ᠨᠠᠶᠢᠷᠠᠮᠳᠠᠯ ᠦᠨᠳᠦᠰᠦᠳᠡᠨ ᠤ ᠬᠡᠦᠬᠡᠳ ᠤᠨ ᠴᠡᠴᠡᠷᠯᠢᠭ
ᠨᠡᠶᠢᠲᠡᠯᠡᠭᠰᠡᠨ ᠴᠠᠭ᠄
2019/1/21
      ᠨᠠᠶᠢᠷᠠᠮᠳᠠᠯ ᠦᠨᠳᠦᠰᠦᠳᠡᠨ ᠤ ᠬᠡᠦᠬᠡᠳ ᠤᠨ ᠴᠡᠴᠡᠷᠯᠢᠭ ᠲᠤ ᠠᠯᠬᠤᠨ ᠤᠷᠤᠪᠠᠯ᠂ ᠦᠩᠬᠡ ᠪᠤᠳᠤᠭ ᠨᠢ ᠢᠯᠭᠠᠷᠠᠬᠰᠠᠨ ᠵᠢᠭᠠᠨ ᠰᠤᠷᠭᠠᠯᠳᠠ ᠶᠢᠨ ᠠᠰᠠᠷ᠂ ᠬᠡᠦᠬᠡᠳ ᠤᠳ ᠤᠨ ᠲᠤᠷ᠎ᠠ ᠪᠠᠬ᠎ᠠ ᠶᠢ ᠲᠠᠳᠠᠬᠰᠠᠨ ᠬᠡᠬᠡᠷᠡᠯᠡᠨ ᠪᠠᠶᠢᠯᠳᠤᠬᠤ ᠲᠤᠭᠤᠷᠢᠭ᠂ ᠦᠪᠡᠷᠮᠢᠴᠡ ᠪᠤᠳᠠᠭᠠᠯᠢ ᠰᠢᠨᠵᠢ ᠲᠠᠢ ᠠᠮᠢ ᠠᠬᠤᠢ ᠶᠢᠨ ᠬᠦᠷᠢᠶᠠᠯᠠᠩ᠂ ᠪᠠᠶ᠎ᠠ ᠪᠠᠨ ᠲᠠᠭᠠᠭᠠᠵᠤ ᠲᠤᠬᠯᠠᠬᠤ ᠬᠦᠳᠡᠯᠬᠡᠬᠡᠨ ᠤ ᠲᠠᠯᠠᠪᠤᠷ ᠁ ᠭᠠᠵᠠᠷ ᠪᠤᠯᠭᠠᠨ ᠳᠤ ᠨᠠᠶᠢᠷᠠᠮᠳᠠᠯ ᠦᠨᠳᠦᠰᠦᠳᠡᠨ ᠤ ᠬᠡᠦᠬᠡᠳ ᠤᠨ ᠴᠡᠴᠡᠷᠯᠢᠭ ᠤᠨ ᠬᠡᠦᠬᠡᠳ ᠢᠶᠠᠷ ᠦᠨᠳᠦᠰᠦ ᠪᠤᠯᠭᠠᠬᠤ᠂ ᠠᠯᠢᠪᠠ ᠪᠦᠬᠦᠨ ᠬᠡᠦᠬᠡᠳ ᠤᠨ ᠲᠠᠯ᠎ᠠ ᠠᠴᠠ ᠡᠬᠦᠰᠴᠤ᠂ ᠠᠯᠢᠪᠠ ᠪᠦᠬᠦᠨ ᠬᠡᠦᠬᠡᠳ ᠤᠨ ᠪᠠᠶ᠎ᠠ ᠪᠠᠨ ᠲᠠᠭᠠᠭᠠᠵᠤ ᠲᠤᠬᠯᠠᠬᠤ ᠶᠢᠨ ᠲᠦᠯᠦᠬᠡ ᠨᠠᠷᠢᠨ ᠨᠢᠮᠪᠠᠢ ᠲᠤᠬᠢᠷᠠᠭᠤᠯᠤᠬᠰᠠᠨ ᠬᠡᠳᠡᠭ ᠢ ᠢᠯᠡᠷᠡᠬᠦᠯᠦᠨ᠎ᠠ᠃      ᠨᠠᠶᠢᠷᠠᠮᠳᠠᠯ ᠦᠨᠳᠦᠰᠦᠳᠡᠨ ᠤ ᠬᠡᠦᠬᠡᠳ ᠤᠨ ᠴᠡᠴᠡᠷᠯᠢᠭ ᠨᠢ ᠬᠦᠨᠳᠡᠯᠡᠨ ᠲᠤᠭᠤᠷᠢᠭ ᠤᠨ ᠪᠠᠶᠠᠨ ᠤᠪᠤᠭ᠎ᠠ ᠵᠠᠮ ᠤᠨ ᠡᠮᠦᠨ᠎ᠡ ᠦᠵᠦᠬᠦᠷ ᠤᠨ ᠸᠠᠨ ᠡᠾᠧ ᠴᠸᠡᠭ ᠬᠤᠷᠢᠶᠠᠯᠠᠯ ᠶᠢᠨ ᠲᠤᠳᠤᠷ᠎ᠠ ᠪᠠᠶᠢᠷᠢᠯᠠᠵᠤ᠂ ᠬᠦᠨᠳᠡᠯᠡᠨ ᠲᠤᠭᠤᠷᠢᠭ ᠤᠨ ᠡᠮᠦᠨ᠎ᠡ ᠬᠡᠰᠡᠭ ᠲᠠᠬᠢ ᠠᠯᠪᠠᠨ ᠠᠴᠠ ᠡᠷᠬᠢᠯᠡᠭᠰᠡᠨ ᠦᠨᠳᠦᠰᠦᠳᠡᠨ ᠤ ᠬᠡᠦᠬᠡᠳ ᠤᠨ ᠴᠡᠴᠡᠷᠯᠢᠭ ᠪᠠᠶᠢᠵᠤ᠂ ᠡᠵᠡᠯᠡᠬᠦ ᠶᠡᠷᠦᠩᠬᠡᠢ ᠲᠠᠯᠠᠪᠠᠢ 3778 ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 3140 ᠲᠡᠭᠰᠢ ᠲᠦᠷᠪᠡᠯᠵᠢᠨ ᠮᠧᠲᠷ ᠪᠠᠶᠢᠵᠤ᠂ 9 ᠵᠢᠭᠠᠨ ᠰᠤᠷᠭᠠᠯᠳᠠ ᠶᠢᠨ ᠠᠩᠬᠢ ᠲᠠᠢ᠂ 300 ᠤᠷᠴᠢᠮ ᠬᠡᠦᠬᠡᠳ ᠢ ᠪᠠᠭᠳᠠᠭᠠᠵᠤ ᠲᠠᠶᠢᠯᠦᠨ᠎ᠠ᠂ ᠰᠢᠨᠵᠢᠯᠡᠬᠦ ᠤᠬᠠᠭᠠᠨᠴᠢ ᠡᠷᠡᠬᠦᠯ ᠴᠢᠬᠢᠷᠠᠭ ᠢᠶᠠᠷ ᠬᠡᠦᠬᠡᠳ ᠢ ᠪᠤᠶᠢᠵᠢᠭᠤᠯᠬᠤ ᠲᠠᠯ᠎ᠠ ᠪᠠᠷ ᠡᠬᠢᠯᠡᠯᠳᠡ ᠶᠢᠨ ᠴᠡᠭ ᠨᠡᠯᠢᠶᠡᠳ ᠦᠨᠳᠦᠷ᠃ ᠤᠶᠤᠨ ᠤ ᠪᠠᠶᠢᠭᠤᠯᠤᠯᠳᠠ ᠶᠢᠨ ᠬᠡᠷ᠂ ᠦᠯᠢᠬᠡᠷ ᠤᠨ ᠬᠡᠷ᠂ ᠲᠦᠷᠢ ᠶᠢ ᠪᠡᠶᠡᠴᠢᠯᠠᠨ ᠤᠢᠢᠯᠠᠭᠠᠬᠤ ᠦᠷᠦᠬᠡ᠂ ᠵᠤᠭ᠎ᠠ ᠴᠠᠩᠬᠡᠯ ᠤᠨ ᠪᠠᠭᠠᠷ ᠂ ᠠᠮᠳᠠᠳᠤ ᠢᠳᠡᠬᠡᠨ ᠤ DIY᠂ ᠪᠦᠵᠢᠭ ᠤᠨ ᠲᠢᠩᠬᠢᠮ᠂ ᠤᠯᠠᠨ ᠴᠢᠳᠡᠪᠬᠢᠳᠤ ᠲᠢᠩᠬᠢᠮ᠂ ᠨᠠᠷᠠᠨ ᠬᠡᠷᠡᠯᠳᠤ ᠲᠤᠬᠯᠠᠭᠠᠮ ᠤᠨ ᠲᠠᠯᠠᠪᠤᠷ ᠵᠡᠷᠬᠡ ᠤᠯᠠᠨ ᠨᠠᠶᠢᠳᠡ ᠶᠢᠨ ᠬᠦᠳᠡᠯᠬᠡᠬᠡᠨ ᠤ ᠲᠠᠯᠠᠪᠤᠷ ᠲᠠᠢ᠂ ᠲᠤᠨᠤᠭ ᠲᠦᠬᠦᠬᠡᠷᠦᠮᠵᠢ ᠪᠦᠷᠢᠨ᠃ ᠰᠢᠨᠵᠢᠯᠡᠬᠦ ᠤᠬᠠᠭᠠᠭᠴᠢ ᠲᠤᠬᠢᠯᠢᠭ᠂ ᠤᠳᠤᠬᠢᠴᠢᠯᠠᠬᠰᠠᠨ ᠬᠤᠭᠤᠯᠠᠨ ᠬᠡᠷ ᠤᠨ ᠲᠤᠨᠤᠬᠯᠠᠯ ᠲᠠᠢ ᠪᠠᠶᠢᠵᠦ᠂ ᠬᠡᠦᠬᠡᠳ ᠤᠳ ᠤᠨ ᠡᠳᠦᠷ ᠤᠨ ᠭᠤᠷᠪᠠᠨ ᠡᠷᠡᠨ ᠤ ᠬᠤᠭᠤᠯᠠ ᠶᠢᠨ ᠰᠢᠮ᠎ᠠ ᠲᠡᠵᠢᠬᠡᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠶᠢ ᠪᠠᠳᠤᠯᠠᠪᠠ᠃ ᠡᠬᠦᠨ ᠤ ᠬᠠᠮᠳᠤ ᠡᠯ᠎ᠡ ᠠᠩᠬᠢ ᠨᠢ ᠬᠡᠦᠬᠡᠳ ᠨᠢᠬᠡᠪᠦᠷᠢ ᠳᠤ ᠲᠤᠬᠢᠷᠠᠬᠰᠠᠨ ᠬᠠᠯᠠᠭᠤᠨ ᠲᠤᠯᠠᠭᠠᠨ ᠠᠮᠢᠳᠦᠷᠠᠯ ᠤᠨ ᠤᠷᠴᠢᠨ ᠪᠡ ᠨᠠᠭᠠᠳᠴᠤ ᠲᠤᠬᠯᠠᠬᠤ ᠤᠷᠴᠢᠨ ᠢ ᠪᠤᠢ ᠪᠤᠯᠭᠠᠨ ᠦᠭᠴᠤ᠂ ᠬᠡᠦᠬᠡᠯᠳᠡᠢ ᠶᠢᠨ ᠬᠡᠷ᠂ ᠤᠶᠤᠨ ᠢ ᠨᠡᠬᠡᠬᠡᠬᠦ ᠲᠤᠭᠤᠷᠢᠭ᠂ ᠰᠢᠳᠢᠳᠤ ᠵᠦᠴᠦᠬᠡ ᠶᠢᠨ ᠲᠢᠶᠠᠲᠷ᠂ ᠨᠤᠮ ᠤᠩᠰᠢᠯᠭ᠎ᠠ ᠶᠢᠨ ᠲᠤᠭᠤᠷᠢᠭ᠂ ᠵᠤᠬᠢᠶᠠᠮᠠᠯ ᠲᠦᠬᠡᠷᠢᠯ ᠤᠨ ᠤᠷᠳᠤᠨ᠂ ᠠᠮᠢᠳᠦᠷᠠᠯ ᠤᠨ ᠲᠤᠭᠤᠷᠢᠭ ᠵᠡᠷᠬᠡ ᠶᠢ ᠵᠤᠬᠢᠶᠠᠵᠤ ᠲᠤᠬᠢᠷᠠᠭᠤᠯᠤᠬᠰᠠᠨ ᠪᠠᠶᠢᠨ᠎ᠠ᠃ ᠡᠳᠡᠬᠡᠷ ᠲᠤᠭᠤᠷᠢᠭ ᠨᠢᠬᠡᠪᠦᠷᠢ ᠶᠢ ᠬᠡᠦᠬᠡᠳ᠂ ᠪᠠᠭᠰᠢ ᠨᠠᠷ ᠬᠠᠮᠳᠤ ᠪᠠᠷ ᠨᠠᠷᠢᠨ ᠨᠢᠮᠪᠠᠢ ᠡᠬᠦᠳᠦᠨ ᠲᠦᠯᠦᠪᠯᠡᠵᠤ᠂  ᠡᠯ᠎ᠡ ᠳᠣᠭᠤᠷᠢᠭ ᠤᠨ ᠮᠠᠲ᠋ᠧᠷᠢᠶᠠᠯ ᠢ ᠤᠷᠤᠭᠤᠯᠬᠤ ᠠᠴᠠ ᠠᠪᠤᠭᠠᠳ ᠬᠦᠳᠡᠯᠬᠡᠬᠡᠨ ᠤ ᠲᠦᠷᠢᠮᠵᠢᠯ ᠢ ᠲᠤᠬᠳᠠᠭᠠᠬᠠᠤ ᠬᠦᠷᠳᠡᠯ᠎ᠡ  ᠴᠦᠮ ᠬᠡᠦᠬᠡᠳ ᠤᠳ ᠢ ᠣᠷᠣᠯᠴᠠᠭᠤᠯᠵᠣ᠂ ᠬᠡᠦᠬᠡᠳ ᠤᠳ ᠦᠪᠡᠷ ᠤᠨ ᠡᠬᠦᠳᠴᠤ ᠲᠦᠰᠦᠪᠯᠡᠭᠰᠡᠨ  ᠭᠠᠵᠠᠷ ᠲᠠᠭᠠᠨ ᠪᠠᠶᠠᠷ ᠬᠦᠷ ᠲᠠᠢ ᠲᠤᠬᠯᠠᠵᠤ᠂ ᠠᠮᠢᠳᠤᠷᠠᠵᠤ᠂ ᠬᠡᠦᠬᠡᠳ ᠤᠳ ᠤᠨ ᠪᠡᠶ᠎ᠠ ᠰᠡᠳᠬᠢᠴᠡ ᠡᠶ᠎ᠡ ᠵᠤᠬᠢᠴᠠᠯ ᠲᠠᠢ᠂ ᠡᠷᠡᠬᠦᠯ ᠢᠶᠠᠷ ᠬᠦᠭᠵᠢᠬᠦ ᠳᠤ ᠯᠠᠪᠳᠠᠭᠤᠨ ᠪᠠᠳᠤᠳᠠᠢ ᠰᠠᠭᠤᠷᠢ ᠶᠢ ᠲᠠᠯᠪᠢᠵᠤ ᠦᠭᠴᠠᠢ᠃ 2015 ᠤᠨ ᠳᠤ  ᠪᠤᠭᠤᠳᠤ ᠬᠤᠳᠠ ᠶᠢᠨ ᠬᠤᠳᠠ ᠶᠢᠨ ᠲᠡᠰ ᠤᠨ ᠵᠢᠱᠢᠶ᠎ᠠ ᠦᠵᠡᠬᠦᠯᠬᠦ ᠴᠡᠴᠡᠷᠯᠢᠭ ᠢᠶᠠᠷ  ᠥᠨᠡᠯᠡᠭᠳᠡᠵᠦ᠂ 2016 ᠤᠨ ᠳᠤ ᠦᠪᠡᠷᠳᠡᠬᠡᠨ ᠵᠠᠰᠠᠬᠤ ᠤᠷᠤᠨ ᠤ ᠲᠡᠰ ᠤᠨ ᠵᠢᠱᠢᠶ᠎ᠠ ᠦᠵᠡᠬᠦᠯᠬᠦ ᠴᠡᠴᠡᠷᠯᠢᠭ ᠪᠤᠯᠵᠤ ᠲᠡᠪᠰᠢᠵᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号