵᠢᠶ᠎ᠠ APP ᠶᠢᠨ ᠭᠤᠮᠤᠳᠠᠯ ᠲᠤᠭᠠᠴᠢᠯᠳᠠ ᠶᠢᠨ ᠵᠠᠮ ᠰᠤᠪᠠᠭ ᠢ ᠨᠡᠪᠳᠡᠷᠡᠬᠦᠯᠵᠤ᠂ ︽ᠰᠤᠷᠳᠠᠯ ᠤᠨ ᠪᠠᠶᠢᠭᠤᠯᠤᠯᠳᠠ︾ ᠶᠢᠨ ᠰᠠᠨᠠᠯ ᠬᠤᠷᠢᠶᠠᠬᠤ ᠬᠠᠶᠢᠷᠴᠠᠭ ᠢ ᠲᠤᠬᠢᠷᠠᠭᠤᠯᠵᠤ᠂ ᠡᠯᠧᠺᠲᠷᠤᠨ ᠪᠠᠶᠢᠴᠠᠭᠠᠨ ᠯᠠᠪᠯᠠᠬᠤ ᠮᠠᠰᠢᠨ ᠪᠤᠯᠤᠨ ᠵᠢᠷᠬᠢᠶ᠎ᠠ ᠨᠡᠶᠢᠳᠡ ᠶᠢᠨ ᠲᠠᠪᠴᠠᠩ ᠲᠤᠳᠤᠷᠠᠬᠢ ᠬᠠᠨᠤᠮᠵᠢᠳᠠᠢ ᠬᠡᠮᠵᠢᠶ᠎ᠠ ᠶᠢᠨ ᠦᠨᠡᠯᠡᠯᠳᠡ ᠶᠢᠨ ᠰᠠᠮᠪᠠᠷ᠎ᠠ᠂ ᠠᠷᠠᠳ ᠤᠯᠠᠨ ᠤ ᠤᠴᠢᠷ ᠶᠠᠪᠤᠳᠠᠯ ᠲᠤᠭᠠᠴᠢᠬᠤ ᠴᠤᠩᠬᠤᠪᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠨᠡᠶᠢᠬᠡᠮ ᠤᠨ ᠬᠢᠨᠠᠯᠳᠠ ᠲᠠᠯᠪᠢᠬᠤ ᠶᠢ ᠴᠢᠩᠭᠠᠳᠬᠠᠵᠤ᠂ ᠤᠯᠠᠨ ᠲᠦᠮᠡᠨ ᠤ ᠲᠤᠰᠬᠠᠬᠰᠠᠨ ᠠᠰᠠᠭᠤᠳᠠᠯ ᠢ ᠬᠠᠯᠨᠨ ᠰᠠᠶᠢᠵᠢᠷᠠᠭᠤᠯᠬᠤ ᠬᠡᠷᠡᠭᠳᠡᠢ᠃ ᠲᠤᠭᠤᠷᠢᠭ ᠤᠨ ᠰᠠᠬᠢᠯᠭ᠎ᠠ ᠪᠠᠳᠤ ᠪᠠᠶᠢᠴᠠᠭᠠᠬᠤ ᠰᠠᠯᠠᠭ᠎ᠠ ᠮᠦᠴᠢᠷ ᠠᠴᠠ ᠲᠤᠬᠳᠠᠮᠠᠯ ᠪᠤᠶᠤ ᠲᠤᠬᠳᠠᠮᠠᠯ ᠪᠤᠰᠤ ᠬᠤᠭᠤᠴᠠᠭ᠎ᠠ ᠲᠠᠢ ᠪᠠᠷ ᠬᠤᠳᠠ ᠶᠢᠨ ᠠᠷᠠᠳ ᠤᠨ ᠲᠢᠩᠬᠢᠮ ᠤᠨ ᠴᠤᠩᠬᠤᠪᠴᠢ ᠶᠢᠨ ᠰᠤᠷᠳᠠᠯ ᠤᠨ ᠰᠠᠬᠢᠯᠭ᠎ᠠ ᠪᠠᠳᠤ ᠳᠤ ᠬᠢᠨᠠᠯᠳᠠ ᠲᠠᠯᠪᠢᠨ ᠪᠠᠶᠢᠴᠠᠭᠠᠵᠤ᠂ ᠰᠠᠯᠬᠢ ᠰᠦᠷᠴᠤ ᠰᠠᠬᠢᠯᠭ᠎ᠠ ᠪᠠᠳᠤ ᠠᠴᠠ ᠵᠦᠷᠢᠴᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠠᠵᠢᠯ ᠢᠶᠠᠨ ᠦᠯᠦ ᠬᠢᠬᠦ᠂ ᠬᠠᠭᠤᠷᠮᠠᠭ ᠢᠶᠠᠷ ᠦᠢᠯᠡᠳᠬᠦ᠂ ᠲᠤᠷ᠎ᠠ ᠪᠠᠷ ᠢᠶᠠᠨ ᠦᠢᠯᠡᠳᠬᠦ᠂ ᠤᠳᠠᠭᠠᠰᠢᠷᠠᠭᠤᠯᠵᠤ ᠦᠢᠯᠡᠳᠬᠦ ︽ᠲᠦᠷᠪᠡᠨ ᠵᠦᠢᠯ ᠤᠨ ᠠᠵᠢᠯᠯᠠᠭ᠎ᠠ︾ ᠶᠢ ᠴᠢᠩᠭ᠎ᠠ ᠪᠠᠶᠢᠴᠠᠭᠠᠵᠤ᠂ ᠲᠡᠭᠡᠷ᠎ᠡ ᠱᠠᠳᠤᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠶᠢ ᠬᠠᠷᠰᠢᠯᠠᠬᠤ᠂ ᠤᠯᠠᠨ ᠲᠦᠮᠠᠨ ᠤ ᠲᠤᠰᠬᠠᠯ ᠴᠢᠩᠭ᠎ᠠ᠂ ᠬᠦᠨᠳᠤ ᠨᠤᠴᠢᠳᠡᠢ ᠦᠷ᠎ᠠ ᠳ᠋ᠦᠩ ᠭᠠᠷᠤᠬᠰᠠᠨ ᠪᠠᠶᠢᠪᠠᠯ ᠡᠷᠡᠰ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠲᠤᠯᠭᠠᠨ᠎ᠠ᠃                 ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                              2018 ᠤᠨ ᠤ 4 ᠰᠠᠷ᠎ᠠ ᠶᠢᠨ 27 ᠤ ᠡᠳᠦᠷ
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号