ᠨᠦᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠦᠳᠡᠯᠮᠤᠷᠢᠴᠢᠳ ᠤᠨ ᠪᠠᠶᠠᠷ ᠢ ᠤᠭᠳᠤᠬᠤ ᠬᠦᠳᠡᠯᠭᠡᠭᠡᠨ
ᠨᠡᠶᠢᠲᠡᠯᠡᠭᠰᠡᠨ ᠴᠠᠭ᠄
2018/5/8

    ᠨᠦᠬᠦᠷᠯᠡᠯ ᠵᠡᠭᠡᠯ᠊ ᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ︽ᠲᠠᠪᠤᠨ ᠰᠠᠷ᠎ᠠ ᠶᠢᠨ ᠨᠢᠭᠡᠨ‌‍ᠤ

ᠬᠦᠳᠡᠯᠮᠦᠷᠢᠴᠢᠳ ᠤᠨ ᠪᠠᠶᠠᠷ︾ ᠤᠨ ᠬᠦᠷᠴᠦ ᠢᠷᠡᠬᠦ ᠲᠠᠰᠢᠷᠠᠮ ᠢᠶᠠᠷ ᠦᠭᠡᠷᠡᠴᠢᠯᠡᠯᠳᠡ ᠬᠢᠵᠦ ᠴᠢᠯᠦᠭᠡᠳᠠᠢ

ᠶᠠᠪᠤᠯᠴᠠᠭᠰᠠᠨ ᠲᠦᠴᠢᠨ ᠵᠢᠯ ᠤᠨ ᠣᠢ ᠶᠢ ᠲᠤᠷᠠᠰᠬᠠᠨ ᠰᠠᠭᠤᠭᠠᠯᠢ ᠠᠷᠠᠳ ᠤᠨ ᠰᠤᠶᠤᠯ ᠤᠨ ᠠᠮᠢᠳᠦᠷᠡᠯ ᠢ

ᠪᠠᠶᠠᠯᠢᠭᠵᠢᠭᠤᠯᠣᠨ ᠠᠶᠢᠯ ᠬᠦᠷᠰᠢ ᠪᠠᠷ ᠢᠶᠠᠨ ᠡᠶ᠎ᠡ ᠡᠪᠳᠠᠢ ᠠᠮᠢᠳᠤᠷᠡᠨ ᠣᠷᠣᠰᠢᠬᠤ ᠰᠠᠶᠢᠨ ᠰᠠᠶᠢᠬᠠᠨ

ᠲᠠᠳᠬᠠᠯ ᠤᠨ ᠣᠷᠴᠢᠨ ᠢ ᠪᠠᠶᠢᠭᠤᠯᠬᠤ ᠶᠢᠨ ᠡᠬᠦᠳᠡᠨ ᠠᠴᠠ ︽ᠰᠢᠨ᠎ᠡ ᠴᠠᠭ ᠦᠶ᠎ᠡ ᠶᠢᠨ ᠵᠤᠭᠰᠤᠴᠠ ᠠᠴᠠ

ᠡᠬᠦᠰᠦᠨ ᠰᠢᠨ᠎ᠡ ᠠᠶᠠᠨ ᠤ ᠵᠠᠮ ᠢᠶᠠᠨ ᠡᠯᠬᠦᠬᠦ ᠦᠭᠡᠷᠡᠴᠢᠯᠡᠯᠳᠡ ᠨᠡᠭᠡᠭᠡᠯᠳᠡ ᠶᠢᠨ ᠲᠦᠴᠢᠨ ᠵᠢᠯ ᠤᠨ ᠣᠢ︾

ᠵᠢᠴᠢ ︽ᠲᠠᠪᠤᠨ ᠰᠠᠷ᠎ᠠ ᠶᠢᠨ ᠨᠢᠭᠡᠨ ᠤ ᠬᠦᠳᠡᠯᠮᠦᠷᠢᠴᠢᠨ ᠤ ᠪᠠᠶᠠᠷ︾ ᠢ ᠪᠡᠯᠭᠡᠯᠡᠬᠦ ᠣᠷᠠᠨ ᠰᠠᠶᠢᠬᠠᠨ ᠤ

ᠬᠦᠳᠡᠯᠭᠡᠭᠡᠨ ᠦᠷᠨᠢᠬᠦᠯᠪᠡ᠃ ᠲᠣᠰ ᠬᠦᠳᠡᠯᠭᠡᠭᠡᠨ ᠨᠢ ᠲᠦᠴᠢᠨ ᠵᠢᠯ ᠤᠨ ᠦᠭᠡᠷᠡᠴᠢᠯᠡᠯᠳᠡ ᠨᠡᠭᠡᠭᠡᠯᠳᠡ ᠳᠠᠬᠢ

ᠪᠤᠭᠤᠳᠤ ᠬᠤᠳᠠ ᠶᠢᠨ ᠬᠤᠪᠢᠷᠠᠯᠳᠠ ᠬᠦᠭᠵᠢᠯᠳᠡ ᠶᠢ ᠣᠷᠣᠨ ᠨᠣᠳᠤᠭ ᠤᠨ ᠣᠷᠠᠯᠢᠭ ᠤᠨ ᠬᠡᠯᠪᠡᠷᠢ ᠪᠠᠷ

ᠢᠯᠡᠷᠡᠬᠦᠯᠦᠨ ᠰᠠᠭᠤᠭᠠᠯᠢ ᠠᠷᠠᠳ ᠤᠨ ᠰᠤᠶᠤᠯ ᠤᠨ ᠠᠮᠢᠳᠤᠷᠡᠯ ᠢ ᠪᠠᠶᠠᠯᠢᠭᠵᠢᠭᠤᠯᠤᠨ ᠰᠠᠭᠤᠭᠠᠯᠢ ᠠᠷᠠᠳ ᠤᠨ

ᠠᠮᠢᠳᠣᠷᠡᠯ ᠤᠨ ᠬᠦᠷ ᠬᠦᠭᠵᠢᠭᠡᠨ ᠢ ᠨᠡᠮᠡᠭᠳᠡᠬᠦᠯᠬᠦ ᠶᠢᠨ ᠲᠠᠭᠠᠣ ᠳᠤ ᠦᠭᠡᠷᠡᠴᠢᠯᠡᠯᠳᠡ ᠨᠡᠭᠡᠭᠡᠯᠳᠡ ᠶᠢᠨ ᠵᠤᠷᠢᠭ

ᠰᠠᠨᠠᠭ᠎ᠠ ᠪᠠᠷ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠪᠠᠨ ᠤᠯᠠᠮ ᠨᠢᠭᠡ ᠠᠯᠬᠤᠮ ᠴᠢᠩᠭᠠᠳᠬᠠᠨ ᠦᠷᠭᠡᠨ

ᠣᠯᠠᠨ ᠲᠦᠮᠡᠨ ᠳᠤ ᠡᠶ᠎ᠡ ᠵᠣᠬᠢᠴᠠᠯᠳᠤ ᠲᠤᠭᠤᠷᠢᠭ ᠢ ᠪᠦᠳᠦᠭᠡᠨ ᠪᠠᠶᠢᠭᠤᠯᠬᠤ ᠢᠳᠡᠪᠬᠢ ᠬᠦᠴᠦᠨ ᠢ ᠲᠠᠶᠢᠴᠢᠯᠠᠵᠤ

ᠴᠢᠳᠠᠭᠰᠠᠨ ᠪᠠᠶᠢᠨ᠎ᠠ᠃

 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号