ᠬᠦᠨᠳᠡᠯᠡᠨ ᠲᠤᠭᠤᠷᠢᠭ ᠤᠨ ᠲᠦᠷᠪᠡᠳᠦᠬᠡᠷ ᠤᠳᠠᠭ᠎ᠠ ᠶᠢᠨ ᠠᠵᠤ ᠠᠬᠤᠢ ᠶᠢᠨ ᠨᠠᠶᠢᠳᠡᠮ ᠪᠠᠶᠢᠴᠠᠭᠠᠯᠳᠠ ᠶᠢᠨ ᠠᠵᠢᠯ ᠪᠦᠬᠦ ᠲᠠᠯ᠎ᠠ ᠪᠠᠷ ᠦᠷᠨᠢᠵᠤ ᠪᠤᠢ
ᠨᠡᠶᠢᠲᠡᠯᠡᠭᠰᠡᠨ ᠴᠠᠭ᠄
2018/9/20
    ᠡᠮᠦᠨᠡᠬᠢ ᠬᠤᠭᠤᠴᠠᠭᠠᠨ ᠤ ᠪᠠᠴᠢᠮ ᠶᠠᠭᠠᠷᠠᠯᠳᠠᠢ ᠪᠠᠯᠠᠳᠬᠡᠯ ᠠᠵᠢᠯ ᠢᠶᠠᠷ ᠲᠠᠮᠵᠢᠨ᠂ ᠮᠠᠨ ᠤ ᠲᠤᠭᠤᠷᠢᠭ ᠤᠨ ᠲᠦᠷᠪᠡᠳᠦᠬᠡᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠠᠶᠢᠳᠡᠮ  ᠪᠠᠶᠢᠴᠠᠭᠠᠯᠳᠠ ᠶᠢᠨ ᠠᠵᠢᠯ ᠤᠷᠤᠬᠰᠢᠳᠡᠢ ᠶᠠᠪᠤᠬᠳᠠᠵᠤ᠂ ᠡᠯ᠎ᠡ ᠱᠠᠳᠤᠨ ᠤ ᠨᠠᠶᠢᠳᠠᠮ ᠪᠠᠶᠢᠴᠠᠭᠠᠯᠳᠠ ᠶᠢᠨ ᠪᠠᠶᠢᠭᠤᠯᠤᠮᠵᠢ ᠶᠢ ᠵᠤᠬᠢᠶᠠᠨ ᠪᠠᠶᠢᠭᠤᠯᠬᠤ᠂ ᠠᠵᠢᠯᠳᠠᠨ ᠤ ᠵᠠᠷᠤᠳᠠᠯ ᠰᠦᠢᠳᠬᠡᠯ ᠢ ᠨᠠᠶᠢᠳᠠᠪᠦᠷᠢᠵᠢᠭᠤᠯᠬᠤ᠂ ᠲᠤᠨᠤᠭ ᠲᠦᠬᠦᠷᠦᠮᠵᠢ ᠡᠳ᠋ ᠪᠤᠳᠠᠰ ᠤᠨ ᠪᠡᠯᠡᠳᠬᠡᠯ᠂ ᠠᠷᠭ᠎ᠠ ᠠᠪᠴᠠᠯ ᠲᠦᠷᠢᠮ ᠲᠤᠬᠳᠠᠭᠠᠯ ᠢ ᠲᠤᠬᠳᠠᠭᠠᠬᠤ ᠵᠢᠴᠢ ᠤᠬᠠᠭᠤᠯᠭ᠎ᠠ ᠶᠢ ᠪᠦᠬᠦ ᠲᠠᠯ᠎ᠠ ᠪᠠᠷ ᠡᠬᠢᠯᠡᠬᠦᠯᠬᠦ ᠵᠡᠷᠬᠡ ᠶᠢ ᠪᠠᠭᠳᠠᠭᠠᠬᠰᠠᠨ ᠡᠯ᠎ᠡ ᠵᠦᠢᠯ ᠤᠨ ᠠᠵᠢᠯ ᠡᠮᠬᠢ ᠲᠢᠭᠯᠢᠮ ᠲᠠᠢ ᠠᠬᠢᠵᠤ ᠪᠤᠢ᠃ ᠤᠳᠤᠬᠠᠨ ᠳᠤ᠂ ᠨᠠᠶᠢᠳᠠᠮ  ᠪᠠᠶᠢᠴᠠᠭᠠᠯᠳᠠ ᠶᠢᠨ ᠠᠵᠢᠯ ᠨᠢᠬᠡᠨᠳᠡ ᠨᠢᠬᠡᠴᠡ ᠶᠢᠨ ᠪᠠᠶᠢᠴᠠᠭᠠᠬᠤ ᠱᠠᠳᠤᠨ ᠳᠤ ᠤᠷᠤᠵᠤ᠂ ︽ᠦᠨᠴᠦᠭ ᠪᠤᠯᠤᠩ ᠦᠯᠡᠳᠡᠬᠡᠬᠦ ᠦᠬᠡᠢ ᠨᠠᠶᠢᠳᠠᠮ ᠤᠨ ᠴᠢᠨᠠᠷᠳᠠᠢ︾ ᠪᠠᠶᠢᠴᠠᠭᠠᠬᠤ ᠠᠵᠢᠯ ᠪᠦᠬᠦ ᠲᠠᠯ᠎ᠠ ᠪᠠᠷ ᠦᠷᠨᠢᠭᠰᠡᠨ ᠪᠠᠶᠢᠨ᠎ᠠ᠃      ᠮᠠᠨ ᠤ ᠲᠤᠭᠤᠷᠢᠭ ᠤᠨ ᠨᠢᠬᠡᠴᠡ ᠶᠢᠨ ᠨᠠᠶᠢᠳᠠᠮ  ᠪᠠᠶᠢᠴᠠᠭᠠᠯᠳᠠ ᠶᠢ ᠲᠠᠪᠬᠤᠷᠳᠠᠭᠤᠯᠬᠤ ᠦᠬᠡᠢ᠂ ᠤᠷᠬᠢᠬᠳᠠᠭᠤᠯᠬᠤ ᠦᠬᠡᠢ᠂ ᠮᠠᠲ᠋ᠧᠷᠢᠶᠠᠯ ᠮᠡᠳᠡᠭᠡ ᠵᠠᠩᠬᠢ ᠪᠦᠷᠢᠨ ᠬᠦᠢᠴᠡᠳ ᠨᠠᠷᠢᠯᠢᠭ᠂ ᠨᠢᠬᠡᠴᠡ ᠶᠢᠨ ᠰᠢᠨᠵᠢ ᠴᠢᠨᠠᠷ ᠢ ᠬᠤᠪᠢᠶᠠᠬᠰᠠᠨ ᠤᠨᠤᠪᠴᠢᠳᠡᠢ ᠪᠦᠬᠡᠳ ᠲᠤᠳᠤᠷᠬᠠᠢ ᠪᠠᠶᠢᠬᠤ ᠶᠢ ᠪᠠᠳᠤᠯᠠᠬᠤ ᠶᠢᠨ ᠲᠦᠯᠦᠬᠡ᠂ ᠲᠤᠭᠤᠷᠢᠭ ᠤᠨ ᠠᠵᠤ ᠠᠬᠤᠢ ᠶᠢᠨ ᠨᠠᠶᠢᠳᠠᠮ ᠪᠠᠶᠢᠴᠠᠭᠠᠯᠳᠠ ᠶᠢᠨ ᠠᠯᠪᠠᠨ ᠬᠡᠷ ᠬᠠᠦᠯᠢ ᠶᠤᠰᠤᠭᠠᠷ ᠨᠠᠶᠢᠳᠠᠮ ᠪᠠᠶᠢᠴᠠᠭᠠᠯᠳᠠ ᠬᠢᠬᠦ ᠶᠢ ᠪᠠᠷᠢᠮᠳᠠᠯᠠᠬᠤ᠂ ᠨᠢᠬᠡᠴᠡ ᠶᠢᠨ ᠪᠠᠶᠢᠴᠠᠭᠠᠬᠤ ᠶᠠᠪᠤᠴᠠ᠂ ᠡᠷᠦᠬᠡ ᠳᠤ ᠬᠦᠨᠵᠡᠬᠡᠶᠢᠷᠡᠵᠤ ᠰᠤᠷᠪᠤᠯᠵᠢᠯᠠᠬᠤ ᠱᠠᠭᠠᠷᠳᠠᠯᠭ᠎ᠠ ᠪᠤᠯᠤᠨ ᠤᠷ᠎ᠠ ᠮᠡᠷᠬᠡᠵᠢᠯ ᠵᠡᠷᠬᠡ ᠠᠭᠤᠯᠭ᠎ᠠ ᠶᠢᠨ ᠲᠤᠭᠤᠷᠢᠨ ᠳᠤ ᠪᠦᠬᠦ ᠲᠤᠭᠤᠷᠢᠭ ᠤᠨ ᠮᠢᠩᠭᠠᠨ ᠨᠠᠷ᠎ᠠ ᠨᠠᠶᠢᠳᠠᠮ ᠪᠠᠶᠢᠴᠠᠭᠠᠯᠳᠠ ᠶᠢᠨ ᠵᠢᠯᠤᠭᠤᠳᠤᠬᠴᠢ ᠪᠤᠯᠤᠨ ᠨᠠᠶᠢᠳᠠᠮ ᠪᠠᠶᠢᠴᠠᠭᠠᠯᠳᠠ ᠶᠢᠨ ᠠᠵᠢᠯᠳᠠᠨ ᠳᠤ ᠪᠠᠶᠢᠴᠠᠭᠠᠬᠤ ᠲᠤᠬᠠᠢᠢᠯᠠᠬᠰᠠᠨ ᠠᠵᠢᠯ ᠤᠨ ᠲᠤᠬᠠᠢ ᠲᠤᠰᠬᠠᠢ ᠪᠤᠯᠪᠠᠰᠤᠷᠠᠯ ᠬᠦᠷᠳᠡᠬᠡᠭᠰᠡᠨ ᠪᠠᠶᠢᠨ᠎ᠠ᠃ ᠤᠳᠤᠬᠠᠨ ᠳᠤ᠂ ᠨᠠᠶᠢᠳᠠᠮ  ᠪᠠᠶᠢᠴᠠᠭᠠᠯᠳᠠ ᠶᠢᠨ ᠠᠵᠢᠯᠳᠠᠨ ︽ᠨᠠᠶᠢᠳᠠᠮ ᠪᠠᠶᠢᠴᠠᠭᠠᠯᠳᠠ ᠶᠢᠨ ᠠᠵᠢᠯᠳᠠᠨ ᠤ ᠦᠨᠡᠮᠯᠡᠯ ︾ ᠢ ᠵᠡᠬᠦᠵᠤ᠂ ᠮᠠᠨ ᠤ ᠲᠤᠭᠤᠷᠢᠭ ᠤᠨ ᠵᠠᠰᠠᠭ ᠵᠠᠬᠢᠷᠭᠠᠨ ᠤ ᠤᠷᠤᠨ ᠪᠦᠰᠡ ᠶᠢᠨ ᠠᠵᠤ ᠠᠬᠤᠢ ᠶᠢᠨ ᠠᠵᠢᠯᠯᠠᠭ᠎ᠠ ᠬᠢᠵᠤ ᠪᠠᠶᠢᠭ᠎ᠠ ᠡᠯ᠎ᠡ ᠲᠦᠷᠦᠯ ᠤᠨ ᠬᠠᠦᠯᠢ ᠶᠢᠨ ᠡᠷᠬᠡᠳᠡᠨ ᠤ ᠨᠢᠬᠡᠴᠡ᠂ ᠠᠵᠤ ᠦᠢᠯᠡᠰ ᠤᠨ ᠠᠵᠢᠯᠯᠠᠭ᠎ᠠ ᠶᠢᠨ ᠨᠢᠬᠡᠴᠡ ᠵᠢᠴᠢ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠪᠠᠷ ᠬᠦᠨᠵᠡᠬᠡᠶᠢᠷᠡᠨ ᠲᠠᠩᠰᠠᠯᠠᠵᠤ ᠡᠬᠢᠯᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号