ᠶᠠᠷᠢᠯᠴᠠᠭᠠᠨ ᠳᠤ ᠤᠷᠤᠯᠴᠠᠬᠰᠠᠨ ᠵᠤᠴᠢᠨ᠄ ᠬᠦᠨᠳᠡᠯᠡᠨ ᠲᠤᠭᠤᠷᠢᠭ ᠤᠨ ᠬᠤᠳᠠ ᠬᠦᠳᠡᠭᠡ ᠶᠢᠨ ᠪᠦᠳᠦᠬᠡᠨ | ᠪᠠᠶᠢᠭᠤᠯᠤᠯᠳᠠ ᠶᠢᠨ ᠲᠤᠪᠴᠢᠶᠠᠨ ᠤ ᠲᠡᠳ᠋ ᠲᠠᠷᠤᠭ᠎ᠠ ᠹᠠᠨ ᠯᠢ ᠮᠢᠨ | ᠶᠠᠷᠢᠯᠴᠠᠭᠠᠨ ᠤ ᠲᠦᠬᠦᠮ ᠠᠭᠤᠯᠭ᠎ᠠ᠄ 2018 ᠤᠨ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠳᠡ ᠶᠢᠨ ᠤᠨ᠂ ᠦᠬᠡᠷᠡᠴᠢᠯᠠᠯᠳᠠ ᠨᠡᠬᠡᠬᠡᠯᠳᠡ | ᠬᠢᠭᠰᠡᠨ 40 ᠵᠢᠯ ᠤᠨ ᠤᠢ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ | ᠤᠯᠬᠤ᠂ ︽ᠠᠷᠪᠠᠨ ᠭᠤᠷᠪᠠᠳᠤᠭᠠᠷ ᠲᠡᠪᠤᠨ ᠵᠢᠯ︾ ᠤᠨ ᠲᠦᠯᠦᠪᠵᠢᠬᠦᠯᠬᠡ ᠶᠢᠨ ᠡᠮᠦᠨᠡᠬᠢ ᠶᠢ ᠵᠠᠯᠭᠠᠮᠵᠢᠯᠠᠵᠤ | ᠬᠤᠶᠢᠨᠡᠬᠢ ᠶᠢ ᠰᠡᠩᠬᠡᠷᠡᠬᠦᠯᠬᠦ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ ᠠᠷᠠᠳ ᠤᠨ ᠠᠮᠢᠳᠦᠷᠠᠯ ᠢ ᠲᠤᠪᠤᠶᠢᠯᠭᠠᠵᠤ᠂ | ᠰᠠᠭᠤᠭᠠᠯᠢ ᠠᠷᠠᠳ ᠤᠨ ᠶᠠᠪᠤᠵᠤ ᠰᠠᠭᠤᠬᠤ ᠨᠦᠬᠦᠴᠡᠯ ᠢ ᠰᠠᠶᠢᠵᠢᠷᠠᠭᠤᠯᠵᠤ᠂ ᠬᠤᠳᠠ ᠲᠤᠭᠤᠷᠢᠭ ᠤᠨ ᠠᠮᠢ | ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠬᠤᠳᠠ ᠶᠢᠨ ᠬᠡᠪ ᠴᠢᠨᠠᠷ ᠢ ᠲᠡᠭᠡᠭᠰᠢᠯᠡᠬᠦᠯᠬᠦ ᠪᠠᠷ ᠠᠵᠢᠯ ᠤᠨ | ᠭᠤᠤᠯᠳᠠᠯᠭ᠎ᠠ ᠪᠠᠨ ᠪᠤᠯᠭᠠᠵᠤ᠂ ᠬᠤᠳᠠ ᠶᠢᠨ ᠬᠤᠤᠰ ᠵᠠᠰᠠᠯᠳᠠ᠂ ᠬᠤᠷᠳᠤ ᠰᠤᠯᠢᠵᠤ ᠲᠡᠰ ᠲᠡᠪᠰᠢᠬᠦ᠂ | ᠲᠡᠷᠢᠬᠦᠨ ᠤ ᠬᠢ ᠶᠢ ᠲᠠᠮᠠᠴᠡᠬᠦ ᠪᠠᠷ ᠬᠠᠷᠠᠯᠳᠠ ᠪᠠᠨ ᠪᠤᠯᠭᠠᠵᠤ᠂ ᠠᠷᠠᠳ ᠲᠦᠮᠡᠨ ᠢᠶᠠᠷ ᠭᠤᠤᠯ ᠪᠤᠯᠭᠠᠵᠤ | ᠲᠤᠳᠠᠭᠤᠳᠠᠯ ᠢ ᠨᠦᠬᠦᠪᠦᠷᠢᠯᠡᠨ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠵᠢᠯᠤᠭᠤᠳᠤᠮᠵᠢ ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠠ | ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠦᠷᠠᠯ ᠤᠨ ᠬᠡᠷᠡᠭᠴᠡᠭᠡ ᠶᠢ ᠨᠠᠩ ᠰᠠᠶᠢᠳᠤᠷ ᠬᠠᠩᠭᠠᠵᠤ᠂ ᠪᠦᠬᠦ | ᠴᠢᠳᠡᠯ ᠢᠶᠠᠷ ᠢᠶᠠᠨ ᠴᠢᠷᠮᠠᠶᠢᠬᠤ ᠪᠠᠷ ᠦᠨᠳᠦᠰᠦᠨ ᠵᠠᠷᠴᠢᠮ ᠢᠶᠠᠨ ᠪᠤᠯᠭᠠᠵᠤ᠂ ᠬᠤᠳᠠ ᠶᠢᠨ ᠪᠦᠳᠦᠬᠡᠨ ᠪᠠᠶᠢᠭᠤᠯᠤᠯᠳᠠ | ᠪᠠ ᠬᠠᠮᠢᠶᠠᠷᠤᠯᠳᠠ ᠶᠢᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠬᠤᠳᠠ ᠶᠢᠨ ᠦᠢᠯᠡᠴᠢᠯᠡᠬᠡᠨ ᠤ ᠴᠢᠳᠡᠪᠬᠢ ᠶᠢ | ᠦᠨᠡᠨᠬᠦ ᠴᠢᠩᠭᠠᠷᠠᠭᠤᠯᠵᠤ᠂ ᠪᠦᠬᠦ ᠲᠤᠭᠤᠷᠢᠭ ᠤᠨ ᠬᠤᠳᠠ ᠶᠢᠨ ᠪᠦᠳᠦᠬᠡᠨ ᠪᠠᠶᠢᠭᠤᠯᠤᠯᠳᠠ ᠵᠢᠴᠢ | ᠬᠠᠮᠢᠶᠠᠷᠤᠯᠳᠠ ᠶᠢᠨ ᠲᠦᠪᠰᠢᠨ ᠢ ᠰᠢᠨ᠎ᠠ ᠨᠢᠬᠡᠨ ᠲᠡᠭᠳᠡᠷ ᠲᠤ ᠭᠠᠷᠭᠠᠬᠤ ᠶᠢ ᠠᠬᠢᠭᠤᠯᠤᠨ᠎ᠠ᠃ | ᠬᠦᠳᠦᠯᠦᠭᠴᠢ᠄ ᠤᠢᠢᠷ᠎ᠠ ᠶᠢᠨ ᠬᠡᠳᠦᠨ ᠵᠢᠯ ᠤᠨ ᠲᠤᠮᠤ ᠬᠡᠪᠴᠢᠶᠠᠨ ᠤ ᠬᠤᠳᠠ ᠶᠢᠨ ᠪᠦᠳᠦᠬᠡᠨ | ᠪᠠᠶᠢᠭᠤᠯᠤᠯᠳᠠ ᠪᠠᠷ ᠲᠡᠮᠵᠢᠨ ᠬᠦᠨᠳᠡᠯᠡᠨ ᠲᠤᠭᠤᠷᠢᠭ ᠤᠨ ᠬᠤᠳᠠ ᠶᠢᠨ ᠲᠦᠷᠢ ᠲᠦᠷᠬᠦ ᠳᠤ ᠲᠡᠭᠷᠢ ᠭᠠᠵᠠᠷ ᠢ | ᠲᠤᠩᠰᠤᠯᠭᠠᠮ᠎ᠠ ᠬᠤᠪᠢᠷᠠᠯᠳᠠ ᠭᠠᠷᠴᠠᠢ᠃ ᠪᠦᠬᠦ ᠬᠤᠳᠠ ᠶᠢᠨ ᠬᠤᠳᠠ ᠲᠤᠭᠤᠷᠢᠭ ᠤᠨ ᠲᠦᠪ ᠪᠤᠯᠤᠬᠰᠠᠨ ᠤ | ᠬᠤᠪᠢ ᠳᠤ ᠬᠦᠨᠳᠡᠯᠡᠨ ᠲᠤᠭᠤᠷᠢᠭ ᠤᠨ ᠤᠷᠤᠰᠢᠨ ᠰᠠᠭᠤᠬᠤ ᠪᠠ ᠶᠠᠪᠤᠵᠤ ᠰᠠᠭᠤᠬᠤ ᠤᠷᠴᠢᠨ ᠤ ᠰᠠᠶᠢᠨ ᠮᠠᠭᠤ | ᠡᠰᠡᠬᠦ ᠨᠢ ᠠᠷᠠᠳ ᠤᠯᠠᠨ ᠤ ᠠᠮᠢᠳᠦᠷᠠᠯ ᠤᠨ ᠶᠠᠰᠤ ᠴᠢᠨᠡᠷ ᠪᠤᠯᠤᠨ ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠢ | ᠰᠢᠭᠤᠳ ᠨᠦᠯᠦᠬᠡᠯᠡᠳᠡᠭ᠃ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠪᠤᠯᠤᠨ᠎ᠠ᠃ | ᠶᠠᠭᠤᠨ ᠤ ᠡᠮᠦᠨ᠎ᠡ ᠹᠠᠨ ᠲᠤᠪᠴᠢᠶᠠᠨ ᠲᠠᠷᠤᠭ᠎ᠠ ᠠᠴᠠ ᠡᠨᠡ ᠵᠢᠯ ᠠᠴᠠ ᠨᠠᠭᠠᠰᠢ᠂ ᠬᠦᠨᠳᠡᠯᠡᠨ ᠲᠤᠭᠤᠷᠢᠭ ᠤᠨ | ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠤᠨ ᠪᠠᠶᠢᠳᠠᠯ ᠢ ᠶᠠᠷᠢᠭᠠᠳ ᠦᠭᠬᠦᠨᠡᠦ︖ | ᠹᠠᠨ ᠯᠢ ᠮᠢᠨ᠄ 2018 ᠤᠨ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠮᠦᠨᠡᠬᠢ ᠶᠢ ᠵᠠᠯᠭᠠᠮᠵᠢᠯᠠᠵᠤ ᠬᠤᠶᠢᠨᠡᠬᠢ ᠶᠢ ᠰᠡᠩᠬᠡᠷᠡᠬᠦᠯᠬᠦ᠂ | ᠰᠢᠨ᠎ᠠ ᠲᠦᠷᠰᠦ ᠪᠠᠶᠢᠳᠠᠯ ᠢ ᠡᠬᠦᠳᠬᠦ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠂ ᠮᠦᠨ ᠴᠤ ︽ᠠᠷᠪᠠᠨ ᠭᠤᠷᠪᠠᠳᠤᠭᠠᠷ | ᠲᠡᠪᠤᠨ ᠵᠢᠯ︾ ᠤᠨ ᠲᠦᠯᠦᠪᠵᠢᠬᠦᠯᠬᠡ ᠶᠢ ᠬᠦᠨᠵᠡᠬᠡᠶᠢᠷᠡᠬᠦᠯᠦᠨ ᠬᠡᠷᠡᠭᠵᠢᠬᠦᠯᠬᠦ᠂ ᠴᠢᠨᠡᠬᠡᠯᠢᠭ ᠨᠡᠶᠢᠬᠡᠮ ᠢ ᠪᠦᠬᠦ | ᠲᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠵᠢᠯ ᠮᠦᠨ᠃ | ᠡᠨᠡ ᠵᠢᠯ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠶᠢᠨ ᠬᠡᠷᠡᠭᠵᠢᠬᠦᠯᠬᠦ ᠲᠦᠷᠦᠯ ᠵᠦᠢᠯ ᠳᠤ | ᠲᠦᠷᠪᠡᠨ ᠶᠡᠭᠡ ᠲᠦᠷᠦᠯ ᠵᠦᠢᠯ ᠤᠨ ᠠᠭᠤᠯᠭ᠎ᠠ ᠶᠢ ᠪᠠᠭᠳᠠᠭᠠᠨ᠎ᠠ᠃ ᠲᠤᠰ ᠲᠤᠰ ᠵᠠᠮ ᠱᠤᠭᠤᠮ ᠤᠨ ᠪᠦᠳᠦᠬᠡᠨ | ᠪᠠᠶᠢᠭᠤᠯᠤᠯᠳᠠ᠂ ᠭᠠᠵᠠᠷ ᠲᠤᠤᠷᠠᠬᠢ ᠲᠤᠤᠷ ᠬᠤᠭᠤᠯᠠᠢ ᠶᠢᠨ ᠪᠦᠳᠦᠬᠡᠨ ᠪᠠᠶᠢᠭᠤᠯᠤᠯᠳᠠ᠂ ᠴᠡᠴᠡᠷᠯᠢᠭ ᠤᠨ | ᠨᠤᠭᠤᠭᠠᠷᠠᠭᠤᠯᠤᠯᠳᠠ ᠶᠢᠨ ᠪᠦᠳᠦᠬᠡᠨ ᠪᠠᠶᠢᠭᠤᠯᠤᠯᠳᠠ᠂ ᠡᠳᠦᠷ ᠲᠤᠳᠤᠮ ᠤᠨ ᠬᠠᠮᠠᠭᠠᠯᠠᠯᠳᠠ ᠬᠠᠮᠢᠶᠠᠷᠤᠯᠳᠠ ᠵᠡᠷᠬᠡ | ᠪᠤᠯᠤᠨ᠎ᠠ᠃ 18 ᠵᠢᠵᠢᠭ ᠲᠦᠷᠦᠯ ᠵᠦᠢᠯ ᠢ ᠪᠠᠭᠳᠠᠭᠠᠵᠤ᠂ ᠶᠡᠷᠦᠩᠬᠡᠢ ᠪᠡᠯᠡ ᠤᠷᠤᠭᠤᠯᠤᠯᠳᠠ 16.7 ᠳ᠋ᠦ᠋ᠩᠰᠢᠭᠤᠷ | ᠲᠦᠬᠦᠷᠢᠭ᠃ ᠮᠠᠨ ᠤ ᠲᠤᠪᠴᠢᠶ᠎ᠠ ᠬᠤᠳᠠ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ | ᠲᠤᠳᠠᠭᠤᠳᠠᠯ ᠢ ᠨᠦᠬᠦᠪᠦᠷᠢᠯᠡᠬᠦ᠂ ᠠᠷᠠᠳ ᠤᠯᠠᠨ ᠤ ᠪᠤᠳᠠᠳᠠᠢ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ | ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠠᠯᠢ ᠤᠯᠠᠨ ᠢᠨᠵᠧᠨᠧᠷᠢᠩ ᠢ ᠬᠡᠷᠡᠭᠵᠢᠬᠦᠯᠵᠡᠢ᠃ | 6 ᠵᠤᠷᠪᠤᠰ ᠵᠠᠮ ᠵᠢᠴᠢ ᠲᠤᠤᠷ ᠬᠤᠭᠤᠯᠠᠢ ᠶᠢᠨ ᠪᠦᠳᠦᠬᠡᠨ ᠪᠠᠶᠢᠭᠤᠯᠤᠯᠳᠠ ᠪᠤᠯᠤᠨ 16 ᠵᠤᠷᠪᠤᠰ ᠵᠢᠵᠢᠭ | ᠵᠡᠬᠡᠯᠢ ᠭᠤᠳᠤᠮᠵᠢ ᠶᠢ ᠲᠡᠰ ᠲᠡᠪᠰᠢᠬᠦᠯᠦᠨ ᠦᠬᠡᠷᠡᠴᠢᠯᠠᠨ ᠪᠠᠶᠢᠭᠤᠯᠬᠤ ᠢᠨᠵᠧᠨᠧᠷᠢᠩ ᠢ ᠬᠦᠴᠦᠯᠡᠨ ᠠᠬᠢᠭᠤᠯᠵᠤ᠂ | ᠠᠷᠠᠳ ᠤᠯᠠᠨ ᠤ ᠶᠠᠪᠤᠵᠤ ᠰᠠᠭᠤᠬᠤ ᠳᠤ ᠲᠦᠬᠦᠮ ᠦᠵᠡᠬᠦᠯᠵᠡᠢ᠃ ᠡᠷᠡᠬᠦᠯ ᠬᠠᠮᠠᠭᠠᠯᠠᠯ ᠤᠨ ᠬᠤᠳᠠ ᠶᠢ ᠪᠠᠶᠢᠭᠤᠯᠵᠤ | ᠪᠠᠶᠢᠴᠠᠭᠠᠯᠳᠠ ᠶᠢ ᠤᠬᠳᠤᠬᠤ ᠵᠡᠷᠬᠡ ᠠᠵᠢᠯᠯᠠᠭ᠎ᠠ ᠲᠠᠢ ᠨᠢᠬᠳᠠ ᠤᠶᠠᠯᠳᠤᠭᠤᠯᠵᠤ᠂ ᠨᠤᠭᠤᠭᠠᠷᠠᠭᠤᠯᠤᠯᠳᠠ ᠶᠢᠨ | ᠬᠡᠮᠵᠢᠶ᠎ᠠ ᠶᠢ ᠨᠡᠮᠡᠭᠳᠡᠬᠦᠯᠵᠤ᠂ ᠲᠡᠰ ᠴᠢᠨᠡᠷ ᠢ ᠲᠡᠬᠡᠭᠰᠢᠯᠡᠬᠦᠯᠦᠨ᠂ ᠬᠠᠮᠢᠶᠠᠷᠴᠤ ᠬᠠᠮᠠᠭᠠᠯᠠᠬᠤ ᠶᠢ ᠠᠳᠬᠤᠵᠤ᠂ | ᠰᠤᠳᠤᠨ ᠪᠦᠳᠦᠬᠡᠯ ᠭᠠᠷᠭᠠᠬᠤ ᠶᠢ ᠪᠠᠷᠢᠮᠳᠠᠯᠠᠵᠤ᠂ 5 ᠴᠡᠴᠡᠷᠯᠢᠭ᠂ 3 ᠠᠭᠤᠳᠠᠮ ᠲᠠᠯᠠᠪᠠᠢ ᠳᠤ ᠲᠡᠰ ᠲᠡᠪᠰᠢᠬᠦᠯᠦᠨ | ᠦᠬᠡᠷᠡᠴᠢᠯᠠᠨ ᠪᠠᠶᠢᠭᠤᠯᠵᠤ᠂ ᠬᠠᠳᠤᠨ ᠭᠤᠤᠯ ᠵᠠᠬᠡᠯᠢ ᠶᠢᠨ ᠡᠾᠧ ᠫᠢᠩ ᠠᠭᠤᠳᠠᠮ ᠲᠠᠯᠠᠪᠠᠢ ᠶᠢ ᠰᠢᠨ᠎ᠠ ᠪᠠᠷ | ᠪᠦᠳᠦᠬᠡᠨ ᠪᠠᠶᠢᠭᠤᠯᠵᠤ᠂ ᠦᠨᠳᠦᠰᠦᠳᠡᠨ ᠵᠠᠬᠦᠨ ᠵᠠᠮ ᠤᠨ ᠵᠦᠷᠢᠯᠢᠭ ᠬᠦᠬᠦᠷᠬᠡ ᠶᠢᠨ ᠬᠤᠶᠠᠷ ᠬᠠᠵᠠᠭᠤ ᠪᠤᠯᠤᠨ | ᠮᠤᠨᠢ ᠵᠠᠮ ᠤᠨ ᠨᠤᠭᠤᠭᠠᠷᠠᠭᠤᠯᠤᠯᠳᠠ ᠶᠢᠨ ᠦᠵᠡᠮᠵᠢ ᠳᠤ ᠲᠡᠰ ᠲᠡᠪᠰᠢᠬᠦᠯᠦᠨ ᠦᠬᠡᠷᠡᠴᠢᠯᠡᠨ ᠪᠠᠶᠢᠭᠤᠯᠬᠤ ᠶᠢ | ᠪᠡᠶᠡᠯᠡᠬᠦᠯᠵᠤ᠂ ᠵᠠᠯᠠᠭᠤᠰ ᠵᠠᠮ ᠤᠨ ᠳᠣᠯᠣᠳᠣᠭᠠᠷ ᠭᠤᠳᠣᠮᠵᠢ ᠵᠡᠷᠬᠡ 7 ᠬᠠᠭᠤᠴᠢᠨ ᠰᠠᠭᠤᠭᠠᠯᠢ ᠠᠷᠠᠳ ᠤᠨ | ᠲᠤᠭᠤᠷᠢᠭ ᠲᠤ᠂ ᠤᠯᠠᠨ ᠨᠠᠶᠢᠳᠠ ᠶᠢᠨ ᠨᠤᠭᠤᠭᠠᠷᠠᠭᠤᠯᠤᠯᠳᠠ ᠶᠢ ᠰᠠᠭᠤᠭᠠᠯᠢ ᠠᠷᠠᠳ ᠤᠨ ᠲᠤᠭᠤᠷᠢᠭ ᠲᠤ | ᠪᠦᠷᠬᠦᠬᠦᠯᠬᠦ ᠢᠨᠵᠧᠨᠧᠷᠢᠩ ᠢ ᠬᠡᠷᠡᠭᠵᠢᠬᠦᠯᠵᠤ᠂ ᠢᠵᠢ ᠪᠦᠷᠢᠳᠦᠭᠰᠡᠨ ᠦᠢᠯᠡᠴᠢᠯᠡᠬᠡᠨ ᠤ ᠲᠦᠪᠰᠢᠨ ᠢ | ᠲᠡᠬᠡᠭᠰᠢᠯᠡᠬᠦᠯᠵᠤ᠂ ᠦᠨᠳᠦᠷ ᠪᠠᠷᠢᠮᠵᠢᠶ᠎ᠠ᠂ ᠦᠨᠳᠦᠷ ᠶᠡᠰᠤ ᠴᠢᠨᠡᠷ ᠤᠨ ᠨᠤᠭᠤᠭᠠᠷᠠᠭᠤᠯᠤᠯᠳᠠ ᠪᠠᠷ ︽ᠬᠡᠪ ᠴᠢᠨᠡᠷᠳᠤ | ᠬᠤᠳᠠ ᠲᠤᠭᠤᠷᠢᠭ︾ ᠢ ᠴᠢᠮᠡᠭᠯᠡᠨ ᠭᠤᠶᠤᠵᠢᠭᠤᠯᠵᠤ᠂ ᠠᠷᠠᠳ ᠤᠯᠠᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ | ᠲᠡᠭᠡᠭᠰᠢᠯᠡᠬᠦᠯᠵᠡᠢ᠃ ᠪᠢᠳᠡ ᠪᠠᠰᠠ ᠲᠤᠰᠬᠠᠢᠢᠯᠠᠨ ᠬᠤᠳᠠ ᠶᠢᠨ ᠶᠠᠪᠤᠳᠠᠯ ᠤᠨ ᠲᠤᠨᠤᠭ ᠲᠦᠬᠦᠬᠡᠷᠦᠮᠵᠢ ᠶᠢ | ᠬᠠᠮᠠᠭᠠᠯᠠᠬᠤ ᠠᠩᠬᠢ ᠶᠢ ᠪᠠᠶᠢᠭᠤᠯᠵᠤ᠂ ᠲᠤᠤᠷ ᠰᠦᠯᠵᠢᠶᠡᠵᠢᠬᠦᠯᠦᠨ ᠬᠠᠮᠢᠶᠠᠷᠬᠤ ᠶᠢ ᠬᠡᠷᠡᠭᠵᠢᠬᠦᠯᠵᠤ᠂ ᠡᠳᠦᠷ | ᠲᠤᠳᠤᠮ ᠤᠨ ᠲᠤᠭᠤᠷᠢᠨ ᠪᠠᠶᠢᠴᠠᠭᠠᠯᠳᠠ ᠶᠢᠨ ᠲᠤᠭ᠎ᠠ ᠶᠢ ᠨᠡᠮᠡᠭᠳᠡᠬᠦᠯᠵᠤ᠂ ᠪᠤᠬᠢᠷ ᠤᠰᠤ ᠭᠠᠳᠠᠬᠰᠢ ᠲᠡᠪᠡᠷᠡᠬᠦ᠂ | ᠬᠤᠳᠳᠤᠭ ᠤᠨ ᠠᠮᠠᠰᠠᠷ ᠬᠡᠬᠡᠭᠳᠡᠬᠦ᠂ ᠬᠠᠳᠠᠭᠤᠷᠠᠭᠤᠯᠤᠯᠳᠠ ᠡᠪᠳᠡᠭᠳᠡᠭᠰᠡᠨ ᠵᠡᠷᠬᠡ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠵᠤ᠂ ᠡᠬᠦᠨ ᠤ ᠬᠠᠮᠳᠤ᠂ ᠦᠶᠡᠷ ᠢ ᠰᠡᠷᠬᠡᠶᠢᠯᠡᠬᠦ ᠵᠡᠷᠬᠡ ᠪᠠᠴᠢᠮ ᠪᠠᠶᠢᠳᠠᠯ ᠢ ᠠᠷᠭᠠᠴᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠳᠤᠷ ᠬᠢᠭᠰᠡᠨ ᠪᠠᠶᠢᠨ᠎ᠠ᠃ ᠰᠢᠳᠡᠮᠡᠬᠠᠢ ᠬᠡᠢ ᠶᠢᠨ ᠠᠵᠢᠯ ᠲᠦᠷᠦᠯ ᠪᠤᠯᠤᠨ ᠪᠠᠷᠢᠯᠭ᠎ᠠ ᠶᠢᠨ | ᠠᠵᠢᠯ ᠲᠦᠷᠦᠯ ᠳᠠᠬᠢ ᠪᠠᠶᠢᠴᠠᠭᠠᠯᠳᠠ ᠪᠤᠯᠤᠨ ᠴᠠᠬᠳᠠᠨ ᠬᠠᠮᠠᠭᠠᠯᠠᠬᠤ ᠶᠢ ᠴᠢᠩᠭᠠᠳᠬᠠᠵᠤ᠂ ᠬᠢᠨᠠᠨ | ᠬᠠᠮᠢᠶᠠᠷᠤᠯᠳᠠ ᠶᠢᠨ ᠪᠤᠳᠠᠳᠠᠢ ᠳᠤ ᠨᠡᠶᠢᠳᠡᠪᠦᠷᠢᠵᠢᠭᠤᠯᠤᠬᠳᠠᠬᠤ ᠶᠢ ᠦᠨᠡᠨᠬᠦ ᠪᠠᠳᠤᠯᠠᠵᠤ ᠪᠤᠢ᠃ | ᠬᠦᠳᠦᠯᠦᠭᠴᠢ᠄ ᠹᠠᠨ ᠲᠤᠪᠴᠢᠶᠠᠨ ᠲᠠᠷᠤᠭ᠎ᠠ ᠶᠢᠨ ᠲᠠᠨᠢᠯᠴᠠᠭᠤᠯᠬᠤ ᠶᠢ ᠰᠤᠨᠤᠰᠤᠭᠠᠳ ᠪᠢᠳᠡ ᠬᠦᠨᠳᠡᠯᠡᠨ | ᠲᠤᠭᠤᠷᠢᠭ ᠤᠨ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠢ ᠨᠡᠩ ᠬᠦᠨᠵᠡᠬᠡᠢ ᠤᠢᠢᠯᠠᠭᠠᠯ᠎ᠠ᠃ ᠡᠬᠦᠨ ᠤ | ᠬᠠᠮᠳᠤ ᠤᠷᠳᠤ ᠬᠤᠭᠤᠴᠠᠭᠠᠨ ᠤ ᠲᠤᠷᠰᠢ ᠨᠢᠬᠡᠳᠦᠬᠡᠷ ᠹᠷᠤᠨᠲ ᠲᠤ ᠭᠠᠪᠰᠢᠭᠠᠢᠢᠯᠠᠵᠤ ᠪᠠᠶᠢᠭ᠎ᠠ ᠠᠵᠢᠯᠳᠠᠳ ᠲᠤ | ᠲᠠᠯᠠᠷᠬᠠᠵᠤ ᠪᠠᠶᠢᠨ᠎ᠠ᠂ ᠪᠢᠳᠡᠨ ᠳᠤ ᠶᠠᠪᠤᠵᠤ ᠰᠠᠭᠤᠬᠤ ᠪᠠ ᠤᠷᠤᠰᠢᠨ ᠰᠠᠭᠤᠬᠤ ᠰᠠᠶᠢᠨ ᠰᠠᠶᠢᠬᠠᠨ ᠤᠷᠴᠢᠨ ᠢ | ᠡᠬᠦᠳᠴᠤ ᠦᠭᠬᠦ ᠶᠢᠨ ᠲᠦᠯᠦᠬᠡ᠂ ᠤᠷᠤᠨ ᠨᠤᠳᠤᠭ ᠤᠨ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠲᠦᠯᠦᠬᠡ | ᠢᠳᠡᠪᠬᠢᠳᠠᠢ ᠬᠤᠪᠢ ᠨᠠᠮᠠᠷᠢ ᠦᠵᠡᠬᠦᠯᠦᠭᠰᠡᠨ ᠳᠤ ᠲᠠᠯᠠᠷᠬᠠᠵᠤ ᠪᠠᠶᠢᠨ᠎ᠠ᠃ ᠲᠤᠤᠷ᠎ᠠ ᠦᠷᠬᠡᠨ ᠤᠯᠠᠨ ᠲᠦᠮᠡᠨ ᠤ | ᠠᠩᠬᠠᠷᠤᠨ ᠬᠠᠯᠠᠮᠵᠢᠯᠠᠵᠤ ᠪᠠᠶᠢᠭ᠎ᠠ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠬᠢ ᠠᠰᠠᠭᠤᠳᠠᠯ ᠤᠨ | ᠲᠤᠬᠠᠢ ᠲᠠᠨ ᠲᠠᠢ ᠰᠤᠯᠢᠯᠴᠠᠶ᠎ᠠ᠃ | ᠬᠦᠳᠦᠯᠦᠭᠴᠢ᠄ ᠵᠠᠮ ᠬᠠᠷᠢᠯᠴᠠᠭᠠᠨ ᠤ ᠰᠠᠭᠠᠳ ᠦᠬᠡᠢ ᠪᠠᠶᠢᠬᠤ ᠢᠨᠵᠧᠨᠧᠷᠢᠩ ᠪᠤᠯ ᠠᠷᠠᠳ ᠤᠯᠠᠨ ᠤ | ᠶᠠᠪᠤᠵᠤ ᠰᠠᠭᠤᠬᠤ ᠠᠰᠠᠭᠤᠳᠠᠯ ᠢ ᠰᠢᠢᠳᠪᠦᠷᠢᠯᠡᠬᠦ ᠶᠢᠨ ᠵᠠᠩᠬᠢᠯᠠᠭ᠎ᠠ ᠪᠤᠯᠤᠨ᠎ᠠ᠃ ᠬᠡᠬᠦ ᠳᠡᠭᠡᠨ ᠬᠦᠮᠦᠰ ᠤᠨ | ᠠᠮᠢᠳᠦᠷᠠᠯ ᠤᠨ ᠲᠦᠪᠰᠢᠨ ᠤ ᠲᠡᠬᠡᠭᠰᠢᠯᠡᠬᠦ ᠶᠢ ᠲᠠᠭᠠᠯᠳᠤᠨ᠂ ᠬᠤᠳᠠ ᠶᠢᠨ ᠠᠷᠠᠳ ᠤᠨ ᠬᠡᠷ ᠪᠤᠯᠭᠠᠨ ᠳᠤ ᠮᠠᠰᠢᠨ | ᠲᠡᠷᠬᠡ ᠲᠠᠢ ᠪᠤᠯᠵᠠᠢ᠃ ᠵᠠᠮ ᠬᠡᠳᠦ᠋ᠢᠪᠡᠷ ᠦᠷᠬᠡᠨ ᠪᠤᠯᠵᠠᠢ ᠬᠡᠳᠡᠭ ᠪᠤᠯᠪᠠᠴᠤ ᠲᠡᠷᠬᠡ ᠬᠦᠰᠬᠡ ᠴᠤ ᠲᠦᠷᠬᠡᠨ | ᠨᠡᠮᠡᠭᠳᠡᠵᠤ᠂ ᠵᠠᠮ ᠲᠦᠭᠵᠢᠷᠡᠬᠦ ᠦᠵᠡᠭᠳᠡᠯ ᠶᠠᠪᠤᠬᠤ ᠲᠤᠳᠤᠮ ᠬᠦᠨᠳᠤ ᠨᠤᠴᠢᠳᠠᠢ ᠪᠤᠯᠤᠬᠰᠠᠨ ᠪᠠᠶᠢᠨ᠎ᠠ᠃ ᠵᠠᠮ | ᠱᠤᠭᠤᠮ ᠤᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠡᠨᠡ ᠬᠡᠳᠦᠨ ᠵᠢᠯ ᠶᠠᠮᠠᠷ ᠶᠠᠮᠠᠷ ᠠᠵᠢᠯ ᠬᠢᠭᠰᠡᠨ ᠪᠤᠢ︖ | ᠬᠤᠶᠢᠰᠢᠳᠠ ᠶᠢᠨ ᠲᠦᠯᠦᠪᠯᠡᠭᠡ ᠶᠠᠮᠠᠷ ᠪᠠᠶᠢᠨ᠎ᠠ︖ | ᠹᠠᠨ ᠯᠢ ᠮᠢᠨ᠄ ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠲᠤᠷᠠᠳᠤᠨ ᠭᠠᠷᠭᠠᠬᠰᠠᠨ ︽ᠡᠮᠦᠨᠡᠰᠢ | ᠦᠷᠬᠡᠳᠬᠡᠵᠤ᠂ ᠬᠤᠶᠢᠰᠢ ᠪᠠᠨ ᠰᠤᠩᠭᠠᠵᠤ᠂ ᠪᠠᠷᠠᠭᠤᠨᠰᠢ ᠠᠬᠢᠭᠤᠯᠬᠤ︾ ᠬᠦᠭᠵᠢᠯᠳᠠ ᠶᠢᠨ ᠲᠦᠯᠦᠪᠵᠢᠬᠦᠯᠬᠡ | ᠶᠤᠰᠤᠭᠠᠷ᠂ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠠᠵᠢᠯᠳᠠᠳ ᠲᠠᠰᠤᠷᠠᠯᠳᠠ ᠦᠬᠡᠢ ᠪᠤᠭᠤᠮᠳᠠ ᠰᠢᠪᠳᠤᠯᠵᠤ᠂ | ᠬᠤᠳᠠ ᠲᠤᠭᠤᠷᠢᠭ ᠤᠨ ᠲᠠᠯᠠᠪᠠᠢ ᠶᠢ ᠦᠷᠬᠡᠳᠬᠡᠵᠤ᠂ ᠬᠤᠳᠠ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠶᠡᠭᠡ ᠬᠡᠪᠴᠢᠶᠠᠨ ᠤ ᠵᠠᠮ ᠱᠤᠭᠤᠮ ᠢ ᠰᠢᠨ᠎ᠠ ᠪᠠᠷ ᠵᠠᠰᠠᠵᠤ | ᠪᠠᠶᠢᠭᠤᠯᠬᠤ ᠪᠠ ᠦᠬᠡᠷᠡᠴᠢᠯᠠᠨ ᠪᠠᠶᠢᠭᠤᠯᠬᠤ ᠢᠨᠵᠧᠨᠧᠷᠢᠩ ᠢ ᠬᠤᠶᠢᠨ᠎ᠠ ᠬᠤᠶᠢᠨ᠎ᠠ ᠠᠴᠠ ᠨᠢ ᠬᠡᠷᠡᠭᠵᠢᠬᠦᠯᠵᠤ᠂ | ᠬᠤᠳᠠ ᠶᠢᠨ ᠵᠠᠮ ᠱᠤᠭᠤᠮ ᠤᠨ ᠠᠴᠢᠶᠠᠯᠠᠬᠤ ᠴᠢᠳᠡᠪᠦᠷᠢ ᠶᠢ ᠲᠡᠬᠡᠭᠰᠢᠯᠡᠬᠦᠯᠵᠠᠢ᠃ ᠤᠢᠢᠷ᠎ᠠ ᠶᠢᠨ ᠶᠢᠰᠦᠨ ᠵᠢᠯ ᠤᠨ | ᠲᠤᠷᠰᠢ᠂ ᠬᠦᠨᠳᠡᠯᠡᠨ ᠭᠤᠤᠯ ᠵᠠᠬᠦᠨ ᠵᠠᠮ᠂ ᠭᠤᠷᠪᠠ ᠨᠠᠢᠮᠠ ᠵᠠᠮ᠂ ᠠᠭᠱᠠᠨ ᠵᠠᠮ᠂ ᠪᠡᠶ᠎ᠡ ᠪᠠᠨ ᠳᠠᠭᠠᠭᠠᠭᠴᠢ ᠵᠠᠮ | ᠂ ᠬᠦᠳᠡᠯᠮᠦᠷᠢ ᠪᠠᠷ ᠦᠬᠡᠷᠡᠴᠢᠯᠡᠬᠦ ᠭᠠᠵᠠᠷ ᠤᠨ ᠵᠠᠮ᠂ ᠬᠤᠷᠢᠭᠤᠯ ᠤᠨ ᠭᠠᠵᠠᠷ ᠤᠨ ᠵᠠᠮ᠂ ᠪᠠᠶᠠᠨ ᠤᠪᠤᠭ᠎ᠠ ᠵᠠᠮ | ᠵᠡᠷᠬᠡ 50 ᠭᠠᠷᠤᠢ ᠵᠤᠷᠪᠤᠰ ᠵᠠᠮ ᠱᠤᠭᠤᠮ ᠢ ᠰᠢᠨ᠎ᠠ ᠪᠠᠷ ᠪᠠᠶᠢᠭᠤᠯᠬᠤ᠂ ᠦᠷᠬᠡᠳᠬᠡᠨ ᠦᠬᠡᠷᠡᠴᠢᠯᠡᠨ ᠪᠠᠶᠢᠭᠤᠯᠬᠤ | ᠢᠨᠵᠧᠨᠧᠷᠢᠩ ᠢ ᠬᠡᠷᠡᠭᠵᠢᠬᠦᠯᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠦᠨᠳᠡᠯᠡᠨ | ᠲᠤᠭᠤᠷᠢᠭ ᠪᠠᠰᠠ ᠬᠦᠨᠳᠡᠯᠡᠨ ᠭᠤᠤᠯ ᠵᠡᠬᠦᠨ ᠵᠠᠮ᠂ ᠬᠦᠨᠳᠡᠯᠡᠨ ᠭᠤᠤᠯ ᠪᠠᠷᠠᠭᠤᠨ ᠵᠠᠮ᠂ ᠵᠤᠤ ᠶᠢᠨ ᠲᠠᠯ᠎ᠠ ᠵᠡᠬᠦᠨ | ᠵᠠᠮ᠂ ᠪᠢᠨ ᠡᠾᠧ ᠵᠠᠮ ᠵᠡᠷᠬᠡ ᠡᠬᠢ ᠦᠬᠡᠢ ᠵᠠᠮ ᠢ ᠵᠠᠯᠭ᠎ᠠ ᠵᠠᠯᠭ᠎ᠠ ᠪᠠᠷ ᠨᠠᠪᠳᠡᠷᠡᠬᠦᠯᠵᠤ᠂ ᠲᠡᠬᠦᠯᠳᠡᠷᠵᠢᠭᠰᠡᠨ ᠵᠠᠮ | ᠬᠠᠷᠢᠯᠴᠠᠭᠠᠨ ᠤ ᠲᠤᠤᠷ ᠰᠦᠯᠵᠢᠶ᠎ᠠ ᠶᠢ ᠦᠨᠳᠦᠰᠦᠨ ᠳᠤᠨᠢ ᠪᠦᠷᠢᠯᠳᠦᠬᠦᠯᠵᠠᠢ᠃ ︽ᠪᠦᠬᠦ ᠤᠯᠤᠰ ᠤᠨ ᠪᠤᠯᠪᠠᠰᠤᠨ | ᠬᠤᠳᠠ︾ ︽ᠤᠯᠤᠰ ᠤᠨ ᠡᠷᠡᠬᠦᠯ ᠬᠠᠮᠠᠭᠠᠯᠠᠯ ᠤᠨ ᠬᠤᠳᠠ︾ ︽ᠤᠯᠤᠰ ᠤᠨ ᠤᠷᠴᠢᠨ ᠲᠤᠭᠤᠷᠢᠨ ᠤ ᠵᠢᠱᠢᠶᠠᠴᠢ | ᠬᠤᠳᠠ︾ ᠶᠢ ᠪᠠᠶᠢᠭᠤᠯᠬᠤ ᠯᠤᠭ᠎ᠠ ᠤᠶᠠᠯᠳᠤᠭᠤᠯᠵᠤ᠂ ᠶᠡᠭᠡ ᠬᠡᠪᠴᠢᠶᠠᠨ ᠤ ᠶᠠᠪᠠᠭᠠᠨ ᠬᠦᠮᠦᠨ ᠤ ᠶᠠᠪᠤᠬᠤ ᠵᠠᠮ ᠢ | ᠬᠠᠳᠠᠭᠤᠷᠠᠭᠤᠯᠵᠤ᠂ ᠲᠡᠰ ᠲᠡᠪᠰᠢᠬᠦᠯᠦᠨ ᠦᠬᠡᠷᠡᠴᠢᠯᠠᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠦᠭᠰᠡᠨ ᠮᠦᠷᠳᠡᠬᠡᠨ | ᠤᠷᠴᠢᠨ ᠲᠤᠭᠤᠷᠢᠨ ᠢ ᠬᠠᠮᠠᠭᠠᠯᠠᠬᠤ ᠲᠤᠭᠤᠰᠬ᠎ᠠ᠂ ᠤᠰᠤ ᠨᠡᠪᠴᠢᠬᠦ ᠲᠤᠭᠤᠰᠬ᠎ᠠ ᠶᠢ ᠬᠡᠷᠡᠭᠯᠡᠵᠤ ᠲᠡᠪᠢᠰᠦᠭᠰᠡᠨ ᠢᠶᠠᠷ | ᠶᠠᠰᠦ ᠴᠢᠨᠡᠷ ᠵᠢᠴᠢ ᠤᠷᠴᠢᠨ ᠲᠤᠭᠤᠷᠢᠨ ᠢ ᠬᠠᠮᠠᠭᠠᠯᠠᠬᠤ ᠴᠢᠳᠡᠪᠬᠢᠳᠤ ᠴᠢᠨᠡᠷ ᠢᠯᠡᠳᠳᠡ ᠲᠡᠬᠡᠭᠰᠢᠯᠡᠭᠰᠡᠨ ᠪᠠᠶᠢᠨ᠎ᠠ᠃ | ᠪᠦᠯᠬᠦᠮᠳᠡᠯ ᠵᠡᠬᠡᠯᠢ᠂ ᠨᠦᠬᠦᠷᠯᠡᠯ ᠵᠠᠬᠡᠯᠢ᠂ ᠤᠳᠠᠨ ᠰᠡᠭᠦᠳᠡᠷᠳᠦ ᠵᠠᠮ᠂ ᠵᠠᠯᠠᠭᠤᠰ ᠵᠠᠮ᠂ ᠮᠤᠨᠢ ᠵᠠᠮ᠂ ᠪᠠᠶᠠᠨ | ᠤᠪᠤᠭ᠎ᠠ ᠵᠠᠮ ᠵᠡᠷᠬᠡ 50 ᠭᠠᠷᠤᠢ ᠵᠤᠷᠪᠤᠰ ᠵᠠᠮ ᠱᠤᠭᠤᠮ ᠲᠠᠭᠠᠤ ᠶᠢᠨ ᠶᠠᠪᠠᠭᠠᠨ ᠬᠦᠮᠦᠨ ᠤ ᠶᠠᠪᠤᠬᠤ ᠵᠠᠮ ᠢ | ᠬᠠᠳᠠᠭᠤᠷᠠᠭᠤᠯᠬᠤ ᠢᠨᠵᠧᠨᠧᠷᠢᠩ ᠢ ᠪᠠᠶᠠᠯᠡᠬᠦᠯᠵᠤ᠂ ᠬᠠᠳᠠᠭᠤᠷᠠᠭᠤᠯᠤᠬᠰᠠᠨ ᠶᠡᠷᠦᠩᠬᠡᠢ ᠲᠠᠯᠠᠪᠠᠢ 256 ᠲᠦᠮᠡᠨ | ᠲᠡᠭᠰᠢ ᠲᠦᠷᠪᠡᠯᠵᠢᠨ ᠮᠧᠲᠷ ᠲᠤ ᠬᠦᠷᠴᠤ᠂ ᠶᠠᠪᠠᠭᠠᠨ ᠬᠦᠮᠦᠨ ᠤ ᠵᠠᠮ ᠳᠤ ᠪᠠᠰᠠ ᠰᠤᠬᠤᠷ ᠬᠦᠮᠦᠨ ᠤ ᠶᠠᠪᠤᠬᠤ | ᠵᠠᠮ ᠢ ᠲᠠᠪᠢᠰᠴᠡᠢ᠃ ᠡᠳᠦᠷ ᠲᠤᠳᠤᠮ ᠤᠨ ᠪᠠᠶᠢᠴᠠᠭᠠᠯᠳᠠ᠂ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ | ᠭᠤᠤᠯ ᠪᠠ ᠲᠡᠳ᠋ ᠵᠠᠮ ᠱᠤᠭᠤᠮ᠂ ᠶᠠᠪᠠᠭᠠᠨ ᠬᠦᠮᠦᠨ ᠤ ᠵᠠᠮ᠂ ᠮᠤᠳᠤᠨ ᠤ ᠤᠭ ᠤᠨ ᠲᠤᠭᠤᠰᠬ᠎ᠠ ᠶᠢᠨ | ᠡᠪᠳᠡᠭᠳᠡᠭᠰᠡᠨ ᠪᠠᠶᠢᠳᠠᠯ ᠳᠤ ᠨᠠᠷᠢᠨ ᠬᠢᠨᠠᠮᠠᠭᠠᠢ ᠲᠤᠭᠤᠷᠢᠨ ᠪᠠᠶᠢᠴᠠᠭᠠᠵᠤ᠂ ᠰᠠᠶᠢᠳᠤᠷ ᠲᠡᠮᠳᠡᠭᠯᠡᠯ ᠬᠢᠵᠤ᠂ | ᠠᠰᠠᠭᠤᠳᠠᠯ ᠢ ᠢᠯᠡᠷᠡᠬᠦᠯᠵᠤ ᠴᠠᠭ ᠲᠤᠬᠠᠢ ᠳᠤᠨᠢ ᠰᠠᠯᠪᠢᠨ ᠵᠠᠰᠠᠵᠤ᠂ ᠤᠯᠠᠨ ᠨᠡᠶᠢᠳᠡ ᠶᠢᠨ ᠲᠤᠨᠤᠭ | ᠲᠦᠬᠦᠬᠡᠷᠦᠮᠵᠢ ᠶᠢᠨ ᠪᠦᠷᠢᠨ ᠪᠦᠳᠦᠨ ᠪᠠᠶᠢᠬᠤ ᠶᠢ ᠪᠠᠳᠤᠯᠠᠵᠤ᠂ ᠵᠠᠮ ᠤᠨ ᠨᠢᠭᠤᠷ ᠲᠡᠭᠰᠢᠬᠡᠬᠡᠨ ᠪᠦᠬᠡᠳ ᠰᠠᠭᠠᠳ | ᠦᠬᠡᠢ ᠪᠠᠶᠢᠬᠤ ᠶᠢ ᠪᠠᠳᠤᠯᠠᠵᠤ᠂ ᠵᠠᠮ ᠱᠤᠭᠤᠮ ᠤᠨ ᠲᠤᠤᠷ ᠤᠨ ᠪᠦᠷᠢᠨ ᠲᠡᠬᠦᠯᠳᠡᠷ᠂ ᠲᠤᠨᠤᠭ ᠲᠦᠬᠦᠬᠡᠷᠦᠮᠵᠢ ᠶᠢᠨ | ᠢᠵᠢ ᠪᠦᠷᠢᠳᠦᠭᠰᠡᠨ ᠢ ᠦᠨᠳᠦᠰᠦᠨ ᠳᠤᠨᠢ ᠪᠡᠶᠡᠯᠡᠬᠦᠯᠵᠤ᠂ ᠬᠤᠳᠠ ᠶᠢᠨ ᠠᠷᠠᠳ ᠲᠤ ᠨᠡᠩ ᠰᠠᠶᠢᠨ ᠰᠠᠶᠢᠬᠠᠨ | ᠶᠠᠪᠤᠵᠤ ᠰᠠᠭᠤᠬᠤ ᠨᠦᠬᠦᠴᠡᠯ ᠢ ᠬᠠᠩᠭᠠᠵᠤ ᠦᠭᠬᠦᠭᠰᠡᠨ ᠪᠠᠶᠢᠨ᠎ᠠ᠃ | ᠵᠤᠤ ᠶᠤᠸᠠᠨ ᠡᠮᠦᠨ᠎ᠡ ᠵᠠᠮ ︵ᠦᠨᠳᠦᠰᠦᠳᠡᠨ ᠪᠠᠷᠠᠭᠤᠨ ᠵᠠᠮ — ᠪᠠᠶᠠᠨ ᠤᠪᠤᠭ᠎ᠠ ᠵᠠᠮ︶ ᠤᠨ | ᠪᠤᠷᠤᠭᠠᠨ ᠤ ᠤᠰᠤ ᠪᠤᠬᠢᠷ ᠤᠰᠤ ᠶᠢ ᠭᠠᠳᠠᠬᠰᠢᠯᠠᠭᠤᠯᠬᠤ ᠬᠤᠭᠤᠯᠠᠢ ᠶᠢ ᠨᠢᠬᠡᠨᠳᠡ 1500 ᠭᠠᠷᠤᠢ ᠮᠧᠲᠷ | ᠪᠠᠶᠠᠯᠡᠬᠦᠯᠵᠤ᠂ ᠮᠤᠨᠢ ᠬᠤᠶᠢᠳᠤ ᠵᠠᠮ ︵ᠠᠵᠢᠨᠠᠢ ᠵᠠᠮ — ᠤᠳᠠᠨ ᠰᠡᠭᠦᠳᠡᠷᠳᠦ ᠵᠠᠮ︶ ᠤᠨ ᠭᠠᠵᠠᠷ ᠲᠤᠤᠷᠠᠬᠢ | ᠲᠤᠤᠷ ᠬᠤᠭᠤᠯᠠᠢ ᠶᠢᠨ ᠪᠦᠳᠦᠬᠡᠨ ᠪᠠᠶᠢᠭᠤᠯᠤᠯᠳᠠ ᠶᠢ ᠨᠢᠬᠡᠨᠳᠡ ᠲᠠᠭᠤᠰᠬᠠᠵᠤ᠂ ᠬᠤᠳᠠ ᠶᠢᠨ ᠪᠦᠳᠦᠬᠡᠨ | ᠪᠠᠶᠢᠭᠤᠯᠤᠯᠳᠠ ᠶᠢᠨ ᠵᠦᠪᠯᠡᠯ ᠪᠤᠯᠤᠨ ᠪᠤᠭᠤᠳᠤ ᠪᠤᠯᠤᠳ ᠤᠨ ᠮᠠᠨ ᠤ ᠲᠤᠭᠤᠷᠢᠭ ᠲᠤ ᠬᠡᠷᠡᠭᠵᠢᠬᠦᠯᠵᠤ ᠪᠠᠶᠢᠭ᠎ᠠ | ᠦᠨᠳᠤᠰᠦᠳᠡᠨ ᠪᠠᠷᠠᠭᠤᠨ ᠵᠠᠮ ︵ᠬᠤᠳᠠ ᠲᠤᠭᠤᠷᠢᠭᠰᠠᠨ ᠲᠡᠮᠦᠷ ᠵᠠᠮ ᠠᠴᠠ ᠬᠤᠶᠢᠰᠢ 100 ᠮᠧᠲᠷ — 101 | ᠤᠯᠤᠰ ᠤᠨ ᠵᠠᠮ︶᠂ ᠨᠦᠬᠦᠷᠯᠡᠯ ᠲᠤᠮᠤ ᠵᠡᠬᠡᠯᠢ ︵ᠠᠷᠠᠳ ᠵᠡᠬᠡᠯᠢ — ᠬᠦᠨᠳᠡᠯᠡᠨ ᠭᠤᠤᠯ ᠤᠨ ᠡᠮᠦᠨ᠎ᠡ ᠬᠦᠬᠦᠷᠬᠡ | ︶᠂ ᠪᠠᠶᠠᠨ ᠵᠠᠮ ︵ᠦᠨᠳᠦᠰᠦᠳᠡᠨ ᠪᠠᠷᠠᠭᠤᠨ ᠵᠠᠮ — ᠤᠳᠠᠨ ᠰᠡᠭᠦᠳᠡᠷᠳᠦ ᠵᠠᠮ︶ ᠡᠮᠦᠨ᠎ᠡ ᠫᠠᠢ ᠵᠠᠮ ︵ | ᠪᠤᠯᠤᠳ ᠲᠡᠮᠦᠷ ᠵᠡᠬᠡᠯᠢ — ᠪᠦᠯᠬᠦᠮᠳᠡᠯ ᠵᠡᠬᠡᠯᠢ︶ 4 ᠵᠤᠷᠪᠤᠰ ᠵᠠᠮ ᠱᠤᠭᠤᠮ ᠵᠢᠴᠢ ᠲᠤᠤᠷ ᠬᠤᠭᠤᠯᠠᠢ ᠶᠢᠨ | ᠪᠦᠳᠦᠬᠡᠨ ᠪᠠᠶᠢᠭᠤᠯᠤᠯᠳᠠ ᠴᠦᠮ ᠪᠠᠷᠢᠯᠭ᠎ᠠ ᠲᠠᠭᠤᠰᠴᠠᠢ᠃ ᠪᠠᠶᠠᠨ ᠤᠪᠤᠭ᠎ᠠ ᠵᠠᠮ ︵ᠪᠦᠯᠬᠦᠮᠳᠡᠯ ᠵᠡᠬᠡᠯᠢ — | ᠮᠤᠨᠢ ᠵᠠᠮ︶ ᠤᠨ ᠪᠤᠬᠢᠷ ᠤᠰᠤᠨ ᠤ ᠲᠤᠤᠷ ᠬᠤᠭᠤᠯᠠᠢ ᠶᠢᠨ ᠦᠬᠡᠷᠡᠴᠢᠯᠠᠨ ᠪᠠᠶᠢᠭᠤᠯᠬᠤ ᠪᠠᠷᠢᠯᠭ᠎ᠠ ᠶᠢ ᠨᠢᠬᠡᠨᠳᠡ | ᠪᠠᠶᠡᠯᠡᠬᠦᠯᠵᠤ᠂ ᠬᠠᠳᠤᠨ ᠭᠤᠤᠯ ᠲᠤᠮᠤ ᠵᠡᠬᠡᠯᠢ ᠠᠴᠠ ᠪᠠᠷᠠᠭᠤᠨᠰᠢ ᠰᠤᠨᠵᠢᠷᠠᠬᠰᠠᠨ ᠬᠦᠨᠳᠡᠯᠡᠨ ᠭᠤᠤᠯ ᠤᠨ | ᠬᠦᠬᠦᠷᠬᠡ ᠶᠢᠨ ᠪᠦᠳᠦᠬᠡᠨ ᠪᠠᠶᠢᠭᠤᠯᠤᠯᠳᠠ ᠶᠢᠨ ᠭᠤᠤᠯ ᠴᠤᠬᠴᠠ ᠶᠢᠨ ᠪᠠᠷᠢᠯᠭ᠎ᠠ ᠶᠢ ᠨᠢᠬᠡᠨᠳᠡ ᠲᠠᠭᠤᠰᠬᠠᠵᠠᠢ᠃ | ᠮᠠᠨ ᠤ ᠲᠤᠪᠴᠢᠶ᠎ᠠ ᠪᠠᠰᠠ ᠬᠤᠳᠠ ᠶᠢᠨ ᠲᠠᠷᠤᠭ᠎ᠠ ᠶᠢᠨ ᠬᠠᠯᠠᠮᠰᠢᠯ ᠤᠳᠠᠰᠤ ᠵᠢᠴᠢ ᠤᠯᠠᠨ ᠲᠦᠮᠡᠨ ᠤ | ᠲᠤᠰᠬᠠᠬᠰᠠᠨ ᠢᠶᠠᠷ ᠨᠡᠯᠢᠶᠡᠳ ᠤᠯᠠᠨ ᠵᠢᠵᠢᠭ ᠵᠡᠬᠡᠯᠢ ᠭᠤᠳᠤᠮᠵᠢ ᠶᠢᠨ ᠤᠯᠠᠨ ᠲᠦᠮᠡᠨ ᠤ ᠶᠠᠪᠤᠵᠤ ᠰᠠᠭᠤᠬᠤ ᠶᠢ | ᠨᠦᠯᠦᠬᠡᠯᠡᠵᠤ ᠪᠠᠶᠢᠭ᠎ᠠ ᠠᠰᠠᠭᠤᠳᠠᠯ ᠢ ᠨᠢᠬᠡᠳᠦᠯᠳᠡᠢ ᠡᠮᠬᠢᠯᠡᠨ ᠲᠢᠭᠯᠡᠵᠤ᠂ ᠡᠬᠦᠨ ᠤ ᠬᠠᠮᠳᠤ ᠪᠢᠳᠡ ᠡᠯ᠎ᠡ ᠵᠡᠬᠡᠯᠢ | ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠲᠠᠢ ᠬᠠᠷᠢᠯᠴᠠᠵᠤ᠂ ᠬᠠᠷᠢᠶ᠎ᠠ ᠤᠷᠤᠨ ᠤ ᠲᠤᠳᠤᠷᠠᠬᠢ ᠬᠦᠷᠦᠩᠬᠡ ᠶᠢᠨ | ᠦᠮᠴᠢᠯᠡᠯ ᠤᠨ ᠡᠷᠬᠡ ᠦᠬᠡᠢ ᠨᠢᠬᠡᠴᠡ ᠶᠢᠨ ᠬᠠᠮᠠᠭᠠᠯᠠᠨ ᠬᠠᠮᠢᠶᠠᠷᠴᠤ ᠪᠠᠶᠢᠬᠤ ᠵᠢᠵᠢᠭ ᠵᠡᠬᠡᠯᠢ ᠭᠤᠳᠤᠮᠵᠢ ᠶᠢᠨ | ᠡᠪᠳᠡᠭᠳᠡᠭᠰᠡᠨ᠂ ᠬᠠᠳᠠᠭᠠᠤᠷᠠᠭᠤᠯᠤᠬᠰᠠᠨ ᠰᠤᠬᠤᠷ ᠬᠦᠮᠦᠨ ᠤ ᠵᠠᠮ ᠤᠨ ᠡᠪᠳᠡᠭᠳᠡᠭᠰᠡᠨ᠂ ᠵᠠᠮ ᠪᠠᠶᠢᠭᠠᠳ ᠵᠠᠮ ᠤᠨ | ᠳ᠋ᠧᠩ ᠪᠠᠶᠢᠬᠤ ᠦᠬᠡᠢ ᠵᠡᠷᠬᠡ ᠤᠯᠠᠨ ᠲᠦᠮᠠᠨ ᠤ ᠶᠠᠪᠤᠵᠤ ᠰᠠᠭᠤᠬᠤ ᠶᠢ ᠬᠠᠷᠰᠢᠯᠠᠵᠤ ᠪᠠᠶᠢᠭ᠎ᠠ ᠠᠰᠠᠭᠤᠳᠠᠯ ᠤᠳ ᠢ | ᠰᠢᠢᠳᠪᠦᠷᠢᠯᠡᠵᠡᠢ᠃ ᠬᠤᠳᠠ ᠶᠢᠨ ᠲᠠᠷᠤᠭ᠎ᠠ ᠶᠢᠨ ᠤᠳᠠᠰᠦ ᠵᠡᠷᠬᠡ ᠲᠠᠪᠴᠠᠩ ᠳᠠᠬᠢ ᠤᠯᠠᠨ ᠲᠦᠮᠡᠨ ᠤ ᠲᠤᠰᠬᠠᠬᠰᠠᠨ | ᠨᠡᠯᠢᠶᠡᠳ ᠤᠯᠠᠨ ᠠᠰᠠᠭᠤᠳᠠᠯ ᠳᠤ ᠴᠢᠭᠯᠡᠬᠦᠯᠦᠨ᠂ ᠡᠬᠦᠨ ᠤ ᠬᠠᠮᠳᠤ ᠡᠯ᠎ᠡ ᠵᠡᠬᠡᠯᠢ ᠪᠠᠯᠭᠠᠰᠤ ᠶᠢᠨ ᠬᠡᠷᠡᠭ ᠡᠷᠬᠢᠯᠡᠬᠦ | ᠭᠠᠵᠠᠷ ᠲᠠᠢ ᠬᠠᠷᠢᠯᠴᠠᠵᠤ᠂ ᠬᠦᠨᠳᠡᠯᠡᠨ ᠲᠤᠭᠤᠷᠢᠭ ᠤᠨ ᠭᠤᠤᠯ ᠨᠠᠰᠤᠳᠠᠨ ᠢ ᠠᠰᠠᠷᠠᠬᠤ ᠬᠦᠷᠢᠶᠡᠯᠡᠩ ᠤᠨ ᠵᠠᠬᠦᠨ | ᠬᠡᠷᠡᠮ ᠤᠨ ᠲᠤᠭᠤᠷᠢᠭ ᠤᠨ ᠬᠤᠭᠤᠷᠤᠨᠳᠤᠬᠢ ᠵᠠᠮ ᠵᠡᠷᠬᠡ 16 ᠵᠤᠷᠪᠤᠰ ᠵᠢᠵᠢᠭ ᠵᠡᠬᠡᠯᠢ ᠭᠤᠳᠤᠮᠵᠢ ᠶᠢ ᠦᠬᠡᠷᠡᠴᠢᠯᠡᠨ | ᠪᠠᠶᠢᠭᠤᠯᠵᠤ᠂ ᠬᠠᠳᠠᠭᠤᠷᠠᠭᠤᠯᠤᠬᠰᠠᠨ ᠲᠠᠯᠠᠪᠠᠢ 2.2 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠤ᠂ ᠪᠠᠶᠠᠨ | ᠤᠪᠤᠭ᠎ᠠ ᠵᠠᠮ ᠳᠤ ᠪᠤᠬᠢᠷ ᠤᠰᠤ ᠶᠢ ᠭᠠᠳᠠᠬᠰᠢᠯᠠᠭᠤᠯᠬᠤ ᠬᠤᠭᠤᠯᠠᠢ ᠶᠢ 550 ᠮᠧᠲᠷ ᠤᠬᠰᠠᠷᠠᠭᠤᠯᠵᠤ᠂ ᠵᠠᠮ ᠤᠨ | ᠨᠢᠭᠤᠷ ᠲᠡᠭᠰᠢ ᠦᠬᠡᠢ᠂ ᠪᠤᠷᠤᠭᠠᠨ ᠤ ᠤᠯᠠᠷᠢᠯ ᠳᠤ ᠤᠰᠤ ᠭᠠᠳᠠᠬᠰᠢᠯᠠᠭᠤᠯᠬᠤ ᠳᠤ ᠬᠦᠴᠢᠷ ᠵᠡᠷᠬᠡ ᠪᠠᠶᠢᠳᠠᠯ ᠢ | ᠬᠤᠪᠢᠷᠠᠭᠤᠯᠵᠤ᠂ ᠠᠷᠠᠳ ᠤᠯᠠᠨ ᠤ ᠶᠠᠪᠤᠵᠤ ᠰᠠᠭᠤᠬᠤ ᠳᠤ ᠲᠦᠬᠦᠮ ᠦᠵᠡᠬᠦᠯᠵᠡᠢ᠃ | ᠬᠦᠳᠦᠯᠦᠭᠴᠢ᠄ ᠤᠯᠠᠨ ᠬᠤᠳᠠ ᠶᠢᠨ ᠠᠷᠠᠳ ᠤᠨ ᠲᠤᠰᠬᠠᠬᠰᠠᠨ ᠢ ᠦᠨᠳᠦᠰᠦᠯᠡᠪᠡᠯ᠂ ᠵᠠᠷᠢᠮ ᠬᠡᠰᠡᠭ ᠵᠠᠮ | ᠪᠤᠯᠤᠨ ᠬᠠᠳᠠᠭᠤᠷᠠᠭᠤᠯᠤᠬᠰᠠᠨ ᠪᠦᠰᠡ ᠪᠠᠷ ᠬᠤᠳᠳᠤᠭ ᠤᠨ ᠲᠠᠬᠯᠠᠭ᠎ᠠ ᠬᠡᠬᠡᠭᠳᠡᠬᠦ᠂ ᠪᠤᠬᠢᠷ ᠤᠰᠤ ᠭᠠᠳᠠᠬᠰᠢ | ᠲᠡᠪᠡᠷᠡᠬᠦ ᠵᠡᠷᠬᠡ ᠪᠠᠶᠢᠳᠠᠯ ᠢᠯᠡᠷᠡᠵᠤ ᠪᠠᠶᠢᠨ᠎ᠠ᠂ ᠡᠶᠢᠮᠦ ᠪᠠᠶᠢᠳᠠᠯ ᠭᠠᠷᠪᠠᠯ ᠶᠠᠮᠠᠷ ᠠᠷᠭ᠎ᠠ ᠠᠪᠴᠠᠯ ᠠᠪᠬᠤ ᠪᠤᠢ︖ | ᠹᠠᠨ ᠯᠢ ᠮᠢᠨ᠄ ᠬᠤᠳᠠ ᠶᠢᠨ ᠶᠠᠪᠤᠳᠠᠯ ᠤᠨ ᠲᠤᠨᠤᠭ ᠲᠦᠬᠦᠬᠡᠷᠦᠮᠵᠢ ᠶᠢ ᠬᠠᠮᠠᠭᠠᠯᠠᠬᠤ ᠲᠠᠯ᠎ᠠ ᠪᠠᠷ᠂ ᠪᠢᠳᠡ ︽ | ᠬᠦᠨᠳᠡᠯᠡᠨ ᠲᠤᠬᠤᠷᠢᠭ ᠤᠨ ᠵᠠᠮ ᠢ ᠦᠬᠡᠷᠡᠴᠢᠯᠠᠨ ᠪᠠᠶᠢᠭᠤᠯᠬᠤ ᠭᠤᠷᠪᠠᠨ ᠵᠢᠯ ᠤᠨ ᠲᠦᠯᠦᠪᠯᠡᠭᠡ︾ ᠵᠢᠴᠢ᠂ ︽ | ᠬᠦᠨᠳᠡᠯᠡᠨ ᠲᠤᠭᠤᠷᠢᠭ ᠤᠨ ᠬᠤᠳᠠ ᠶᠢᠨ ᠵᠠᠮ ᠤᠨ ᠬᠠᠳᠠᠭᠤᠷᠠᠭᠤᠯᠵᠤ᠂ ᠬᠡᠷᠡᠯᠳᠦᠬᠦᠯᠡᠬᠦᠯᠵᠤ ᠨᠠᠷᠢᠯᠢᠬᠵᠢᠭᠤᠯᠵᠤ | ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠬᠦ ᠲᠦᠰᠦᠯ︾ ᠵᠡᠷᠬᠡ 5 ᠵᠦᠢᠯ ᠤᠨ ᠲᠦᠷᠢᠮ ᠢ ᠲᠤᠬᠳᠠᠭᠠᠨ | ᠲᠡᠬᠦᠯᠳᠡᠷᠵᠢᠬᠦᠯᠵᠡᠢ᠃ ᠲᠤᠰᠬᠠᠢᠢᠯᠠᠨ ᠬᠤᠳᠠ ᠶᠢᠨ ᠶᠠᠪᠤᠳᠠᠯ ᠤᠨ ᠲᠤᠨᠤᠭ ᠲᠦᠬᠦᠬᠡᠷᠦᠮᠵᠢ ᠶᠢ ᠬᠠᠮᠠᠭᠠᠯᠠᠬᠤ | ᠡᠩᠨᠡᠭᠡ ᠶᠢ ᠪᠠᠶᠢᠭᠤᠯᠵᠤ᠂ ᠲᠤᠤᠷ ᠰᠦᠯᠵᠢᠶᠠᠵᠢᠬᠦᠯᠦᠨ ᠬᠠᠮᠢᠶᠠᠷᠬᠤ ᠶᠢ ᠬᠡᠷᠡᠭᠵᠢᠬᠦᠯᠵᠤ᠂ ᠡᠳᠦᠷ ᠲᠤᠳᠤᠮ ᠤᠨ | ᠲᠤᠭᠤᠷᠢᠨ ᠪᠠᠶᠢᠴᠠᠭᠠᠬᠤ ᠪᠠᠨ ᠨᠡᠮᠡᠭᠳᠡᠬᠦᠯᠵᠤ᠂ ᠴᠠᠭ ᠲᠤᠬᠠᠢ ᠳᠤᠨᠢ ᠬᠠᠷᠢᠭᠤ ᠲᠤᠰᠬᠠᠵᠤ ᠪᠠᠷᠢᠨ ᠲᠤᠤᠷ᠎ᠠ ᠨᠢ | ᠪᠡᠶᠡᠯᠡᠬᠦᠯᠦᠨ᠎ᠡ᠃ ᠪᠤᠷᠤᠭᠠᠨ ᠤ ᠤᠰᠤ ᠪᠤᠬᠢᠷ ᠤᠰᠤ ᠶᠢ ᠭᠠᠳᠠᠭᠰᠢᠯᠠᠭᠤᠯᠬᠤ ᠨᠡᠶᠢᠳᠡ 270 ᠬᠤᠳᠳᠤᠭ ᠢ | ᠴᠡᠪᠡᠷᠯᠡᠨ ᠠᠷᠢᠯᠭᠠᠵᠤ ᠵᠠᠰᠠᠨ ᠰᠡᠯᠪᠢᠵᠤ᠂ ᠪᠤᠬᠢᠷ ᠤᠰᠤ ᠭᠠᠳᠠᠬᠰᠢ ᠲᠡᠪᠡᠷᠡᠵᠤ ᠪᠠᠶᠢᠬᠰᠠᠨ ᠪᠠᠶᠢᠳᠠᠯ ᠢ 120 | ᠤᠳᠠᠭ᠎ᠠ ᠰᠢᠢᠳᠪᠦᠷᠢᠯᠡᠵᠤ᠂ ᠬᠠᠳᠠᠭᠤᠷᠠᠭᠤᠯᠤᠯᠳᠠ ᠡᠪᠳᠡᠭᠳᠡᠭᠰᠡᠨ 2600 ᠲᠡᠭᠰᠢ ᠲᠦᠷᠪᠡᠯᠵᠢᠨ ᠮᠧᠲᠷ ᠢ ᠵᠠᠰᠠᠨ | ᠲᠠᠪᠢᠰᠴᠤ᠂ 150 ᠪᠤᠷᠤᠭᠠᠨ ᠤ ᠱᠦᠬᠦᠷ ᠢ ᠰᠤᠯᠢᠵᠤ᠂ 10 ᠵᠤᠷᠪᠤᠰ ᠵᠠᠮ ᠤᠨ ᠵᠠᠮ ᠤᠨ ᠳ᠋ᠧᠩ ᠬᠡᠷᠡᠯᠳᠦᠬᠦ ᠦᠬᠡᠢ | ᠪᠤᠶᠤ ᠵᠠᠮ ᠪᠠᠶᠢᠭᠠᠳ ᠳ᠋ᠧᠩ ᠦᠬᠡᠢ ᠪᠠᠶᠢᠬᠤ ᠠᠰᠠᠭᠤᠳᠠᠯ ᠢ ᠰᠢᠢᠳᠪᠦᠷᠢᠯᠡᠵᠤ᠂ 200 ᠭᠠᠷᠤᠢ ᠰᠠᠭᠤᠷᠢ ᠵᠠᠮ ᠤᠨ | ᠳ᠋ᠧᠩ ᠢ ᠤᠬᠰᠠᠷᠠᠭᠤᠯᠵᠤ᠂ ᠤᠢᠢᠷ᠎ᠠ ᠬᠠᠪᠢ ᠶᠢᠨ ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠦᠷᠠᠯ ᠳᠤ | ᠲᠦᠬᠦᠮ ᠨᠦᠬᠦᠴᠡᠯ ᠬᠠᠩᠭᠠᠵᠤ᠂ ᠤᠢᠢᠷ᠎ᠠ ᠬᠠᠪᠢ ᠶᠢᠨ ᠰᠠᠭᠤᠭᠠᠯᠢ ᠠᠷᠠᠳ ᠤᠨ ᠠᠮᠢᠳᠦᠷᠠᠯ ᠤᠨ ᠤᠷᠴᠢᠨ ᠢ | ᠰᠠᠶᠢᠵᠢᠷᠠᠭᠤᠯᠤᠬᠰᠠᠨ ᠪᠠᠶᠢᠨ᠎ᠠ᠃ | ᠬᠦᠳᠦᠯᠦᠭᠴᠢ᠄ ᠡᠨᠡ ᠵᠢᠯ ᠤᠨ ᠵᠤᠨ ᠬᠡᠳᠦᠨ ᠤᠳᠠᠭ᠎ᠠ ᠶᠢᠨ ᠰᠢᠷᠦᠬᠦᠨ ᠪᠤᠷᠤᠭᠠᠨ ᠤᠷᠤᠬᠰᠠᠨ ᠢᠶᠠᠷ ᠬᠤᠳᠠ | ᠲᠤᠭᠤᠷᠢᠭ ᠤᠨ ᠲᠤᠳᠤᠷ᠎ᠠ ᠬᠦᠨᠳᠤ ᠨᠤᠴᠢᠳᠡᠢ ᠤᠰᠤ ᠲᠤᠨᠤᠬᠤ ᠪᠠᠶᠢᠳᠠᠯ ᠢᠯᠠᠷᠠᠵᠤ᠂ ᠤᠯᠠᠨ ᠲᠦᠮᠡᠨ ᠤ ᠶᠠᠪᠤᠵᠤ | ᠰᠠᠭᠤᠬᠤ ᠳᠤ ᠬᠠᠷᠰᠢ ᠰᠠᠭᠠᠳ ᠪᠤᠯᠤᠬᠰᠠᠨ ᠪᠠᠶᠢᠨ᠎ᠠ᠃ ᠡᠶᠢᠮᠦ ᠪᠠᠶᠢᠳᠠᠯ ᠲᠤᠤᠷ᠎ᠠ ᠶᠠᠮᠠᠷ ᠠᠷᠭ᠎ᠠ ᠠᠪᠴᠠᠯ ᠠᠪᠬᠤ | ᠪᠤᠢ︖ ᠬᠤᠶᠢᠰᠢᠳᠠ ᠶᠠᠭᠠᠬᠢᠵᠤ ᠬᠢᠬᠦ ᠪᠤᠢ︖ | ᠹᠠᠨ ᠯᠢ ᠮᠢᠨ᠄ ᠠᠭᠤᠷ ᠠᠮᠢᠰᠬᠤᠯ ᠤᠨ ᠨᠦᠯᠦᠬᠡ ᠶᠢ ᠬᠦᠷᠳᠡᠵᠤ ᠡᠨᠡ ᠵᠢᠯ ᠤᠨ ᠦᠶᠡᠷᠯᠡᠬᠦ | ᠬᠤᠭᠤᠴᠠᠭᠠᠨ ᠳᠤ ᠶᠡᠭᠡ ᠬᠡᠮᠵᠢᠶᠠᠨ ᠤ ᠪᠤᠷᠤᠭᠠᠨ ᠤᠷᠤᠬᠰᠠᠨ ᠪᠠᠶᠢᠨ᠎ᠠ᠃ ᠬᠦᠨᠳᠡᠯᠡᠨ ᠲᠤᠭᠤᠷᠢᠭ ᠤᠨ ᠭᠠᠵᠠᠷ ᠤᠨ | ᠪᠠᠶᠢᠴᠠ ᠠᠴᠠ ᠠᠪᠴᠤ ᠦᠵᠡᠪᠡᠯ᠂ ᠬᠤᠶᠢᠳᠤ ᠬᠡᠰᠡᠭ ᠲᠡᠭᠡᠨ ᠦᠨᠳᠦᠷ᠂ ᠡᠮᠦᠨ᠎ᠡ ᠲᠠᠯ᠎ᠠ ᠪᠠᠷ ᠢᠶᠠᠨ ᠲᠤᠤᠷ᠎ᠠ᠂ | ᠵᠡᠬᠦᠨ ᠲᠠᠯ᠎ᠠ ᠪᠠᠷ ᠢᠶᠠᠨ ᠦᠨᠳᠦᠷ᠂ ᠪᠠᠷᠠᠭᠤᠨ ᠲᠠᠯ᠎ᠠ ᠪᠠᠷ ᠢᠶᠠᠨ ᠲᠤᠤᠷ᠎ᠠ ᠪᠠᠶᠢᠳᠠᠭ ᠤᠨᠴᠠᠯᠢᠭ ᠠᠴᠠ ᠪᠠᠨ ᠪᠤᠯᠵᠤ | ᠬᠤᠳᠠ ᠲᠤᠭᠤᠷᠢᠭ ᠤᠨ ᠲᠤᠳᠤᠷᠠᠬᠢ ᠤᠰᠤ ᠶᠢ ᠭᠠᠳᠠᠬᠰᠢᠯᠠᠭᠤᠯᠬᠤ ᠲᠤᠤᠷ ᠬᠤᠭᠤᠯᠠᠢ ᠳᠤ ᠬᠦᠨᠳᠤ ᠨᠤᠴᠢᠳᠡᠢ | ᠲᠠᠷᠤᠭᠠᠰᠤ ᠠᠪᠴᠢᠷᠠᠵᠤ᠂ ᠬᠤᠳᠠ ᠲᠤᠭᠤᠷᠢᠭ ᠤᠨ ᠲᠤᠳᠤᠷ᠎ᠠ ᠤᠯᠠᠨ ᠭᠠᠵᠠᠷ ᠲᠤ ᠬᠦᠨᠳᠤ ᠨᠤᠴᠢᠳᠡᠢ ᠤᠰᠤ | ᠲᠤᠨᠤᠬᠤ ᠪᠠᠶᠢᠳᠠᠯ ᠢᠯᠡᠷᠡᠵᠤ᠂ ᠪᠠᠶᠠᠨ ᠤᠪᠤᠭ᠎ᠠ ᠡᠮᠦᠨ᠎ᠡ ᠵᠠᠮ ᠤᠨ ᠬᠦᠬᠦᠷᠬᠡ ᠶᠢᠨ ᠭᠤᠯᠳᠤᠩ ᠵᠡᠷᠬᠡ ᠭᠠᠵᠠᠷ ᠲᠤ 2 | ᠮᠧᠲᠷ ᠤᠷᠴᠢᠮ ᠤᠨ ᠬᠦᠨ ᠤᠰᠤ ᠲᠤᠨᠤᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷ ᠠᠪᠴᠢᠷᠠᠬᠰᠠᠨ | ᠪᠦᠬᠡᠳ ᠤᠨᠴᠠ ᠵᠠᠷᠢᠮ ᠬᠡᠰᠡᠭ ᠵᠠᠮ ᠳᠤ ᠠᠶᠤᠯᠬᠦᠢ ᠶᠢᠨ ᠬᠡᠮ ᠰᠤᠭᠤᠭ ᠤᠷᠤᠰᠢᠵᠤ᠂ ᠲᠠᠷᠠᠭ᠎ᠠ ᠨᠢ ᠦᠶᠡᠷ ᠢ | ᠰᠡᠷᠬᠡᠶᠢᠯᠡᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ᠂ ᠴᠠᠭ ᠲᠤᠬᠠᠢ ᠳᠤᠨᠢ ᠦᠶᠡᠷ ᠢ ᠰᠡᠷᠬᠡᠶᠢᠯᠡᠬᠦ ᠪᠡᠴᠢᠮ | ᠪᠠᠶᠢᠳᠠᠯ ᠢ ᠠᠷᠭᠠᠴᠠᠬᠤ ᠲᠦᠰᠦᠯ ᠢ ᠬᠡᠷᠡᠭᠵᠢᠬᠦᠯᠵᠤ᠂ ᠲᠠᠰᠤᠷᠠᠯᠳᠠ ᠦᠬᠡᠢ ᠪᠠᠶᠢᠴᠠᠭᠠᠵᠤ᠂ 24 ᠴᠠᠭ ᠢᠶᠠᠷ | ᠵᠢᠵᠢᠬᠦᠷᠯᠡᠬᠦ ᠲᠦᠷᠢᠮ ᠢ ᠴᠢᠩᠭ᠎ᠠ ᠬᠡᠷᠡᠭᠵᠢᠬᠦᠯᠵᠤ᠂ ᠬᠦᠨᠳᠡᠯᠡᠨ ᠤᠰᠤᠨ ᠴᠦᠬᠦᠷᠦᠮ ᠤᠨ ᠤᠢᠢᠷ᠎ᠠ ᠬᠠᠪᠢ ᠶᠢᠨ | ᠦᠶᠡᠷ ᠢ ᠰᠡᠷᠬᠡᠶᠢᠯᠡᠬᠦ ᠠᠵᠢᠯ ᠢ ᠢᠳᠡᠪᠬᠢᠳᠡᠢ ᠬᠠᠮᠵᠢᠯᠴᠡᠵᠤ ᠰᠠᠶᠢᠳᠤᠷ ᠬᠢᠵᠠᠢ᠃ | ᠬᠦᠳᠦᠯᠦᠭᠴᠢ᠄ ᠤᠢᠢᠷ᠎ᠠ ᠶᠢᠨ ᠬᠡᠳᠦᠨ ᠵᠢᠯ ᠠᠮᠢᠳᠦᠷᠠᠯ ᠤᠨ ᠲᠦᠪᠰᠢᠨ ᠤ ᠲᠡᠬᠡᠭᠰᠢᠯᠡᠬᠦ ᠶᠢ ᠲᠠᠭᠠᠯᠳᠤᠨ᠂ | ᠬᠦᠮᠦᠰ ᠤᠢᠢᠷ᠎ᠠ ᠬᠠᠪᠢ ᠶᠢᠨ ᠤᠷᠤᠰᠢᠨ ᠰᠠᠭᠤᠬᠤ ᠤᠷᠴᠢᠨ ᠲᠤᠭᠤᠷᠢᠨ ᠤ ᠰᠠᠶᠢᠨ ᠮᠠᠭᠤ ᠶᠢ ᠬᠠᠷᠢᠴᠠᠭᠤᠯᠵᠤ | ᠠᠩᠬᠠᠷᠬᠤ ᠪᠤᠯᠵᠤ᠂ ᠢᠯᠠᠩᠭᠤᠶ᠎ᠠ ᠴᠡᠴᠡᠷᠯᠢᠭ ᠠᠭᠤᠳᠠᠮ ᠲᠠᠯᠠᠪᠠᠢ ᠶᠢᠨ ᠪᠦᠳᠦᠬᠡᠨ ᠪᠠᠶᠢᠭᠤᠯᠤᠯᠳᠠ᠂ ᠰᠠᠭᠤᠭᠠᠯᠢ | ᠠᠷᠠᠳ ᠤᠨ ᠲᠤᠭᠤᠷᠢᠭ ᠤᠨ ᠨᠤᠭᠤᠭᠠᠷᠠᠭᠤᠯᠤᠯᠳᠠ ᠶᠢ ᠨᠡᠩ ᠠᠩᠬᠠᠷᠬᠤ ᠪᠤᠯᠤᠬᠰᠠᠨ ᠪᠠᠶᠢᠨ᠎ᠠ᠃ ᠲᠠ ᠡᠨᠡ ᠵᠢᠯ ᠤᠨ | ᠮᠠᠨ ᠤ ᠲᠤᠭᠤᠷᠢᠭ ᠤᠨ ᠨᠤᠭᠤᠭᠠᠷᠠᠭᠤᠯᠤᠯᠳᠠ ᠶᠢᠨ ᠠᠵᠢᠯ ᠤᠨ ᠲᠤᠬᠠᠢ ᠶᠠᠷᠢᠭᠠᠳ ᠦᠭᠬᠦᠨᠡᠦ︖ | ᠹᠠᠨ ᠯᠢ ᠮᠢᠨ᠄ ᠡᠨᠡ ᠵᠢᠯ ᠪᠤᠯ ᠤᠳᠤ ᠪᠠᠶᠢᠭ᠎ᠠ ᠨᠤᠬᠤᠭᠠᠷᠠᠭᠤᠯᠤᠯᠳᠠ ᠪᠠᠨ ᠬᠠᠮᠠᠭᠠᠯᠠᠵᠤ ᠠᠷᠠᠴᠢᠯᠠᠬᠤ ᠦᠷ᠎ᠠ | ᠪᠦᠳᠦᠬᠡᠯ ᠢᠶᠠᠨ ᠪᠠᠳᠤᠳᠬᠠᠵᠤ᠂ ᠢᠯᠡ ᠲᠤᠳᠤ ᠦᠪᠡᠷᠮᠢᠴᠡ ᠤᠨᠴᠠᠯᠢᠭ ᠲᠠᠢ ᠨᠡᠶᠢᠬᠡᠮ ᠲᠤᠭᠤᠷᠢᠭ ᠤᠨ ᠴᠡᠴᠡᠷᠯᠢᠭ | ᠪᠤᠯᠤᠨ ᠤᠯᠠᠨ ᠨᠠᠶᠢᠳᠠ ᠶᠢᠨ ᠵᠦᠯᠬᠡᠨ ᠭᠠᠵᠠᠷ ᠢ ᠪᠠᠶᠢᠭᠤᠯᠬᠤ ᠶᠢᠨ ᠲᠦᠯᠦᠬᠡ ︽ᠬᠦᠨᠳᠡᠯᠡᠨ ᠲᠤᠭᠤᠷᠢᠭ ᠤᠨ ᠤᠯᠠᠨ | ᠨᠠᠶᠢᠳᠠ ᠶᠢᠨ ᠵᠦᠯᠬᠡᠨ ᠭᠠᠵᠠᠷ ᠤᠨ ᠬᠠᠮᠢᠶᠠᠷᠤᠯᠳᠠ ᠶᠢᠨ ᠲᠦᠰᠦᠯ ︵ᠲᠦᠷ ᠬᠡᠷᠡᠭᠵᠢᠬᠦᠯᠬᠦ︶︾᠂ ︽ᠬᠦᠳᠡᠯᠡᠨ | ᠲᠤᠭᠤᠷᠢᠭ ᠤᠨ ᠤᠯᠠᠨ ᠨᠠᠶᠢᠳᠠ ᠶᠢᠨ ᠵᠦᠯᠬᠡᠨ ᠭᠠᠵᠠᠷ ᠤᠨ ᠬᠠᠮᠢᠶᠠᠷᠤᠯᠳᠠ ᠶᠢᠨ ᠲᠦᠰᠦᠯ︾᠂ ︽ᠤᠯᠠᠨ | ᠨᠠᠶᠢᠳᠡ ᠶᠢᠨ ᠵᠦᠯᠬᠡᠨ ᠭᠠᠵᠠᠷ ᠢ ᠰᠠᠭᠤᠭᠠᠯᠢ ᠠᠷᠠᠳ ᠤᠨ ᠲᠤᠭᠤᠷᠢᠭ ᠲᠤ ᠪᠦᠷᠬᠦᠬᠦᠯᠬᠦ ᠶᠢ ᠬᠡᠷᠡᠭᠵᠢᠬᠦᠯᠬᠦ ᠲᠦᠰᠦᠯ︾ | ᠂ ᠪᠤᠯᠤᠨ ︽ᠬᠦᠨᠳᠡᠯᠡᠨ ᠲᠤᠭᠤᠷᠢᠭ ᠤᠨ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠶᠢᠨ | ᠨᠤᠭᠤᠭᠠᠷᠠᠭᠤᠯᠤᠯᠳᠠ ᠠᠷᠠᠴᠢᠯᠠᠯᠳᠠ ᠬᠠᠮᠠᠭᠠᠯᠠᠯᠳᠠ ᠶᠢᠨ ᠲᠦᠷᠢᠮ︾ ᠵᠡᠷᠬᠡ ᠶᠢ ᠨᠠᠶᠢᠳᠠᠯᠠᠵᠠᠢ᠃ ᠬᠦᠨᠳᠡᠯᠡᠨ ᠭᠤᠤᠯ | ᠴᠡᠴᠡᠷᠯᠢᠭ ᠵᠠᠬ᠎ᠠ ᠲᠡᠯᠬᠡᠬᠦᠷᠵᠢᠬᠦᠯᠦᠨ ᠠᠷᠠᠴᠢᠯᠠᠨ ᠬᠠᠮᠠᠭᠠᠯᠠᠬᠤ ᠬᠠᠮᠢᠶᠠᠷᠤᠯᠳᠠ ᠶᠢ ᠬᠡᠷᠡᠭᠵᠢᠬᠦᠯᠵᠤ᠂ | ᠨᠠᠷᠢᠬᠵᠢᠭᠤᠯᠤᠯᠳᠠ ᠪᠠ ᠲᠤᠰᠬᠠᠢᠢᠵᠢᠯᠳᠠ ᠶᠢᠨ ᠲᠦᠪᠰᠢᠨ ᠰᠢᠨ᠎ᠠ ᠲᠡᠭᠳᠡᠷ ᠲᠤ ᠭᠠᠷᠴᠤ᠂ ᠬᠦᠨᠳᠡᠯᠡᠨ ᠭᠤᠤᠯ ᠤᠨ | ᠬᠠᠵᠠᠭᠤ ᠶᠢᠨ 1200 ᠭᠠᠷᠤᠢ ᠨᠠᠭᠠᠳᠴᠤ ᠲᠤᠬᠯᠠᠬᠰᠠᠨ ᠬᠡᠷᠡᠭ ᠢ ᠰᠢᠢᠳᠪᠦᠷᠢᠯᠡᠵᠤ᠂ 80 ᠭᠠᠷᠤᠢ ᠵᠤᠷᠪᠤᠰ | ᠰᠡᠷᠡᠮᠵᠢᠯᠡᠬᠦᠯᠦᠨ ᠰᠠᠨᠠᠭᠤᠯᠬᠤ ᠬᠦᠨᠳᠡᠯᠡᠨ ᠪᠢᠴᠢᠬᠡᠰᠦ ᠶᠢ ᠡᠯᠬᠦᠵᠤ ᠠᠶᠤᠯᠬᠦᠢ ᠶᠢᠨ ᠬᠡᠷᠡᠭ ᠭᠠᠷᠬᠤ ᠠᠴᠠ | ᠰᠡᠷᠬᠡᠶᠢᠯᠡᠭᠰᠡᠨ ᠪᠠᠶᠢᠨ᠎ᠠ᠃ ᠬᠦᠨᠳᠡᠯᠡᠨ ᠵᠤᠤ ᠦᠵᠡᠮᠵᠢ ᠶᠢᠨ ᠤᠷᠤᠨ ᠤ ᠰᠠᠭᠤᠷᠢ ᠲᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢᠨ ᠢᠨᠵᠧᠨᠧᠷᠢᠩ ᠢ ᠠᠮᠵᠢᠯᠳᠠ ᠲᠠᠢ ᠪᠡᠶᠡᠯᠡᠬᠦᠯᠵᠤ᠂ ᠲᠤᠰ ᠢᠨᠵᠧᠨᠧᠷᠢᠩ ᠢ ᠬᠡᠷᠡᠭᠵᠢᠬᠦᠯᠦᠭᠰᠡᠨ ᠨᠢ | ᠨᠤᠳᠤᠭ ᠤᠰᠤᠨ ᠤ ᠰᠤᠶᠤᠯ ᠢᠶᠠᠨ ᠪᠠᠳᠠᠷᠠᠭᠤᠯᠬᠤ᠂ ᠠᠭᠠᠵᠢᠮ ᠢᠶᠠᠷ ᠵᠢᠭᠤᠯᠴᠢᠯᠠᠯ᠂ ᠱᠠᠰᠢᠨ ᠰᠤᠷᠳᠠᠬᠤᠨ ᠵᠡᠷᠬᠡ | ᠡᠯᠧᠮᠧᠨ᠋ᠲ ᠤᠨ ᠬᠦᠨᠳᠡᠯᠠᠨ ᠭᠤᠤᠯ ᠤᠨ ᠦᠵᠡᠮᠵᠢ ᠶᠢᠨ ᠨᠤᠭᠤᠭᠠᠨ ᠬᠤᠩᠬᠢᠯ ᠯᠤᠭ᠎ᠠ ᠪᠦᠳᠦᠮᠵᠢᠳᠡᠢ | ᠠᠭᠤᠰᠤᠯᠴᠠᠬᠤ ᠶᠢ ᠪᠡᠶᠡᠯᠡᠬᠦᠯᠬᠦ ᠪᠤᠯᠤᠨ᠎ᠠ᠃ | ᠡᠨᠡ ᠵᠢᠯ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠪᠠᠰᠠ ᠤᠯᠠᠨ ᠨᠠᠶᠢᠳᠡ ᠶᠢᠨ ᠵᠦᠯᠬᠡᠨ | ᠭᠠᠵᠠᠷ ᠤᠨ ᠰᠠᠭᠤᠭᠠᠯᠢ ᠠᠷᠠᠳ ᠤᠨ ᠲᠤᠭᠤᠷᠢᠭ ᠲᠤ ᠤᠷᠤᠬᠤ ᠢᠨᠵᠧᠨᠧᠷᠢᠩ ᠢ ᠬᠡᠷᠡᠭᠵᠢᠬᠦᠯᠵᠤ᠂ ᠢᠯᠡ ᠲᠤᠳᠤ | ᠦᠪᠡᠷᠮᠢᠴᠡ ᠤᠨᠴᠠᠯᠢᠭ ᠲᠠᠢ᠂ ᠲᠦᠷᠦᠯ ᠵᠦᠢᠯ ᠢᠶᠠᠷ ᠤᠯᠠᠨ ᠨᠡᠶᠢᠬᠡᠮ ᠲᠤᠭᠤᠷᠢᠭ ᠤᠨ ᠵᠦᠯᠬᠡᠨ ᠭᠠᠵᠠᠷ ᠢ | ᠪᠠᠶᠢᠭᠤᠯᠬᠤ ᠶᠢᠨ ᠲᠦᠯᠦᠬᠡ᠂ ᠨᠡᠶᠢᠬᠡᠮ ᠲᠤᠭᠤᠷᠢᠭ ᠤᠨ ᠤᠤᠯ ᠤᠨ ᠪᠠᠶᠢᠬᠰᠠᠨ ᠵᠦᠯᠬᠡᠨ ᠭᠠᠵᠠᠷ ᠤᠨ ᠰᠠᠭᠤᠷᠢᠨ | ᠲᠡᠭᠡᠷ᠎ᠡ᠂ ᠨᠠᠷᠢᠨ ᠨᠢᠮᠪᠠᠢ ᠵᠢᠷᠤᠵᠤ ᠲᠦᠯᠦᠪᠯᠡᠨ᠂ ᠦᠩᠬᠡ ᠪᠤᠳᠤᠭ ᠢ ᠵᠤᠬᠢᠴᠠᠭᠤᠯᠬᠤ᠂ ᠲᠤᠷᠤᠭ ᠪᠤᠳᠠ ᠮᠤᠳᠤ | ᠦᠨᠳᠦᠷ ᠪᠤᠭᠤᠨᠢ ᠶᠢ ᠰᠤᠯᠢᠪᠴᠡᠭᠤᠯᠤᠨ ᠲᠠᠭᠠᠷᠠᠭᠤᠯᠵᠤ᠂ ᠪᠤᠳᠠ ᠮᠤᠳᠤ ᠶᠢ ᠬᠠᠶᠢᠴᠢᠯᠠᠵᠤ ᠴᠢᠮᠡᠬᠦ ᠵᠡᠷᠬᠡ ᠬᠡᠯᠪᠡᠷᠢ ᠶᠢ | ᠠᠪᠴᠤ ᠨᠡᠶᠢᠬᠡᠮ ᠲᠤᠭᠤᠷᠢᠭ ᠤᠨ ᠤᠯᠠᠨ ᠨᠠᠶᠢᠳᠠ ᠶᠢᠨ ᠵᠦᠯᠬᠡᠨ ᠭᠠᠵᠠᠷ ᠤᠨ ᠤᠤᠯ ᠤᠨ ᠨᠤᠭᠤᠭᠠᠷᠠᠭᠤᠯᠤᠯᠳᠠ ᠶᠢᠨ | ᠪᠦᠳᠦᠴᠡ ᠲᠠᠩ ᠴᠤᠯᠭᠤᠢ᠂ ᠦᠵᠡᠮᠵᠢ ᠪᠠᠶᠢᠳᠠᠯ ᠤᠨᠴᠠᠯᠢᠭ ᠦᠬᠡᠢ ᠪᠠᠶᠢᠳᠠᠯ ᠢ ᠬᠤᠪᠢᠷᠠᠭᠤᠯᠵᠤ᠂ ᠤᠢᠢᠷ᠎ᠠ | ᠬᠠᠪᠢ ᠶᠢᠨ ᠰᠠᠭᠤᠭᠠᠯᠢ ᠠᠷᠠᠳ ᠲᠤ ᠠᠭᠠᠵᠢᠮ ᠢᠶᠠᠷ ︽300 ᠮᠧᠲᠷ ᠲᠤ ᠵᠦᠯᠬᠡ ᠤᠯᠵᠤ ᠬᠠᠷᠠᠬᠤ᠂ 500 | ᠮᠧᠲᠷ ᠲᠤ ᠴᠡᠴᠡᠷᠯᠢᠭ ᠤᠯᠵᠤ ᠬᠠᠷᠠᠬᠤ︾ ᠶᠢ ᠪᠡᠶᠡᠯᠡᠬᠦᠯᠵᠤ ᠦᠭᠴᠤ᠂ ᠬᠦᠮᠦᠨ ᠪᠠ ᠪᠠᠶᠢᠭᠠᠯᠢ ᠶᠢᠨ ᠡᠶ᠎ᠡ | ᠵᠤᠬᠢᠴᠠᠩᠭᠤᠢ ᠠᠮᠢ ᠠᠬᠤᠢ ᠶᠢᠨ ᠤᠷᠤᠰᠢᠨ ᠰᠠᠭᠤᠬᠤ ᠳᠤ ᠲᠠᠭᠠᠯᠠᠮᠵᠢᠳᠠᠢ ᠬᠤᠳᠠ ᠲᠤᠭᠤᠷᠢᠭ ᠢ ᠪᠠᠶᠢᠭᠤᠯᠵᠤ | ᠦᠭᠴᠡᠢ᠃ ᠡᠨᠡ ᠵᠢᠯ ᠴᠢᠩ ᠨᠢᠶᠠᠨ ᠵᠠᠮ ᠤᠨ 7 ᠨᠤᠮᠧᠷᠳᠤ᠂ ᠶᠢᠨ ᠰᠢᠦ ᠬᠡᠷ ᠤᠷᠤᠨ᠂ ᠬᠠᠢ ᠸᠧᠢ ᠰᠠᠭᠤᠭᠠᠯᠢ | ᠠᠷᠠᠳ ᠤᠨ ᠲᠤᠭᠤᠷᠢᠭ ᠵᠡᠷᠬᠡ 8 ᠨᠠᠶᠢᠬᠡᠮ ᠲᠤᠭᠤᠷᠢᠭ ᠤᠨ ᠵᠦᠯᠬᠡᠨ ᠭᠠᠵᠠᠷ ᠲᠤ ᠬᠤᠩᠭᠤᠷᠴᠠᠬᠳᠤ ᠭᠤᠤᠯᠳᠤ ᠪᠤᠷᠤ | ᠂ ᠬᠠᠪᠳᠠᠭᠠᠢ ᠠᠷᠴᠡ ᠪᠤᠯᠤᠨ ᠤᠷᠭᠤᠭ᠎ᠠ ᠮᠤᠳᠤᠨ ᠬᠡᠷᠡᠰᠬᠡ ᠵᠡᠷᠬᠡ ᠶᠢ ᠲᠠᠷᠢᠵᠤ᠂ ᠪᠤᠭᠤᠳᠤ ᠶᠢᠨ ᠪᠤᠯᠤᠳ | ᠲᠡᠮᠦᠷ ᠤᠨ ᠠᠰᠠᠷᠠᠨ ᠰᠤᠪᠢᠯᠠᠬᠤ ᠬᠦᠷᠢᠶᠡᠯᠡᠩ ᠳᠤ ᠭᠠᠴᠤᠷ᠎ᠠ᠂ ᠤᠨᠵᠢᠬᠢᠷ ᠤᠳᠠ᠂ ᠠᠭᠤᠯᠠᠨ ᠲᠤᠭᠤᠷ ᠵᠡᠷᠬᠡ ᠪᠤᠳᠠ | ᠲᠤᠷᠤᠭ ᠮᠤᠳᠤ ᠶᠢ ᠲᠠᠷᠢᠵᠠᠢ᠃ ᠪᠦᠬᠦᠳᠡ ᠬᠠᠷᠢᠶ᠎ᠠ ᠤᠷᠤᠨ ᠤ ᠵᠠᠮ ᠤᠨ ᠬᠠᠵᠠᠭᠤ ᠳᠠᠬᠢ ᠮᠤᠳᠤ ᠶᠢ ᠤᠰᠤᠯᠠᠬᠤ᠂ | ᠬᠠᠶᠢᠴᠢᠯᠠᠵᠤ ᠵᠠᠰᠠᠬᠤ᠂ ᠬᠤᠪᠠᠭ᠋ᠠᠶᠢᠷᠠᠬᠰᠠᠨ ᠰᠠᠯᠠᠭ᠎ᠠ ᠮᠦᠴᠢᠷ ᠢ ᠴᠡᠪᠡᠷᠯᠡᠬᠦ ᠬᠤᠷᠤᠬᠠᠢᠢᠳᠦᠯ ᠢ ᠰᠡᠷᠬᠡᠶᠢᠯᠡᠬᠦ ᠵᠡᠷᠬᠡ | ᠦᠨᠳᠦᠰᠦᠨ ᠠᠰᠠᠷᠠᠨ ᠬᠠᠮᠠᠭᠠᠯᠠᠯᠳᠠ ᠶᠢ ᠪᠡᠶᠡᠯᠡᠬᠦᠯᠵᠤ᠂ ᠮᠤᠳᠤᠨ ᠤ ᠡᠳᠡᠭᠡᠷᠡᠯᠳᠡ ᠶᠢᠨ ᠨᠤᠷᠮ᠎ᠠ 95% ᠠᠴᠠ | ᠲᠡᠬᠡᠭᠰᠢ ᠪᠠᠶᠢᠬᠤ ᠶᠢ ᠪᠠᠳᠤᠯᠠᠵᠠᠢ᠃ | ᠬᠦᠳᠦᠯᠦᠭᠴᠢ᠄ ᠤᠢᠢᠷ᠎ᠠ ᠶᠢᠨ ᠬᠡᠳᠦᠨ ᠵᠢᠯ ᠰᠢᠳᠠᠮᠠᠬᠠᠢ ᠬᠡᠢ ᠯᠡᠪᠡᠷᠡᠬᠦ ᠬᠡᠷᠡᠭ ᠤᠯᠠᠨ ᠤᠳᠠᠭ᠎ᠠ ᠭᠠᠷᠤᠬᠰᠠᠨ | ᠪᠠᠶᠢᠨ᠎ᠠ᠃ ᠤᠯᠠᠨ ᠢᠶᠠᠷ ᠢᠶᠠᠨ ᠦᠪᠡᠷ ᠤᠨ ᠪᠡᠶ᠎ᠠ ᠪᠠᠨ ᠬᠡᠷ ᠤᠨ ᠬᠦᠮᠦᠰ ᠲᠠᠢ ᠨᠢ ᠨᠢᠬᠳᠡ ᠬᠠᠷᠢᠴᠠᠭ᠎ᠠ ᠲᠠᠢ | ᠰᠢᠳᠡᠮᠠᠬᠠᠢ ᠬᠡᠢ ᠨᠢ ᠬᠦᠨᠳᠤ ᠨᠤᠴᠢᠳᠡᠢ ᠠᠶᠤᠯᠬᠦᠢ ᠶᠢᠨ ᠬᠡᠮ ᠰᠤᠭᠤᠭ ᠤᠷᠤᠰᠢᠵᠤ ᠪᠠᠶᠢᠨ᠎ᠠ ᠬᠡᠳᠡᠭ ᠢ ᠤᠢᠢᠯᠠᠭᠠᠵᠤ᠂ | ᠤᠯᠠᠨ ᠤ ᠠᠩᠬᠠᠷᠤᠯ ᠢ ᠲᠠᠳᠠᠬᠰᠠᠨ ᠪᠠᠶᠢᠨ᠎ᠠ᠃ ᠰᠢᠳᠠᠮᠠᠬᠠᠢ ᠬᠡᠢ ᠶᠢᠨ ᠠᠵᠢᠯ ᠲᠦᠷᠦᠯ ᠢ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠪᠤᠯᠤᠬᠰᠠᠨ ᠤ ᠬᠤᠪᠢ ᠳᠤ ᠶᠠᠭᠠᠬᠢᠵᠤ ᠬᠢᠨᠠᠨ ᠬᠠᠮᠢᠶᠠᠷᠴᠤ ᠪᠠᠶᠢᠬᠤ ᠪᠤᠢ︖ | ᠹᠠᠨ ᠯᠢ ᠮᠢᠨ᠄ ᠪᠤᠭᠤᠳᠤ ᠬᠤᠳᠠ ᠶᠢᠨ ᠬᠤᠳᠠ ᠶᠢᠨ ᠰᠢᠳᠠᠮᠠᠬᠠᠢ ᠬᠡᠢ ᠲᠡᠭᠡᠷ᠎ᠡ ᠵᠠᠭᠤᠨ ᠤ ᠨᠠᠶᠠᠭᠠᠳ ᠤᠨ ᠤ | ᠡᠬᠢ ᠪᠠᠷ ᠡᠬᠢᠯᠡᠭᠰᠡᠨ ᠪᠠᠶᠢᠨ᠎ᠠ᠃ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠤ ᠦᠢᠯᠡᠰ ᠤᠨ ᠬᠦᠭᠵᠢᠯᠳᠡ ᠶᠢ | ᠲᠠᠭᠠᠯᠳᠤᠨ᠂ ᠠᠷᠠᠳ ᠤᠨ ᠬᠡᠷᠡᠭᠯᠡᠬᠡᠨ ᠤ ᠲᠤᠤᠷ ᠬᠤᠭᠤᠯᠠᠢ ᠨᠢᠬᠡᠨᠳᠡ ᠪᠤᠭᠤᠳᠤ ᠬᠤᠳᠠ ᠶᠢᠨ ᠡᠯ᠎ᠡ ᠲᠤᠭᠤᠷᠢᠭ ᠤᠨ | ᠲᠤᠳᠤᠷ᠎ᠠ ᠨᠡᠯᠢᠶᠡᠳ ᠲᠡᠬᠦᠯᠳᠡᠷᠵᠢᠭᠰᠡᠨ ᠪᠠᠶᠢᠭᠠᠯᠢ ᠶᠢᠨ ᠰᠢᠳᠠᠮᠠᠬᠠᠢ ᠬᠡᠢ ᠶᠢᠨ ᠬᠠᠩᠭᠠᠯᠭ᠎ᠠ ᠶᠢᠨ ᠰᠢᠰᠲ᠋ᠧᠮ ᠢ | ᠪᠦᠷᠢᠯᠳᠦᠬᠦᠯᠵᠤ᠂ ᠭᠤᠤᠯ ᠲᠤᠤᠷ ᠢᠶᠠᠷ ᠰᠠᠭᠤᠷᠢ ᠪᠤᠯᠭᠠᠵᠤ ᠰᠠᠯᠪᠦᠷᠢ ᠲᠤᠤᠷ ᠢᠶᠠᠷ ᠬᠠᠪᠰᠤᠷᠠᠭᠤᠯᠤᠬᠰᠠᠨ ᠰᠢᠳᠠᠮᠠᠬᠠᠢ | ᠬᠡᠢ ᠶᠢᠨ ᠬᠦᠷᠬᠡᠬᠦ ᠰᠢᠰᠲ᠋ᠧᠮ ᠢ ᠪᠦᠷᠢᠯᠳᠦᠬᠦᠯᠵᠠᠢ᠃ ᠬᠦᠨᠳᠡᠯᠡᠨ ᠲᠤᠭᠤᠷᠢᠭ ᠪᠤᠯ ᠮᠠᠨ ᠤ ᠬᠤᠳᠠ ᠶᠢᠨ ᠬᠠᠮᠤᠭ ᠠᠴᠠ | ᠤᠷᠢᠳᠡᠪᠡᠷ ᠰᠢᠳᠡᠮᠠᠬᠠᠢ ᠬᠡᠢ ᠶᠢᠨ ᠲᠤᠤᠷ ᠬᠤᠭᠤᠯᠠᠢ ᠶᠢ ᠪᠦᠷᠬᠦᠬᠦᠯᠦᠭᠰᠡᠨ ᠬᠤᠰᠢᠭᠤ ᠰᠢᠶᠠᠨ ᠲᠤᠭᠤᠷᠢᠭ ᠪᠤᠯᠤᠨ᠎ᠠ᠃ | 2018 ᠤᠨ ᠠᠴᠠ ᠡᠬᠢᠯᠡᠨ᠂ ᠮᠠᠨ ᠤ ᠲᠤᠭᠤᠷᠢᠭ ᠰᠢᠳᠠᠮᠠᠬᠠᠢ ᠬᠡᠢ ᠪᠠᠷ ᠬᠦᠮᠦᠨ ᠤ ᠬᠦᠴᠦᠨ ᠤ ᠨᠡᠬᠦᠷᠡᠰᠦᠨ | ᠬᠡᠢ ᠶᠢ ᠰᠤᠯᠢᠬᠤ ᠢᠨᠵᠧᠨᠧᠷᠢᠩ ᠢ ᠬᠡᠷᠡᠭᠵᠢᠬᠦᠯᠵᠤ᠂ 108 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠤᠨ ︵ | 140175 ᠡᠷᠦᠬᠡ︶ ᠲᠤ ᠬᠤᠯᠪᠤᠬᠳᠠᠵᠤ᠂ 2018 ᠤᠨ ᠳᠤ ᠨᠢᠬᠡᠨᠳᠡ 39 ᠰᠠᠭᠤᠭᠠᠯᠢ ᠠᠷᠠᠳ ᠤᠨ | ᠲᠤᠭᠤᠷᠢᠭ ︵76286 ᠡᠷᠦᠬᠡ︶ ᠤᠨ ᠰᠢᠳᠠᠮᠠᠬᠠᠢ ᠬᠡᠢ ᠰᠤᠯᠢᠬᠤ ᠢᠨᠵᠧᠨᠧᠷᠢᠩ ᠢ ᠪᠡᠶᠡᠯᠡᠬᠦᠯᠵᠤ᠂ | ᠢᠨᠵᠧᠨᠧᠷᠢᠩ ᠤᠨ ᠶᠡᠷᠦᠩᠬᠡᠢ ᠬᠡᠮᠵᠢᠶᠠᠨ ᠤ 54.4% ᠶᠢ ᠡᠵᠡᠯᠡᠵᠡᠢ᠃ 2019 ᠤᠨ ᠳᠤ᠂ ᠠᠶᠤᠯᠬᠦᠢ ᠶᠢ | ᠪᠠᠳᠤᠯᠠᠬᠰᠠᠨ ᠤᠷᠢᠳᠠᠯ ᠲᠤᠤᠷ᠎ᠠ᠂ ᠬᠦᠨᠳᠡᠯᠡᠨ ᠲᠤᠭᠤᠷᠢᠭ ᠤᠨ ᠬᠤᠳᠠ ᠲᠤᠭᠤᠷᠢᠭ ᠤᠨ ᠬᠦᠷᠢᠶ᠎ᠠ ᠬᠡᠪᠴᠢᠶᠠᠨ | ᠲᠤᠳᠤᠷᠠᠬᠢ 69 ᠰᠠᠭᠤᠭᠠᠯᠢ ᠠᠷᠠᠳ ᠤᠨ ᠲᠤᠭᠤᠷᠢᠭ ︵63889 ᠡᠷᠦᠬᠡ︶ ᠲᠤ ᠰᠢᠳᠠᠮᠠᠬᠠᠢ ᠬᠡᠢ ᠰᠤᠯᠢᠬᠤ | ᠢᠨᠵᠧᠨᠧᠷᠢᠩ ᠢ ᠬᠡᠷᠡᠭᠵᠢᠬᠦᠯᠦᠨ᠎ᠠ᠃ ᠲᠤᠰ ᠤᠳᠠᠭ᠎ᠠ ᠶᠢᠨ ᠦᠬᠡᠷᠡᠴᠢᠯᠠᠨ ᠰᠤᠯᠢᠬᠤ ᠶᠢ ᠪᠡᠶᠡᠯᠡᠬᠦᠯᠦᠭᠰᠡᠨ ᠤ ᠲᠠᠷᠠᠭ᠎ᠠ᠂ | ᠮᠠᠨ ᠤ ᠲᠤᠭᠤᠷᠢᠭ ᠤᠨ ᠰᠢᠳᠠᠮᠬᠠᠠᠢ ᠬᠡᠢ ᠶᠢᠨ ᠲᠠᠮᠵᠢᠭᠤᠯᠬᠤ ᠬᠤᠭᠤᠯᠠᠢ ᠶᠢ ᠪᠦᠷᠢᠮᠦᠰᠦᠨ ᠲᠠᠷᠤᠭᠠᠰᠤ ᠶᠢ | ᠲᠠᠭᠠᠭᠠᠬᠤ ᠴᠢᠨᠡᠷ ᠢᠶᠠᠷ ᠴᠢᠩᠭ᠎ᠠ᠂ ᠬᠠᠷᠢᠮᠠᠬᠠᠢ ᠴᠢᠨᠡᠷ ᠢᠶᠠᠷ ᠶᠡᠭᠡ᠂ ᠠᠶᠤᠯᠬᠦᠢ ᠶᠢᠨ ᠴᠢᠨᠡᠷ ᠢᠶᠠᠷ ᠦᠨᠳᠦᠷ PE | ᠬᠤᠭᠤᠯᠠᠢ ᠪᠠᠷ ᠰᠤᠯᠢᠬᠳᠠᠬᠤ ᠪᠤᠯᠤᠨ᠎ᠠ᠃ ᠡᠨᠡ ᠵᠢᠯ ᠤᠨ ᠰᠢᠳᠠᠮᠠᠬᠠᠢ ᠬᠡᠢ ᠶᠢᠨ ᠬᠠᠮᠢᠶᠠᠷᠤᠯᠳᠠᠳ ᠲᠤᠮᠳᠠ᠂ | ᠰᠢᠳᠠᠮᠠᠬᠠᠢ ᠬᠡᠢ ᠶᠢᠨ ᠬᠠᠦᠯᠢ ᠪᠤᠰᠤ 4 ᠡᠬᠦᠷ ᠴᠢᠭ᠋ ᠢ ᠰᠦᠢᠷᠠᠬᠦᠯᠵᠤ᠂ ︽ᠬᠦᠨᠳᠡᠯᠡᠨ ᠲᠤᠭᠤᠷᠢᠭ ᠤᠨ ᠰᠢᠳᠠᠮᠠᠬᠠᠢ | ᠬᠡᠢ᠂ ᠢᠯᠴᠢ ᠶᠢᠨ ᠬᠡᠮ ᠰᠤᠭᠤᠭ ᠢ ᠴᠡᠭᠴᠡᠯᠡᠨ ᠦᠬᠡᠷᠡᠴᠢᠯᠡᠬᠦ ᠮᠡᠳᠡᠭᠳᠡᠯ ᠤᠨ ᠪᠢᠴᠢᠭ︾ ᠢ ᠨᠠᠶᠢᠳᠠ 300 ᠭᠠᠷᠤᠢ | ᠬᠤᠪᠢ ᠪᠠᠭᠤᠯᠭᠠᠵᠤ᠂ 650 ᠬᠡᠢ ᠶᠢᠨ ᠯᠤᠩᠬᠤ ᠶᠢ ᠬᠤᠷᠢᠶᠠᠨ ᠠᠪᠤᠬᠰᠠᠨ ᠪᠠᠶᠢᠨ᠎ᠠ᠃ ᠮᠠᠨ ᠤ ᠲᠤᠭᠤᠷᠢᠭ ᠪᠠᠰᠠ | ᠢᠳᠡᠬᠡᠨ ᠤᠮᠳᠠᠭᠠᠨ ᠤ ᠠᠵᠢᠯ ᠲᠦᠷᠦᠯ ᠤᠨ ᠰᠢᠳᠠᠮᠠᠬᠠᠢ ᠬᠡᠢ ᠬᠡᠷᠡᠭᠯᠡᠬᠦ ᠠᠶᠤᠯᠬᠦᠢ ᠶᠢᠨ ᠪᠠᠶᠢᠳᠠᠯ ᠳᠤ ᠲᠤᠰᠬᠠᠢ | ᠪᠠᠶᠢᠴᠠᠭᠠᠨ ᠴᠡᠭᠴᠡᠯᠡᠯᠳᠠ ᠬᠢᠵᠤ᠂ ᠪᠦᠬᠦ ᠲᠤᠭᠤᠷᠢᠭ ᠤᠨ 2450 ᠭᠠᠷᠤᠢ ᠢᠳᠡᠬᠡᠨ ᠤᠮᠳᠠᠭᠠᠨ ᠤ ᠲᠠᠯᠠᠪᠠᠢ ᠳᠤ | ᠰᠢᠳᠠᠮᠠᠬᠠᠢ ᠬᠡᠢ ᠶᠢᠨ ᠲᠤᠰᠬᠠᠢ ᠪᠠᠶᠢᠴᠠᠭᠠᠯᠳᠠ ᠶᠢ ᠦᠷᠨᠢᠬᠦᠯᠵᠤ᠂ ᠠᠶᠤᠯᠬᠦᠢ ᠶᠢᠨ ᠬᠡᠮ ᠰᠤᠭᠤᠭ ᠢ ᠠᠷᠢᠯᠭᠠᠵᠠᠢ᠃ | ᠡᠬᠦᠨ ᠠᠴᠠ ᠭᠠᠳᠠᠨ᠎ᠠ᠂ ᠮᠠᠨ ᠤ ᠲᠤᠭᠤᠷᠢᠭ ᠤᠨ ᠲᠦᠯᠡᠰᠢᠨ ᠨᠡᠬᠦᠷᠡᠰᠦ ᠶᠢ ᠰᠤᠯᠠ ᠪᠠᠷ ᠰᠢᠳᠠᠭᠠᠬᠤ ᠶᠢ ᠤᠷᠤᠯᠠᠬᠤ | ᠢᠨᠵᠧᠨᠧᠷᠢᠩ ᠨᠢ 49207 ᠮᠧᠲᠷ ᠰᠢᠳᠡᠮᠠᠬᠠᠢ ᠬᠡᠢ ᠶᠢᠨ ᠬᠤᠭᠤᠯᠠᠢ ᠶᠢ ᠲᠠᠭᠠᠷᠠᠭᠤᠯᠵᠤ᠂ ᠢᠯᠡ ᠬᠤᠭᠤᠯᠠᠢ ᠶᠢ | 200430 ᠤᠬᠰᠠᠷᠠᠭᠤᠯᠵᠤ᠂ 18938 ᠡᠷᠦᠬᠡ ᠰᠠᠭᠤᠭᠠᠯᠢ ᠠᠷᠠᠳ ᠲᠤ ᠠᠰᠢᠭ ᠬᠦᠷᠳᠡᠬᠡᠵᠤ᠂ | ᠪᠦᠬᠦᠨ ᠢᠶᠠᠷ ᠢᠶᠠᠨ ᠬᠡᠢ ᠨᠡᠪᠳᠡᠷᠡᠬᠦ ᠨᠦᠬᠦᠴᠡᠯ ᠢ ᠪᠦᠷᠢᠯᠳᠦᠬᠦᠯᠦᠭᠰᠡᠨ ᠪᠠᠶᠢᠨ᠎ᠠ᠃ ᠬᠡᠢ ᠨᠡᠪᠳᠡᠷᠡᠬᠦ ᠠᠴᠠ ᠡᠮᠦᠨ᠎ᠡ᠂ | ᠮᠨᠨ ᠤ ᠲᠤᠪᠴᠢᠶ᠎ᠠ ᠪᠠᠰᠠ ᠨᠢᠬᠡ ᠤᠳᠠᠭ᠎ᠠ ᠲᠤᠰᠬᠠᠢ ᠮᠡᠷᠬᠡᠵᠢᠯᠳᠠᠳ ᠢ ᠵᠤᠬᠢᠶᠠᠨ ᠪᠠᠶᠢᠭᠤᠯᠵᠤ᠂ ᠬᠤᠶᠠᠳᠤᠭᠠᠷ | ᠤᠳᠠᠭ᠎ᠠ ᠶᠢᠨ ᠬᠢᠨᠠᠨ ᠰᠢᠯᠭᠠᠯᠳᠠ ᠬᠢᠵᠤ᠂ ᠬᠢᠷᠢ ᠲᠠᠩᠴᠡᠭᠰᠡᠨ ᠤ ᠲᠠᠷᠠᠭ᠎ᠠ ᠰᠠᠶ᠋ᠢ ᠠᠵᠤ ᠠᠬᠤᠢᠢᠯᠠᠯ ᠤᠨ ᠰᠠᠭᠤᠭᠠᠯᠢ | ᠠᠷᠠᠳ ᠲᠤ ᠬᠡᠢ ᠬᠠᠩᠭᠠᠬᠤ ᠶᠢ ᠵᠦᠪᠰᠢᠶᠡᠷᠡᠨ᠎ᠡ᠃ | ᠬᠦᠳᠦᠯᠦᠭᠴᠢ᠄ ᠲᠠ ᠲᠠᠷᠠᠭᠠᠴᠢ ᠶᠢᠨ ᠠᠵᠢᠯ ᠤᠨ ᠲᠦᠯᠦᠪᠯᠡᠭᠡ ᠶᠢᠨ ᠲᠤᠬᠠᠢ ᠶᠠᠷᠢᠭᠠᠳ ᠦᠭᠬᠦᠨᠡᠦ︖ | ᠹᠠᠨ ᠯᠢ ᠮᠢᠨ᠄ 1᠂ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠬᠦᠨᠵᠡᠬᠡᠢ ᠰᠦᠪᠡᠭᠴᠢᠯᠡᠵᠤ᠂ | ᠬᠠᠮᠢᠶᠠᠷᠴᠤ ᠬᠠᠮᠠᠭᠠᠯᠠᠬᠤ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠦᠨ᠎ᠠ᠃ ᠬᠦᠨᠳᠡᠯᠡᠨ ᠲᠤᠭᠤᠷᠢᠭ ᠤᠨ | ᠨᠤᠭᠤᠭᠠᠷᠠᠭᠤᠯᠤᠯᠳᠠ ᠶᠢᠨ ᠬᠠᠦᠯᠢ ᠬᠡᠷᠡᠭᠵᠢᠬᠦᠯᠬᠦ ᠠᠵᠢᠯ ᠳᠤ ᠬᠠᠦᠯᠢ ᠬᠡᠷᠡᠭᠵᠢᠬᠦᠯᠬᠦ ᠪᠠᠶᠢᠭᠤᠯᠤᠮᠵᠢ ᠰᠢᠯᠤᠭᠤᠬᠠᠨ | ᠦᠬᠡᠢ᠂ ᠬᠠᠦᠯᠢ ᠬᠡᠷᠡᠭᠵᠢᠬᠦᠯᠬᠦ ᠡᠷᠴᠢᠮ ᠬᠦᠷᠦᠯᠴᠡᠬᠦ ᠦᠬᠡᠢ ᠵᠡᠷᠬᠡ ᠠᠰᠠᠭᠤᠳᠠᠯ ᠤᠷᠤᠰᠢᠵᠤ ᠪᠠᠶᠢᠨ᠎ᠠ᠃ ᠵᠠᠷᠢᠮ | ᠬᠠᠦᠯᠢ ᠠᠴᠠ ᠵᠦᠷᠢᠴᠡᠬᠦ ᠠᠵᠢᠯᠯᠠᠭ᠎ᠠ ᠶᠢ ᠴᠠᠭ ᠲᠤᠬᠠᠢ ᠳᠤᠨᠢ ᠪᠦᠳᠦᠮᠵᠢᠳᠡᠢ ᠬᠤᠷᠢᠬᠯᠠᠬᠤ ᠪᠠ ᠰᠢᠢᠳᠪᠦᠷᠢᠯᠡᠵᠤ | ᠲᠡᠶᠢᠯᠬᠦ ᠦᠬᠡᠢ᠂ ᠬᠠᠦᠯᠢ ᠠᠴᠠ ᠵᠦᠷᠢᠴᠡᠵᠤ ᠵᠦᠯᠬᠡᠨ ᠭᠠᠵᠠᠷ ᠢ ᠡᠵᠡᠯᠡᠬᠦ ᠦᠵᠡᠭᠳᠡᠯ ᠮᠦᠨᠬᠦ ᠤᠷᠤᠰᠢᠵᠤ᠂ ᠲᠦᠷ | ᠴᠠᠭ ᠡᠵᠡᠯᠡᠨ ᠬᠡᠷᠡᠭᠯᠡᠵᠤ ᠪᠠᠶᠢᠬᠰᠠᠨ ᠠᠴᠠ ᠪᠠᠨ ᠤᠷᠳᠤ ᠬᠤᠭᠤᠴᠠᠭ᠎ᠠ ᠪᠠᠷ ᠡᠵᠡᠯᠡᠨ ᠬᠡᠷᠡᠭᠯᠡᠬᠦ ᠦᠵᠡᠭᠳᠡᠯ ᠮᠦᠨ | ᠡᠬᠦᠰᠴᠤ ᠪᠤᠢ᠃ ᠦᠬᠡᠷᠡᠴᠢᠯᠠᠯᠳᠠ ᠶᠢᠨ ᠠᠵᠢᠯ ᠢᠶᠠᠷ ᠲᠡᠮᠵᠢᠨ᠂ ᠬᠤᠶᠢᠰᠢᠳᠠ ᠬᠤᠳᠠ ᠶᠢᠨ ᠴᠡᠴᠡᠷᠯᠢᠭ ᠤᠨ ᠬᠠᠦᠯᠢ | ᠬᠡᠷᠡᠭᠵᠢᠬᠦᠯᠬᠦ ᠡᠩᠨᠡᠭᠡ ᠶᠢᠨ ᠪᠠᠶᠢᠭᠤᠯᠤᠯᠳᠠ ᠶᠢ ᠰᠠᠶᠢᠳᠤᠷ ᠠᠳᠬᠤᠬᠤ ᠶᠢ ᠱᠠᠭᠠᠷᠳᠠᠵᠤ ᠪᠤᠢ᠃ ᠨᠢᠬᠡᠨ ᠰᠠᠯᠠᠭ᠎ᠠ | ᠬᠠᠷᠢᠭᠤᠴᠠᠯᠭᠠᠳᠤ ᠰᠡᠳᠬᠢᠯᠬᠡ ᠪᠠᠷ ᠴᠢᠩᠭ᠎ᠠ᠂ ᠬᠠᠷᠢᠴᠠᠩᠭᠤᠢ ᠪᠠᠷ ᠲᠤᠬᠳᠠᠭᠤᠨ᠂ ᠴᠡᠴᠡᠷᠯᠢᠭ ᠤᠨ ᠲᠤᠬᠠᠢᠢᠯᠠᠬᠰᠠᠨ | ᠠᠵᠢᠯ ᠢ ᠤᠢᠢᠯᠠᠭᠠᠳᠠᠭ ᠬᠠᠦᠯᠢ ᠬᠡᠷᠡᠭᠵᠢᠬᠦᠯᠬᠦ ᠡᠩᠨᠡᠭᠡ ᠶᠢ ᠪᠠᠶᠢᠭᠤᠯᠵᠤ᠂ ᠨᠤᠭᠤᠭᠠᠷᠠᠭᠤᠯᠤᠯᠳᠠ ᠶᠢᠨ ᠬᠠᠦᠯᠢ | ᠬᠡᠷᠡᠭᠵᠢᠬᠦᠯᠬᠦ ᠡᠷᠴᠢᠮ ᠶᠢᠨ ᠲᠠᠰᠤᠷᠠᠯᠳᠠ ᠦᠬᠡᠢ ᠴᠢᠩᠭᠠᠷᠠᠭᠤᠯᠵᠤ᠂ ᠰᠠᠨᠠᠭᠠᠴᠢᠯᠠᠭ᠎ᠠ ᠲᠠᠢ ᠪᠠᠷ ᠬᠠᠦᠯᠢ | ᠬᠡᠷᠡᠭᠵᠢᠬᠦᠯᠵᠤ᠂ ᠵᠦᠯᠬᠡᠨ ᠭᠠᠵᠠᠷ ᠢ ᠰᠦᠢᠳᠬᠡᠬᠦ᠂ ᠵᠦᠯᠬᠡᠨ ᠭᠠᠵᠠᠷ ᠢ ᠡᠵᠡᠯᠡᠬᠦ ᠵᠡᠷᠬᠡ ᠬᠠᠦᠯᠢ ᠠᠴᠠ ᠵᠦᠷᠢᠴᠡᠬᠦ | ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠬᠤᠳᠠ ᠶᠢᠨ ᠴᠡᠴᠡᠷᠯᠢᠭ ᠤᠨ ᠬᠠᠮᠢᠶᠠᠷᠤᠯᠳᠠ ᠶᠢᠨ ᠬᠢᠨᠠᠨ | ᠬᠠᠮᠢᠶᠠᠷᠤᠯᠳᠠ ᠶᠢᠨ ᠲᠦᠪᠰᠢᠨ ᠢᠶᠠᠨ ᠴᠢᠷᠮᠠᠶᠢᠨ ᠲᠡᠬᠡᠭᠰᠢᠯᠡᠬᠦᠯᠦᠨ᠎ᠠ᠃ ᠡᠬᠦᠨ ᠤ ᠬᠠᠮᠳᠤ᠃ ᠪᠦᠳᠦᠬᠡᠨ | ᠪᠠᠶᠢᠭᠤᠯᠤᠯᠳᠠ ᠶᠢᠨ ᠲᠦᠷᠦᠯ ᠵᠦᠢᠯ ᠤᠨ ᠢᠵᠢ ᠪᠦᠷᠢᠳᠦᠬᠦᠯᠬᠦ ᠵᠦᠯᠬᠡᠨ ᠭᠠᠵᠠᠷ ᠤᠨ ᠵᠢᠭᠠᠯᠳᠠ ᠲᠤᠭ᠎ᠠ ᠶᠢ ᠬᠢᠨᠠᠨ | ᠪᠠᠶᠢᠴᠠᠭᠠᠬᠤ ᠪᠤᠭᠤᠮᠳᠠ ᠶᠢ ᠴᠢᠩᠭ᠎ᠠ ᠰᠡᠬᠢᠵᠤ᠂ ᠨᠤᠭᠤᠭᠠᠷᠠᠭᠤᠯᠤᠯᠳᠠ ᠶᠢᠨ ᠢᠨᠵᠧᠨᠧᠷᠢᠩ ᠤᠨ ᠪᠦᠳᠦᠬᠡᠨ | ᠪᠠᠶᠢᠭᠤᠯᠤᠯᠳᠠ ᠶᠢᠨ ᠪᠦᠬᠦ ᠶᠠᠪᠤᠴᠠ ᠳᠤ ᠮᠦᠷᠳᠡᠨ ᠬᠠᠮᠢᠶᠠᠷᠬᠤ ᠶᠢ ᠪᠠᠷᠢᠮᠳᠠᠯᠠᠵᠤ᠂ ᠵᠦᠯᠬᠡᠨ ᠭᠠᠵᠠᠷ ᠤᠨ ᠵᠢᠭᠠᠯᠳᠠ | ᠲᠤᠭ᠎ᠠ ᠶᠢ ᠨᠠᠶᠢᠳᠡᠪᠦᠷᠢᠵᠢᠭᠤᠯᠤᠬᠰᠠᠨ ᠪᠠᠶᠢᠳᠠᠯ ᠢ ᠬᠢᠨᠠᠨ ᠲᠤᠬᠳᠠᠭᠠᠵᠤ᠂ ᠢᠵᠢ ᠪᠦᠷᠢᠳᠦᠬᠦᠯᠦᠭᠰᠡᠨ ᠵᠦᠯᠬᠡᠨ | ᠭᠠᠵᠠᠷ ᠤᠨ ︽ᠠᠪᠴᠢᠬᠤ︾ ᠦᠵᠡᠭᠳᠡᠯ ᠠᠴᠠ ᠴᠢᠩᠭ᠎ᠠ ᠰᠡᠷᠬᠡᠶᠢᠯᠡᠵᠤ᠂ ᠪᠦᠳᠦᠬᠡᠨ ᠪᠠᠶᠢᠭᠤᠯᠤᠯᠳᠠ ᠶᠢᠨ ᠲᠦᠷᠦᠯ | ᠵᠦᠢᠯ ᠤᠨ ᠢᠵᠢ ᠪᠦᠷᠢᠳᠦᠬᠦᠯᠦᠭᠰᠡᠨ ᠵᠦᠯᠬᠡᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠲᠦᠷᠦᠯ ᠵᠦᠢᠯ ᠤᠨ | ᠪᠠᠷᠢᠯᠭ᠎ᠠ ᠲᠠᠭᠤᠰᠬᠤ ᠶᠢ ᠶᠡᠷᠦᠩᠬᠡᠶᠢᠯᠡᠨ ᠰᠢᠯᠭᠠᠬᠤ ᠠᠭᠤᠯᠭ᠎ᠠ ᠳᠤ ᠤᠷᠤᠭᠤᠯᠤᠨ᠎ᠠ᠃ ᠨᠤᠭᠤᠭᠠᠷᠠᠭᠤᠯᠤᠯᠳᠠ ᠶᠢᠨ | ᠢᠨᠵᠧᠨᠧᠷᠢᠩ ᠳᠤ ᠬᠢᠨᠠᠯᠳᠠ ᠲᠠᠯᠪᠢᠵᠤ ᠪᠠᠶᠢᠴᠠᠭᠠᠬᠤ ᠪᠠᠨ ᠴᠢᠨᠠᠬᠰᠢᠳᠠ ᠴᠢᠩᠭᠠᠳᠬᠠᠵᠤ᠂ ᠢᠯᠡᠷᠡᠬᠦᠯᠦᠭᠰᠡᠨ | ᠠᠰᠠᠭᠤᠳᠠᠯ ᠳᠤ ᠴᠠᠭ ᠲᠤᠬᠠᠢ ᠳᠤᠨᠢ ᠱᠠᠯᠠᠪᠳᠠᠭᠤᠯᠤᠨ ᠬᠦᠢᠴᠡᠳᠬᠡᠬᠦ ᠪᠡ ᠲᠡᠭᠡᠭᠰᠢ ᠮᠡᠳᠡᠬᠦᠯᠵᠤ᠂ | ᠨᠤᠭᠤᠭᠠᠷᠠᠭᠤᠯᠤᠯᠳᠠ ᠶᠢᠨ ᠢᠨᠵᠧᠨᠧᠷᠢᠩ ᠤᠨ ᠶᠠᠰᠦ ᠴᠢᠨᠡᠷ ᠢ ᠪᠦᠳᠦᠮᠵᠢᠳᠠᠢ ᠬᠠᠮᠠᠭᠠᠯᠠᠨ᠎ᠠ᠃ | 2᠂ ᠬᠠᠷᠢᠴᠠᠭ᠎ᠠ ᠪᠠᠨ ᠰᠢᠯᠤᠭᠤᠳᠬᠠᠵᠤ᠂ ᠵᠤᠬᠢᠴᠠᠭᠤᠯᠤᠨ ᠬᠠᠮᠵᠢᠯᠴᠠᠵᠤ᠂ ᠨᠠᠷᠢᠯᠢᠬᠵᠢᠭᠤᠯᠤᠨ ᠠᠰᠠᠷᠠᠨ | ᠬᠠᠮᠠᠭᠠᠯᠠᠬᠤ ᠲᠦᠪᠰᠢᠨ ᠢᠶᠠᠨ ᠦᠨᠡᠨᠬᠦ ᠲᠡᠬᠡᠭᠰᠢᠯᠡᠬᠦᠯᠦᠨ᠎ᠠ᠃ ᠤᠳᠤᠬᠠᠨ᠎ᠠ᠂ ᠴᠡᠴᠡᠷᠯᠢᠭ ᠤᠨ | ᠨᠤᠭᠤᠭᠠᠷᠠᠭᠤᠯᠤᠯᠳᠠ ᠶᠢᠨ ᠬᠠᠦᠯᠢ ᠬᠡᠷᠡᠭᠵᠢᠬᠦᠯᠬᠦ ᠡᠷᠬᠡ ᠬᠠᠦᠯᠢ ᠬᠡᠷᠡᠭᠵᠢᠬᠦᠯᠬᠦ ᠲᠤᠪᠴᠢᠶ᠎ᠠ ᠳᠤ ᠪᠤᠢ᠂ | ᠨᠤᠭᠤᠭᠠᠷᠠᠭᠤᠯᠤᠯᠳᠠ ᠶᠢᠨ ᠪᠦᠳᠦᠬᠡᠨ ᠪᠠᠶᠢᠭᠤᠯᠤᠯᠳᠠ ᠬᠠᠷᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠳᠤ | ᠬᠠᠷᠢᠶᠠᠯᠠᠬᠳᠠᠨ᠎ᠠ᠃ ᠠᠵᠢᠯ ᠤᠨ ᠵᠤᠯᠭᠠᠯᠴᠠᠭ᠎ᠠ ᠲᠡᠭᠡᠷ᠎ᠡ ᠵᠤᠬᠢᠬᠤ ᠬᠡᠮᠵᠢᠶᠠᠨ ᠤ ᠠᠰᠠᠭᠤᠳᠠᠯ ᠤᠷᠤᠰᠢᠵᠤ ᠪᠤᠢ᠃ | ᠵᠦᠯᠬᠡᠨ ᠭᠠᠵᠠᠷ ᠢ ᠰᠦᠢᠳᠬᠡᠬᠦ᠂ ᠵᠦᠯᠬᠡᠨ ᠭᠠᠵᠠᠷ ᠢ ᠡᠵᠡᠯᠡᠬᠦ ᠦᠵᠡᠭᠳᠡᠯ ᠬᠦᠨᠳᠤ ᠨᠤᠴᠢᠳᠡᠢ ᠤᠷᠤᠰᠢᠵᠤ ᠪᠤᠢ᠃ | ᠴᠡᠴᠡᠷᠯᠢᠭ ᠤᠨ ᠨᠤᠭᠤᠭᠠᠷᠠᠭᠤᠯᠤᠯᠳᠠ ᠶᠢᠨ ᠠᠵᠢᠯ ᠨᠢ ᠪᠦᠳᠦᠬᠡᠨ ᠪᠠᠶᠢᠭᠤᠯᠤᠯᠳᠠ᠂ ᠲᠦᠯᠦᠪᠵᠢᠬᠦᠯᠬᠡ᠂ ᠤᠯᠤᠰ ᠤᠨ | ᠭᠠᠵᠠᠷ ᠰᠢᠷᠦᠢ᠂ ᠬᠤᠳᠠ ᠶᠢᠨ ᠬᠠᠮᠢᠶᠠᠷᠤᠯᠳᠠ᠂ ᠤᠢ ᠰᠢᠭᠤᠢ ᠶᠢᠨ ᠦᠢᠯᠡᠰ᠂ ᠤᠰᠤᠨ ᠤ ᠶᠠᠪᠤᠳᠠᠯ ᠵᠡᠷᠬᠡ ᠤᠯᠠᠨ | ᠰᠠᠯᠠᠭ᠎ᠠ ᠮᠦᠴᠢᠷ ᠲᠠᠢ ᠬᠤᠯᠪᠤᠬᠳᠠᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠬᠤᠳᠠ ᠶᠢᠨ ᠬᠠᠦᠯᠢ ᠬᠡᠷᠡᠭᠵᠢᠬᠦᠯᠬᠦ | ᠪᠠᠶᠢᠭᠤᠯᠤᠮᠵᠢ ᠶᠢᠨ ᠦᠬᠡᠷᠡᠴᠢᠯᠠᠯᠳᠠ ᠶᠢ ᠴᠢᠨᠠᠬᠰᠢᠳᠠ ᠬᠦᠨᠵᠡᠬᠡᠶᠢᠷᠡᠬᠦᠯᠬᠦ ᠪᠠᠷ ᠠᠵᠠ ᠲᠤᠬᠢᠶᠠᠯ ᠪᠤᠯᠭᠠᠵᠤ᠂ ︽ | ᠬᠦᠮᠦᠨ ᠢᠶᠠᠷ ᠦᠨᠳᠦᠰᠦ ᠪᠤᠯᠭᠠᠬᠤ︾ ᠬᠠᠮᠢᠶᠠᠷᠤᠯᠳᠠ ᠪᠤᠯᠤᠨ ᠦᠢᠯᠡᠴᠢᠯᠡᠬᠡᠨ ᠤ ᠤᠢᠢᠯᠠᠭᠠᠬᠳᠠᠬᠤᠨ ᠢ ᠪᠤᠢ | ᠪᠤᠯᠭᠠᠨ᠎ᠠ᠃ ᠦᠬᠡᠷᠡᠴᠢᠯᠠᠯᠳᠠ ᠪᠠᠷ ᠲᠡᠮᠵᠢᠨ᠂ ᠵᠠᠰᠠᠭ ᠤᠨ ᠤᠷᠳᠤᠨ ᠤ ᠡᠬᠦᠷᠬᠡ ᠴᠢᠳᠡᠪᠬᠢᠳᠤ ᠰᠠᠯᠠᠭ᠎ᠠ ᠮᠦᠴᠢᠷ ᠤᠨ | ᠡᠬᠦᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠴᠢᠨᠠᠬᠰᠢᠳᠠ ᠰᠢᠯᠤᠭᠤᠳᠬᠠᠵᠤ᠂ ᠪᠠᠶᠢᠭᠤᠯᠤᠮᠵᠢ ᠲᠤᠬᠢᠷᠠᠭᠤᠯᠬᠤ ᠶᠢ | ᠲᠦᠷᠢᠮᠵᠢᠬᠦᠯᠵᠤ᠂ ᠬᠠᠦᠯᠢ ᠬᠡᠷᠡᠭᠵᠢᠬᠦᠯᠬᠦ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠤ᠂ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠤᠨ ᠬᠠᠦᠯᠢ ᠶᠤᠰᠤᠭᠠᠷ ᠵᠠᠰᠠᠭ ᠶᠠᠪᠤᠭᠤᠯᠬᠤ ᠶᠢ ᠱᠠᠭᠠᠷᠳᠠᠨ᠎ᠠ᠃ ᠡᠬᠦᠨ ᠤ ᠬᠠᠮᠳᠤ ᠪᠦᠳᠦᠮᠵᠢᠳᠤ | ᠵᠤᠯᠭᠠᠯᠴᠠᠭ᠎ᠠ ᠶᠢ ᠪᠠᠶᠢᠭᠤᠯᠤᠨ ᠪᠦᠷᠢᠨᠰᠢᠬᠦᠯᠦᠨ᠎ᠠ᠃ ᠲᠤᠬᠳᠠᠴᠠ ᠳᠤ ᠬᠠᠮᠵᠢᠯᠴᠠᠵᠤ᠂ ᠰᠠᠯᠠᠭ᠎ᠠ ᠮᠦᠴᠢᠷ ᠤᠨ | ᠬᠤᠯᠪᠤᠭᠠᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠡᠬᠢ ᠪᠠᠶᠠᠯᠢᠭ ᠢ ᠨᠡᠶᠢᠳᠬᠡᠭᠰᠡᠨ᠂ ᠡᠬᠦᠷᠬᠡ | ᠬᠠᠷᠢᠭᠤᠴᠠᠯᠭ᠎ᠠ ᠲᠤᠳᠤᠷᠬᠠᠢ᠂ ᠡᠷᠬᠡ ᠬᠠᠷᠢᠭᠤᠴᠠᠯᠭ᠎ᠠ ᠨᠢᠬᠡᠳᠦᠯᠳᠡᠢ ᠨᠤᠭᠤᠭᠠᠷᠠᠭᠤᠯᠤᠯᠳᠠ ᠶᠢᠨ ᠬᠠᠦᠯᠢ ᠬᠡᠷᠡᠭᠵᠢᠬᠦᠯᠬᠦ | ᠪᠠᠶᠢᠭᠤᠯᠤᠮᠵᠢ ᠲᠤᠬᠳᠠᠴᠠ ᠶᠢ ᠠᠭᠠᠵᠢᠮ ᠢᠶᠠᠷ ᠪᠦᠷᠢᠯᠳᠦᠬᠦᠯᠵᠤ᠂ ᠮᠠᠨ ᠤ ᠲᠤᠭᠤᠷᠢᠭ ᠤᠨ ᠨᠤᠭᠤᠭᠠᠷᠠᠭᠤᠯᠤᠯᠳᠠ ᠶᠢᠨ | ᠠᠵᠢᠯ ᠤᠨ ᠰᠠᠶᠢᠨ ᠰᠠᠶᠢᠬᠠᠨ ᠬᠦᠭᠵᠢᠯᠳᠠ ᠶᠢ ᠠᠬᠢᠭᠤᠯᠤᠨ᠎ᠠ᠃ | 3᠂ ᠤᠬᠠᠭᠤᠯᠭ᠎ᠠ ᠪᠠᠨ ᠴᠢᠩᠭᠠᠳᠬᠠᠵᠤ᠂ ᠲᠠᠨᠢᠯᠳᠠ ᠪᠠᠨ ᠲᠡᠬᠡᠭᠰᠢᠯᠡᠬᠦᠯᠦᠨ᠂ ᠪᠦᠬᠦ ᠨᠡᠶᠢᠬᠡᠮ ᠢᠶᠠᠷ ᠢᠶᠠᠨ | ᠬᠤᠳᠠ ᠶᠢᠨ ᠨᠤᠭᠤᠭᠠᠷᠠᠭᠤᠯᠤᠯᠳᠠ ᠶᠢᠨ ᠪᠦᠳᠦᠬᠡᠨ ᠪᠠᠶᠢᠭᠤᠯᠤᠯᠳᠠ ᠬᠠᠮᠠᠭᠠᠯᠠᠯᠳᠠ ᠳᠤ ᠤᠷᠤᠯᠴᠠᠬᠰᠠᠨ ᠰᠠᠶᠢᠨ | ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠦᠨ᠎ᠠ᠃ ᠤᠳᠤᠬᠠᠨ᠎ᠠ᠂ ᠮᠠᠨ ᠤ ᠬᠤᠳᠠ ᠶᠢᠨ ︽ᠪᠤᠭᠤᠳᠤ ᠬᠤᠳᠠ ᠶᠢᠨ | ᠬᠤᠳᠠ ᠶᠢᠨ ᠨᠤᠭᠤᠭᠠᠷᠠᠭᠤᠯᠤᠯᠳᠠ ᠶᠢᠨ ᠲᠦᠷᠢᠮ︾ ᠤᠨ ᠲᠤᠬᠠᠢ ᠤᠬᠠᠭᠤᠯᠭ᠎ᠠ ᠶᠢᠨ ᠡᠷᠴᠢᠮ ᠬᠠᠷᠠᠬᠠᠨ ᠬᠦᠷᠦᠯᠴᠡᠬᠦ | ᠦᠬᠡᠢ ᠪᠠᠶᠢᠬᠰᠠᠭᠠᠷ᠂ ᠬᠤᠳᠠ ᠶᠢᠨ ᠠᠷᠠᠳ ᠤᠨ ᠮᠡᠳᠡᠬᠦ ᠬᠦᠮᠦᠨ ᠴᠦᠬᠡᠨ᠂ ︽ᠪᠤᠭᠤᠳᠤ ᠬᠤᠳᠠ ᠶᠢᠨ ᠬᠤᠳᠠ ᠶᠢᠨ | ᠨᠤᠭᠤᠭᠠᠷᠠᠭᠤᠯᠤᠯᠳᠠ ᠶᠢᠨ ᠲᠦᠷᠢᠮ︾ ᠤᠨ ᠠᠭᠤᠯᠭ᠎ᠠ ᠬᠠᠷᠠᠬᠠᠨ ᠬᠦᠮᠦᠰ ᠤᠨ ᠰᠡᠳᠬᠢᠯ ᠳᠤ ᠵᠢᠩᠬᠢᠨᠢ ᠪᠠᠷ ᠬᠦᠨᠵᠡᠬᠡᠢ | ᠰᠠᠭᠤᠬᠳᠠᠭᠠ ᠦᠬᠡᠢ ᠪᠠᠶᠢᠬᠰᠠᠭᠠᠷ᠃ ᠪᠦᠬᠦ ᠠᠷᠠᠳ ᠰᠠᠨᠠᠭᠠᠴᠢᠯᠠᠭ᠎ᠠ ᠲᠠᠢ ᠪᠠᠷ ᠨᠤᠭᠤᠭᠤᠷᠠᠭᠤᠯᠤᠯᠳᠠ ᠶᠢᠨ ᠪᠦᠳᠦᠬᠡᠨ | ᠪᠠᠶᠢᠭᠤᠯᠤᠯᠳᠠ ᠳᠤ ᠤᠷᠤᠯᠴᠠᠬᠤ ᠤᠬᠠᠮᠰᠠᠷ ᠦᠨᠳᠦᠷ ᠪᠢᠰᠢ᠂ ᠨᠤᠭᠤᠭᠠᠷᠠᠭᠤᠯᠤᠯᠳᠠ ᠶᠢ | ᠬᠠᠮᠠᠭᠠᠯᠠᠬᠤᠨᠤᠭᠤᠭᠠᠷᠠᠭᠤᠯᠤᠯᠳᠠ ᠵᠢᠬᠠᠢᠢᠷᠠᠯᠠᠬᠤ ᠵᠢᠴᠢ ᠦᠪᠡᠷ ᠤᠨ ᠤᠬᠠᠮᠰᠠᠷ ᠠᠴᠠ ᠪᠠᠨ ᠨᠤᠭᠤᠭᠠᠷᠠᠭᠤᠯᠤᠯᠳᠠ ᠶᠢᠨ | ᠦᠷ᠎ᠠ ᠪᠦᠳᠦᠬᠡᠯ ᠢ ᠬᠠᠮᠠᠭᠠᠯᠠᠬᠤ ᠤᠬᠠᠮᠰᠠᠷ ᠴᠢᠩᠭ᠎ᠠ ᠪᠢᠰᠢ᠂ ᠬᠤᠸᠠᠷ ᠴᠡᠴᠡᠭ ᠵᠦᠯᠬᠡ ᠶᠢ ᠰᠦᠢᠳᠬᠡᠵᠤ ᠬᠢᠰᠬᠢᠯᠡᠬᠦ᠂ | ᠵᠦᠯᠬᠡᠨ ᠭᠠᠵᠠᠷ ᠪᠤᠯᠤᠨ ᠨᠤᠭᠤᠭᠠᠷᠠᠭᠤᠯᠤᠯᠳᠠ ᠶᠢᠨ ᠲᠤᠨᠤᠭ ᠲᠦᠬᠦᠬᠡᠷᠦᠮᠵᠢ ᠶᠢ ᠡᠪᠳᠡᠯᠡᠵᠤ ᠰᠦᠢᠳᠬᠡᠬᠦ ᠵᠡᠷᠬᠡ | ᠪᠤᠯᠪᠠᠰᠤᠨ ᠪᠤᠰᠤ ᠠᠵᠢᠯᠯᠠᠭ᠎ᠠ ᠦᠷᠬᠦᠯᠵᠢ ᠬᠠᠷᠠᠬᠳᠠᠨ᠎ᠠ᠃ ᠬᠤᠶᠢᠰᠢᠳᠠ ᠶᠢᠨ ᠠᠵᠢᠯ ᠤᠨ ᠲᠤᠮᠳᠠ ᠪᠠᠨ᠂ ︽ | ᠪᠤᠭᠤᠳᠤ ᠬᠤᠳᠠ ᠶᠢᠨ ᠬᠤᠳᠠ ᠶᠢᠨ ᠨᠤᠭᠤᠭᠠᠷᠠᠭᠤᠯᠤᠯᠳᠠ ᠶᠢᠨ ᠲᠦᠷᠢᠮ︾ ᠪᠠ ᠬᠠᠮᠢᠶ᠎ᠠ ᠪᠦᠬᠦᠢ ᠬᠠᠦᠯᠢ | ᠲᠤᠬᠳᠠᠭᠠᠯ ᠤᠨ ᠲᠤᠬᠠᠢ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠬᠡᠯᠪᠡᠷᠢ ᠪᠠᠨ | ᠪᠠᠶᠡᠯᠢᠬᠵᠢᠭᠤᠯᠬᠤ᠂ ᠨᠤᠭᠤᠭᠠᠷᠠᠭᠤᠯᠤᠯᠳᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠬᠤ ᠵᠡᠷᠬᠡ ᠪᠠᠷ | ᠲᠡᠮᠵᠢᠨ ᠨᠤᠭᠤᠭᠠᠷᠠᠭᠤᠯᠤᠯᠳᠠ ᠶᠢᠨ ᠬᠠᠮᠢᠶᠠᠷᠤᠯᠳᠠ ᠶᠢᠨ ᠬᠠᠦᠯᠢ ᠲᠤᠬᠳᠠᠭᠠᠯ ᠲᠦᠷᠦ ᠶᠢᠨ ᠪᠤᠳᠤᠯᠭ᠎ᠠ ᠶᠢ ᠬᠦᠮᠦᠨ | ᠪᠤᠯᠭᠠᠨ ᠳᠤ ᠮᠡᠳᠡᠬᠦᠯᠦᠨ᠎ᠠ᠃ ᠡᠬᠦᠨ ᠤ ᠬᠠᠮᠳᠤ᠂ ᠰᠤᠨᠢᠨ ᠮᠡᠳᠡᠭᠡ ᠶᠠᠷᠢᠶ᠎ᠠ ᠬᠡᠯᠡᠯᠴᠡᠬᠡᠨ ᠤ ᠵᠢᠯᠤᠭᠤᠳᠤᠮᠵᠢ ᠪᠤᠯᠤᠨ | ᠬᠢᠨᠠᠯᠳᠠ ᠲᠠᠯᠪᠢᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠪᠦᠬᠦ ᠨᠡᠶᠢᠬᠡᠮ ᠤᠨ ᠨᠤᠭᠤᠭᠠᠷᠠᠭᠤᠯᠤᠯᠳᠠ ᠶᠢ | ᠤᠢᠢᠯᠠᠭᠠᠬᠤ᠂ ᠨᠤᠭᠤᠭᠠᠷᠠᠭᠤᠯᠤᠯᠳᠠ ᠳᠤ ᠬᠠᠮᠵᠢᠯᠴᠠᠬᠤ᠂ ᠨᠤᠭᠤᠭᠠᠷᠠᠭᠤᠯᠤᠯᠳᠠ ᠵᠢᠲᠡᠮᠵᠢᠬᠦ ᠪᠠ ᠬᠠᠮᠠᠭᠠᠯᠠᠬᠤ ᠶᠢ | ᠤᠷᠢᠶᠠᠯᠠᠨ ᠲᠠᠶᠢᠴᠢᠯᠠᠵᠤ᠂ ᠪᠤᠬᠢᠷᠳᠤᠯ ᠦᠬᠡᠢ ᠪᠤᠯᠪᠠᠰᠤᠨ ᠢ ᠪᠠᠳᠠᠷᠠᠭᠤᠯᠵᠤ᠂ ᠬᠤᠳᠠ ᠶᠢᠨ ᠨᠤᠭᠤᠭᠠᠷᠠᠭᠤᠯᠤᠯᠳᠠ ᠳᠤ | ᠤᠷᠤᠯᠴᠠᠬᠤ ᠬᠠᠷᠢᠭᠤᠴᠠᠯᠭᠠᠳᠤ ᠤᠬᠠᠮᠰᠠᠷ ᠢ ᠴᠢᠩᠭᠠᠷᠠᠭᠤᠯᠵᠤ᠂ ᠪᠦᠬᠦ ᠠᠷᠠᠳ ᠢᠶᠠᠷ ᠢᠶᠠᠨ ᠨᠤᠭᠤᠭᠠᠷᠠᠭᠤᠯᠵᠤ᠂ | ᠨᠤᠭᠤᠭᠠᠷᠠᠭᠤᠯᠤᠯᠳᠠ ᠵᠢᠬᠠᠮᠠᠭᠠᠯᠠᠵᠤ ᠨᠤᠭᠤᠭᠠᠷᠠᠭᠤᠯᠤᠯᠳᠠ ᠶᠢ ᠬᠠᠶᠢᠷᠠᠯᠠᠬᠰᠠᠨ ᠰᠠᠶᠢᠨ ᠰᠠᠶᠢᠬᠠᠨ ᠠᠭᠤᠷ ᠠᠮᠢᠰᠬᠤᠯ ᠢ | ᠬᠠᠮᠳᠤ ᠪᠠᠷ ᠪᠤᠢ ᠪᠤᠯᠭᠠᠨ᠎ᠠ᠃ | | | | | |