ᠬᠦᠨᠳᠡᠯᠡᠨ ᠲᠤᠭᠤᠷᠢᠭ ᠤᠨ ︽35 ᠳ᠋ᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ︾᠎ ᠨᠢ ᠪᠤᠭᠤᠲᠤ ᠪᠤᠯᠤᠳ ᠳᠡᠮᠦᠷ ᠤᠨ ᠮᠤᠡᠭᠡᠭᠤᠯ ᠬᠡᠦᠬᠡᠳ ᠤᠨ ᠴᠡᠴᠡᠷᠯᠢᠭ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠨᠢ ᠠᠵᠦ ᠠᠬᠤᠢᠢᠯᠠᠯ᠂ ᠰᠤᠷᠭᠠᠭᠤᠯᠢ ᠳᠤ ᠤᠷᠤᠬᠤ ᠠᠵᠢᠯᠯᠠᠭ᠎ᠠ ᠶᠢᠨ ᠶᠤᠰᠤᠯᠠᠯ ᠢ ᠶᠠᠪᠤᠭᠳᠠᠭᠤᠯᠪᠠ᠃
ᠨᠡᠶᠢᠲᠡᠯᠡᠭᠰᠡᠨ ᠴᠠᠭ᠄
2018/9/21
     ᠮᠠᠨ ᠤ ᠲᠤᠭᠤᠷᠢᠭ ᠨᠢ ᠪᠤᠭᠤᠲᠤ ᠬᠤᠲᠠ ᠶᠢᠨ 35 ᠳ᠋ᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠢᠨ‌‍ᠰᠠᠷ᠎ᠠ ᠶᠢᠨ ᠬᠦᠲᠡᠯᠭᠡᠭᠡᠨ ᠤ ᠣᠢᠢᠷᠳᠠᠬᠤ ᠶᠢ ᠳᠠᠭᠠᠯᠳᠤᠨ 9 ᠳ᠋ᠦ᠋ᠭᠡᠷ ᠰᠠᠷ᠎ᠠ ᠶᠢᠨ 21᠎ ᠤ ᠡᠳᠦᠷ ᠤᠨ ᠦᠳᠡ ᠶᠢᠨ ᠬᠤᠢᠨ᠎ᠠ᠂ ᠪᠤᠭᠤᠲᠤ ᠪᠤᠯᠤᠳ ᠲᠡᠮᠦᠷ ᠤᠨ ᠦᠨᠳᠦᠰᠦᠳᠡᠨ ᠤ ᠮᠤᠡᠭᠡᠭᠤᠯ ᠴᠡᠴᠡᠷᠯᠢᠭ ᠳᠤ ᠬᠦᠨᠳᠡᠯᠡᠨ ᠲᠤᠭᠤᠷᠢᠭ ᠤᠨ 35 ᠳ᠋ᠤᠭᠠᠷ ᠰᠠᠷ᠎ᠠ ᠶᠢᠨ ᠬᠦᠳᠡᠯᠭᠡᠭᠡᠨ ᠨᠢ ᠠᠵᠦ ᠠᠬᠤᠢᠢᠯᠠᠯ᠂ ᠰᠤᠷᠭᠠᠭᠤᠯᠢ ᠳᠤ ᠤᠷᠤᠬᠤ ᠶᠤᠰᠤᠯᠠᠯ ᠢ ᠡᠬᠢᠯᠡᠭᠦᠯᠦᠭᠰᠡᠨ ᠪᠠᠶᠢᠨ᠎ᠠ᠃
      ᠶᠤᠰᠤᠯᠠᠯ ᠳᠤ ᠤᠷᠤᠯᠴᠠᠭᠰᠠᠨ ᠤᠳᠤᠷᠢᠳᠤᠯᠭ᠎ᠠ ᠳᠤ᠄ ᠪᠤᠭᠤᠲᠤ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠤᠳᠤᠷᠢᠳᠤᠯᠭ᠎ᠠ᠂ ᠬᠦᠨᠳᠡᠯᠡᠨ ᠳᠤᠭᠤᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠲᠦᠮᠡᠯ ᠹᠷᠤᠨᠲ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠵᠠᠰᠠᠭ ᠤᠨ ᠤᠷᠳᠤᠨ᠂ ᠲᠤᠭᠤᠷᠢᠭ ᠤᠨ ᠤᠯᠤᠰ ᠲᠦᠷᠦ ᠶᠢᠨ ᠵᠦᠪᠯᠡᠯ᠂ ᠳᠤᠭᠤᠷᠢᠭ ᠤᠨ ᠦᠨᠳᠦᠰᠦᠲᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠳᠤᠪᠴᠢᠶ᠎ᠠ᠂ ᠳᠤᠭᠤᠷᠢᠭ ᠤᠨ ᠰᠤᠷᠭᠠᠨ ᠬᠦᠮᠦᠵᠢᠯ ᠤᠨ ᠳᠤᠪᠴᠢᠶᠠᠨ ᠤ ᠤᠳᠤᠷᠢᠳᠤᠯᠭ᠎ᠠ᠂ ᠪᠤᠭᠤᠲᠤ ᠪᠤᠯᠤᠳ ᠲᠡᠮᠦᠷ ᠤᠨ ᠬᠡᠦᠬᠡᠳ ᠤᠨ ᠰᠤᠷᠭᠠᠨ ᠬᠦᠮᠦᠵᠢᠯ ᠤᠨ ᠤᠳᠤᠷᠢᠳᠤᠯᠭ᠎ᠠ ᠨᠠᠷ ᠬᠦᠳᠡᠯᠭᠡᠭᠡᠨ ᠤ ᠶᠤᠰᠤᠯᠠᠯ ᠳᠤ ᠤᠷᠤᠯᠴᠠᠵᠦ᠂ ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠤᠭᠤᠷᠢᠭ ᠤᠨ ᠳᠠᠷᠤᠭ᠎ᠠ ᠠᠴᠠ ᠰᠠᠷ᠎ᠠ ᠶᠢᠨ ᠠᠵᠢᠯᠯᠠᠭ᠎ᠠ ᠶᠢᠨ ᠡᠬᠢᠯᠡᠬᠦ ᠶᠤᠰᠤᠯᠠᠯ ᠳᠤ ᠶᠠᠷᠢᠶ᠎ᠠ ᠲᠠᠯᠪᠢᠪᠠ᠃
     ᠡᠨᠡ ᠵᠢᠯ ᠤᠨ 7 ᠰᠠᠷ᠎ᠠ ᠠᠴᠠ ᠡᠬᠢᠯᠡᠵᠦ᠂ ᠬᠦᠨᠳᠡᠯᠡᠨ ᠳᠤᠭᠤᠷᠢᠭ ᠨᠢ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠬᠦᠳᠦᠨ ᠪᠠᠢᠭᠤᠯᠵᠤ ︽ᠨᠠᠢᠮᠠᠨ ᠳᠠᠪᠰᠢᠬᠤ︾᠎ ᠢᠶᠠᠷ ᠠᠴᠢᠶᠠᠯᠠᠭᠴᠢ ᠪᠤᠯᠭᠠᠵᠤ᠂ ᠪᠦᠬᠦ ᠪᠠᠢᠭᠤᠯᠭ᠎ᠠ᠂ ᠵᠡᠭᠡᠯᠢ ᠪᠠᠯᠭᠠᠰᠤ᠂ ᠨᠡᠢᠭᠡᠮ ᠲᠤᠭᠤᠷᠢᠭ᠂ ᠳᠤᠰᠬᠤᠨ᠂ ᠰᠤᠷᠭᠠᠭᠤᠯᠢ᠂ ᠠᠵᠦ  ᠠᠬᠤᠶᠢᠯᠠᠯ᠂ ᠱᠠᠰᠢᠨ ᠰᠤᠷᠳᠠᠬᠤᠨ ᠤ ᠲᠠᠯᠠᠪᠤᠷ ᠵᠡᠷᠭᠡ ᠶᠢ ᠦᠨᠳᠦᠰᠦᠲᠡᠨ ᠤ ᠪᠦᠯᠬᠦᠮᠳᠡᠨ ᠳᠠᠪᠰᠢᠬᠤ ᠵᠢᠱᠢᠶᠡᠴᠢ ᠪᠠᠢᠭᠤᠯᠭ᠎ᠠ ᠪᠤᠯᠠᠬᠤ ᠶᠢ ᠡᠭᠦᠳᠦᠨ ᠪᠦᠲᠦᠭᠡᠬᠦ ᠶᠢ ᠢᠳᠡᠪᠬᠢᠲᠡᠢ ᠪᠠᠷ ᠵᠤᠬᠢᠶᠠᠨ ᠪᠠᠢᠭᠤᠯᠬᠤ ᠶᠢ ᠠᠵᠢᠯ ᠤᠨ ᠬᠠᠷᠠᠯᠲᠠ ᠪᠤᠯᠭᠠᠵᠦ᠂ ᠠᠵᠢᠯᠯᠠᠭ᠎ᠠ ᠶᠢᠨ ᠲᠠᠯᠠᠪᠤᠷ ᠳᠤ ︽ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ︾᠂ ︽ᠪᠤᠭᠤᠲᠤ ᠬᠤᠲᠠ ᠶᠢᠨ ᠯᠠᠯᠤ ᠶᠢᠨ ᠢᠳᠡᠭᠡᠨ ᠤ ᠳᠦᠷᠢᠮ︾᠂ ︽ᠱᠠᠰᠢᠨ ᠰᠤᠷᠳᠠᠬᠤᠨ ᠤ ᠳᠦᠷᠢᠮ︾᠂ ︽ᠪᠤᠭᠤᠲᠤ ᠬᠤᠳᠠ ᠶᠢᠨ ᠨᠡᠢᠭᠡᠮ ᠤᠨ ᠦᠡᠭᠭᠡᠨ ᠬᠡᠷᠡᠭᠯᠡᠭᠡᠨ ᠤ ᠮᠤᠡᠭᠡᠭᠤᠯ ᠬᠢᠲᠠᠳ ᠬᠡᠯᠡᠨ ᠤ ᠠᠵᠢᠯ ᠤᠨ ᠲᠦᠷᠢᠮ︾ ᠵᠡᠷᠭᠡ ᠶᠢ ᠤᠬᠠᠭᠤᠯᠬᠤ ᠶᠢᠨ ᠬᠠᠮᠲᠦ᠂ ᠤᠬᠠᠭᠤᠯᠬᠤ ᠬᠠᠪᠳᠠᠰᠤ᠂ ᠤᠬᠠᠭᠤᠯᠬᠤ ᠬᠠᠭᠤᠳᠠᠰᠤ᠂ ᠤᠬᠠᠭᠤᠯᠬᠤ ᠳᠡᠪᠲᠡᠷ᠂ ᠤᠬᠠᠭᠤᠯᠬᠤ ᠮᠠᠲᠸᠠᠷᠢᠶᠠᠯ᠂ ᠬᠦᠨᠳᠡᠯᠡᠨ ᠪᠢᠴᠢᠭᠡᠰᠤ ᠡᠯᠬᠦᠬᠦ ᠮᠡᠲᠦ ᠶᠢᠨ ᠬᠡᠯᠪᠡᠷᠢ ᠪᠠᠷ ᠨᠠᠮ ᠤᠨ ᠦᠨᠳᠦᠰᠦᠲᠡᠨ ᠤ ᠤᠨᠤᠯ ᠪᠠ ᠲᠦᠷᠦ ᠶᠢᠨ ᠪᠤᠳᠤᠯᠭ᠎ᠠ ᠶᠢ ᠤᠬᠠᠭᠤᠯᠬᠤ ᠬᠦᠮᠦᠵᠢᠯ ᠤᠨ ᠠᠵᠢᠯᠯᠠᠭ᠎ᠠ ᠶᠢ ᠦᠷᠨᠢᠭᠦᠯᠵᠦ᠂ ᠡᠯ᠎ᠡ ᠦᠨᠳᠦᠰᠦᠳᠡᠨ ᠬᠤᠭᠤᠷᠤᠨᠳᠦ ᠪᠠᠨ ︽ᠬᠠᠷᠢᠯᠴᠠᠨ ᠦᠢᠯᠭᠠᠯᠴᠠᠵᠦ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠠᠭᠤᠴᠢᠯᠠᠵᠦ᠂ ᠬᠠᠷᠢᠯᠴᠠᠨ ᠪᠠᠭ᠋ᠠᠷᠬᠠᠵᠦ᠂ ᠬᠠᠷᠢᠯᠴᠠᠨ ᠰᠤᠷᠤᠯᠴᠠᠵᠦ᠂ ᠬᠠᠷᠢᠯᠴᠠᠨ ᠬᠠᠪᠰᠤᠷᠬᠤ︾᠎ ᠶᠢ ᠲᠦᠯᠬᠢᠨ ᠠᠬᠢᠭᠤᠯᠤᠭ᠍ᠰᠡᠨ ᠪᠠᠶᠢᠨ᠎ᠠ᠃
 
ᠢᠷᠡᠯᠲᠡ᠄ ᠬᠦᠨᠳᠡᠯᠡᠨ ᠳᠤᠭᠤᠷᠢᠭ ᠤᠨ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠳᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号