2018 ᠤᠨ ᠤ 1 — 8 ᠰᠠᠷ᠎ᠠ ᠬᠦᠨᠳᠡᠯᠡᠨ ᠲᠤᠭᠤᠷᠢᠭ ᠤᠨ ᠠᠵᠤ  ᠠᠬᠤᠢ ᠶᠢᠨ ᠡᠷᠬᠢᠯᠳᠠ ᠲᠤᠬᠳᠠᠭᠤᠨ ᠢ ᠪᠠᠳᠤᠯᠠᠪᠠ
ᠨᠡᠶᠢᠲᠡᠯᠡᠭᠰᠡᠨ ᠴᠠᠭ᠄
2018/9/22
   1 — 8 ᠰᠠᠷ᠎ᠠ ᠳᠤ᠂ ᠬᠦᠨᠳᠡᠯᠡᠨ ᠲᠤᠭᠤᠷᠢᠭ ᠤᠨ ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭ᠎ᠠ ᠶᠢᠨ ᠡᠷᠬᠢᠯᠳᠡ ᠲᠤᠬᠳᠠᠭᠤᠨ ᠢ ᠪᠠᠳᠤᠯᠠᠵᠤ᠂ ᠶᠡᠷᠦᠩᠬᠡᠢ ᠬᠡᠮᠵᠢᠶ᠎ᠠ ᠳᠠᠰᠦᠷᠠᠯᠳᠠ ᠦᠭᠡᠢ ᠨᠡᠮᠡᠭᠳᠡᠵᠤ᠂ ᠤᠯᠠᠩᠬᠢ ᠵᠢᠭᠠᠯᠳᠠ ᠲᠤᠭ᠎ᠠ ᠶᠢᠨ ᠨᠡᠮᠡᠭᠳᠡᠯ ᠤᠨ ᠬᠤᠷᠳᠤᠴᠡ ᠪᠦᠬᠦ ᠬᠤᠳᠠ ᠶᠢᠨ ᠲᠡᠭᠰᠢᠳᠭᠡᠭᠰᠡᠨ ᠲᠦᠪᠰᠢᠨ ᠠᠴᠠ ᠦᠨᠳᠦᠷ ᠪᠤᠯᠵᠠᠢ᠃    1 — 8 ᠰᠠᠷ᠎ᠠ᠂ ᠬᠡᠪᠴᠢᠶᠠᠵᠢᠯ ᠠᠴᠠ ᠲᠡᠬᠡᠭᠰᠢᠬᠢ ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠨᠡᠮᠡᠭᠳᠡᠯ ᠦᠷᠳᠡᠭ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 11.9% ᠪᠠᠷ ᠨᠡᠮᠡᠭᠳᠡᠵᠤ᠂ ᠪᠦᠬᠦ ᠬᠤᠳᠠ ᠶᠢᠨ ᠲᠡᠭᠰᠢᠳᠬᠡᠭᠰᠡᠨ ᠲᠦᠪᠰᠢᠨ ᠠᠴᠠ ᠵᠠᠭᠤᠨ ᠤ ᠬᠠᠷᠢᠴᠠᠯ ᠢᠶᠠᠷ 2.2 ᠬᠤᠪᠢ ᠦᠨᠳᠦᠷ  ᠪᠤᠯᠵᠠᠢ︔ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠨ 7.1% ᠪᠠᠷ ᠪᠠᠭᠤᠷᠠᠵᠤ᠂ ᠪᠠᠭᠤᠷᠠᠯᠳᠠ ᠶᠢᠨ ᠬᠡᠮᠵᠢᠶ᠎ᠠ ᠡᠮᠦᠨᠡᠬᠢ 7 ᠰᠠᠷ᠎ᠠ ᠲᠠᠢ ᠬᠠᠷᠢᠴᠠᠭᠤᠯᠪᠠᠯ ᠵᠠᠭᠤᠨ ᠤ ᠬᠠᠷᠢᠴᠠᠯ ᠢᠶᠠᠷ 18.0 ᠬᠤᠪᠢ ᠠᠪᠴᠢᠵᠠᠢ᠃ ᠪᠠᠭᠤᠷᠠᠯᠳᠠ ᠶᠢᠨ ᠬᠡᠮᠵᠢᠶ᠎ᠠ ᠪᠦᠬᠦ ᠬᠤᠳᠠ ᠶᠢᠨ ᠲᠡᠭᠰᠢᠳᠭᠡᠭᠰᠡᠨ ᠲᠦᠪᠰᠢᠨ ᠠᠴᠠ ᠵᠠᠭᠤᠨ ᠤ ᠬᠠᠷᠢᠴᠠᠯ ᠢᠶᠠᠷ 25.0 ᠬᠤᠪᠢ ᠲᠤᠤᠷ᠎ᠠ ᠪᠤᠯᠵᠠᠢ︔ ᠨᠡᠶᠢᠬᠡᠮ ᠤᠨ ᠬᠡᠷᠡᠭᠯᠡᠬᠡᠨ ᠤ ᠲᠡᠸᠠᠷ ᠢ ᠰᠤᠯᠠ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠠ 311.60 ᠳ᠋ᠦᠩᠰᠢᠭᠤᠷ ᠲᠦᠬᠦᠷᠢᠭ ᠲᠤ ᠬᠦᠷᠴᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠤ᠂ ᠨᠡᠮᠡᠭᠳᠡᠯ ᠤᠨ ᠬᠡᠮᠵᠢᠶ᠎ᠠ ᠪᠦᠬᠦ ᠬᠤᠳᠠ ᠶᠢᠨ ᠲᠡᠭᠰᠢᠳᠭᠡᠭᠰᠡᠨ ᠲᠦᠪᠰᠢᠨ ᠲᠠᠢ ᠲᠠᠩᠴᠠᠪᠠ︔ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠨᠠᠶᠢᠳᠠ 14.24 ᠳ᠋ᠦᠩᠰᠢᠭᠤᠷ ᠲᠦᠬᠦᠷᠢᠭ ᠲᠤ ᠬᠦᠷᠴᠤ᠂ ᠪᠦᠬᠦ ᠬᠤᠳᠠ ᠶᠢᠨ ᠶᠡᠷᠦᠩᠬᠡᠢ ᠬᠡᠮᠵᠢᠶ᠎ᠠ ᠶᠢᠨ 15.1% ᠶᠢ ᠡᠵᠡᠯᠡᠪᠡ︔ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠰᠠᠨ ᠶᠡᠷᠦᠩᠬᠡᠢ ᠬᠡᠮᠵᠢᠶ᠎ᠠ ︵ᠪᠤᠭᠤᠳᠤ ᠶᠢᠨ ᠪᠤᠯᠤᠳ ᠲᠡᠮᠦᠷ ᠢ ᠪᠠᠭᠳᠠᠭᠠᠨ᠎ᠠ︶ 14.4 ᠳ᠋ᠦᠩᠰᠢᠭᠤᠷ ᠳ᠋ᠤᠯᠯᠠᠷ ᠲᠤ ᠬᠦᠷᠴᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 71.4% ᠪᠠᠷ ᠨᠡᠮᠡᠭᠳᠡᠵᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号