ᠨᠦᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠷᠢᠭᠤᠨ ᠴᠡᠪᠡᠷ ᠢ ᠡᠷᠬᠢᠮᠯᠡᠬᠦ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2018/5/8

    ᠨᠦᠬᠦᠷᠯᠡᠯ ᠵᠡᠭᠡᠯᠢᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠨᠢ ᠠᠷᠢᠭᠤᠨ ᠴᠡᠪᠡᠷ ᠢ ᠡᠷᠬᠢᠮᠯᠡᠬᠦ

ᠠᠵᠢᠯᠯᠠᠭ᠎ᠠ ᠶᠢ ᠪᠦᠭᠦ ᠲᠠᠯ᠎ᠠ ᠪᠠᠷ ᠦᠷᠨᠢᠬᠦᠯᠪᠡ᠃ ᠤᠷᠴᠢᠮ ᠤᠨ ᠡᠳᠦᠷ ᠨᠦᠬᠦᠷᠯᠡᠯ ᠵᠡᠭᠡᠯᠢ ᠶᠢᠨ ᠬᠡᠷᠡᠭ ᠡᠷᠬᠢᠯᠡᠬᠦ

ᠭᠠᠵᠠᠷ ᠨᠢ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠭᠤᠤᠯᠳᠠᠯᠭ᠎ᠠ ᠪᠤᠯᠭᠠᠨ ᠠᠳᠬᠤᠵᠤ

ᠰᠠᠭᠤᠭᠠᠯᠢ ᠠᠷᠠᠳ ᠤᠨ ᠲᠤᠭᠤᠷᠢᠭ ᠤᠨ ᠠᠷᠢᠭᠤᠨ ᠴᠡᠪᠡᠷ ᠲᠤ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠦᠨ᠂

ᠲᠣᠷ᠎ᠠ ᠪᠠᠷ ᠢᠶᠠᠨ ᠪᠦᠳᠦᠭᠡᠨ ᠪᠠᠶᠢᠭᠤᠯᠤᠯᠳᠠ ᠬᠢᠭᠰᠡᠨ ᠠᠴᠠ ᠪᠤᠯᠤᠭᠰᠠᠨ ᠡᠮᠬᠢ ᠴᠢᠭᠴᠢ ᠦᠭᠡᠢ ᠪᠠᠶᠢᠳᠠᠯ᠂

ᠤᠷᠴᠢᠨ ᠲᠤᠭᠤᠷᠢᠨ ᠤ ᠡᠷᠬᠦᠯ ᠬᠠᠮᠠᠭᠠᠯᠠᠯ ᠠᠨᠠᠢ᠂ ᠪᠤᠵᠠᠷ ᠪᠤᠷᠳᠠᠭ ᠵᠡᠷᠭᠡ ᠨᠠᠶᠢᠳᠠᠮ ᠣᠷᠣᠰᠢᠵᠣ ᠪᠠᠶᠢᠭ᠎ᠠ ᠪᠠᠶᠢᠳᠠᠯ ᠢ

ᠡᠷᠢᠨ ᠭᠠᠷᠭᠠᠵᠤ ᠰᠠᠭᠤᠭᠠᠯᠢ ᠠᠷᠠᠳ ᠤᠨ ᠤᠷᠴᠢᠨ ᠲᠤᠭᠤᠷᠢᠨ ᠳᠤ ᠨᠠᠶᠢᠳᠠᠮ ᠤᠨ ᠴᠢᠨᠠᠷᠳᠠᠢ ᠶᠡᠷᠦᠩᠬᠡᠶᠢᠯᠡᠭᠰᠡᠨ

ᠵᠠᠰᠠᠨ ᠴᠢᠭᠴᠢᠯᠡᠯᠳᠡ ᠬᠢᠵᠤ ᠰᠠᠭᠤᠭᠠᠯᠢ ᠠᠷᠠᠳ ᠤᠨ ᠲᠤᠭᠤᠷᠢᠭ ᠲᠤ ᠤᠬᠢ ᠰᠠᠶᠢᠨ ᠤᠷᠴᠢᠨ ᠲᠤᠭᠤᠷᠢᠨ ᠢ

ᠬᠠᠨᠭ᠍ᠭᠠᠨ ᠦᠭᠬᠦ ᠶᠢ ᠪᠠᠳᠤᠯᠠᠪᠠ᠃ ᠤᠳᠤ ᠪᠤᠯᠳᠠᠯ᠎ᠠ ᠨᠤᠭᠤᠭᠠᠷᠠᠭᠤᠯᠤᠭᠰᠠᠨ ᠲᠠᠯᠠᠪᠠᠢ ᠳᠠᠬᠢ ᠴᠠᠭᠠᠨ ᠤ ᠪᠤᠬᠢᠷᠳᠦᠯ

ᠪᠠ ᠡᠷᠡᠬᠦᠯ ᠬᠠᠮᠠᠭᠠᠯᠠᠯ ᠳᠤ ᠨᠦᠯᠦᠭᠡ ᠪᠤᠯᠤᠭᠰᠠᠭᠠᠷ ᠪᠠᠶᠢᠭ᠎ᠠ ᠤᠷᠴᠢᠨ ᠲᠤᠭᠤᠷᠢᠨ ᠢ 40 ᠭᠠᠷᠤᠢ ᠬᠡᠰᠡᠭ ᠴᠡᠪᠡᠷᠯᠡᠨ

᠂ 6000 ᠭᠠᠷᠤᠢ ᠵᠢᠵᠢᠭ ᠵᠠᠷ ᠮᠡᠳᠡᠭᠡ ᠶᠢ ᠠᠷᠢᠯᠭᠠᠵᠤ ᠬᠤᠭ ᠨᠤᠪᠰᠢ ᠬᠠᠶᠠᠬᠤ ᠲᠤᠰᠬᠠᠢ ᠬᠠᠶᠢᠷᠴᠠᠭ 150

ᠤᠭᠰᠠᠷᠠᠨ ᠲᠦᠬᠦᠮ ᠦᠵᠡᠬᠦᠯᠪᠡ᠃ ᠡᠯ᠎ᠡ ᠵᠦᠢᠯ ᠤᠨ ᠤᠬᠠᠭᠤᠯᠭ᠎ᠠ ᠶᠢᠨ ᠬᠦᠳᠡᠯᠭᠡᠭᠡᠨ ᠦᠷᠨᠢᠬᠦᠯᠬᠦ ᠪᠠᠷ ᠲᠠᠮᠵᠢᠨ

12 ᠵᠣᠷᠪᠤᠰ ᠤᠬᠠᠭᠤᠯᠭ᠎ᠠ ᠶᠢᠨ ᠤᠷᠢᠶ᠎ᠠ ᠬᠠᠳᠠᠵᠦ᠂ 30 ᠭᠠᠷᠤᠢ ᠤᠬᠠᠭᠤᠯᠭ᠎ᠠ ᠶᠢᠨ ᠵᠢᠷᠤᠭ ᠲᠦᠷᠰᠦ ᠨᠠᠭᠠᠵᠦ

ᠰᠠᠭᠤᠭᠠᠯᠢ ᠠᠷᠠᠳ ᠤᠨ ᠠᠷᠢᠭᠤᠨ ᠴᠡᠪᠡᠷ᠂ ᠡᠷᠡᠬᠦᠯ ᠠᠮᠢᠳᠤᠷᠠᠬᠤ ᠶᠢᠨ ᠲᠤᠬᠠᠢ ᠵᠦᠪ ᠲᠠᠨᠢᠯᠳᠠ ᠶᠢ ᠵᠠᠭᠤᠨ ᠤ

ᠶᠡᠷᠡ ᠠᠴᠠ ᠲᠡᠭᠡᠭᠰᠢᠬᠢ ᠠᠷᠠᠳ ᠲᠤ ᠲᠠᠨᠢᠭᠤᠯᠤᠭᠰᠠᠨ ᠪᠠᠶᠢᠨ᠎ᠠ᠃

 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号