ᠪᠦᠯᠬᠦᠮᠳᠠᠯ ᠬᠡᠦᠬᠡᠳ ᠤᠨ ᠴᠡᠴᠡᠷᠯᠢᠭ
ᠨᠡᠶᠢᠲᠡᠯᠡᠭᠰᠡᠨ ᠴᠠᠭ᠄
2019/1/22
      ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠪᠦᠯᠬᠦᠮᠳᠡᠯ ᠬᠡᠦᠬᠡᠳ ᠤᠨ ᠴᠡᠴᠡᠷᠯᠢᠭ ᠪᠤᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠂ ᠬᠦᠨᠳᠡᠯᠡᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠪᠡᠯᠡ ᠤᠷᠤᠭᠤᠯᠤᠯᠳᠠ ᠪᠠᠷ ᠪᠦᠳᠦᠬᠡᠨ ᠪᠠᠶᠢᠭᠤᠯᠤᠬᠰᠠᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠᠶᠢᠵᠤ᠂ ᠬᠦᠨᠳᠡᠯᠡᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠳᠤ ᠬᠠᠷᠢᠶᠠᠯᠠᠬᠳᠠᠨ᠎ᠠ᠃ ᠡᠵᠡᠯᠡᠬᠦ ᠲᠠᠯᠠᠪᠠᠢ 5250 ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 4178 ᠲᠡᠭᠰᠢ ᠲᠦᠷᠪᠡᠯᠵᠢᠨ ᠮᠧᠲᠷ᠂ ᠤᠳᠤ 12 ᠵᠢᠭᠠᠨ ᠰᠤᠷᠭᠠᠯᠳᠠ ᠶᠢᠨ ᠠᠩᠬᠢ ᠲᠠᠢ᠂ 345 ᠬᠡᠦᠬᠡᠳ ᠲᠠᠢ᠃ ᠪᠦᠬᠦ ᠴᠡᠴᠡᠷᠯᠢᠭ 26 ᠪᠠᠭᠰᠢ ᠲᠠᠢ᠂ ᠡᠬᠦᠨ ᠳᠤ ᠴᠡᠴᠡᠷᠯᠢᠭ ᠤᠨ ᠲᠠᠷᠤᠭ᠎ᠠ 1︔ ᠴᠡᠴᠡᠷᠯᠢᠭ ᠤᠨ ᠲᠡᠳ᠋ ᠲᠠᠷᠤᠭ᠎ᠠ 2︔ ᠲᠤᠭᠤᠷᠢᠭ ᠤᠨ ᠤᠷᠢᠬᠰᠠᠨ ᠪᠠᠭᠰᠢ 23︔ ᠲᠡᠬᠡᠳᠦ ᠵᠡᠷᠬᠡ ᠶᠢᠨ ᠪᠠᠭᠰᠢ 1︔ ᠨᠢᠬᠡᠳᠦᠬᠡᠷ ᠲᠡᠰ ᠤᠨ ᠪᠠᠭᠰᠢ 2︔ ᠬᠤᠶᠠᠳᠤᠭᠠᠷ ᠲᠡᠰ ᠤᠨ ᠪᠠᠭᠰᠢ 13 ᠪᠤᠢ︔ ᠦᠪᠡᠷᠳᠡᠬᠡᠨ ᠵᠠᠰᠬᠠᠤ ᠤᠷᠤᠨ ᠤ ᠬᠠᠪᠰᠤᠷᠤᠨ ᠵᠢᠯᠤᠭᠤᠳᠤᠬᠴᠢ ᠶᠢᠨ ᠤᠷ᠎ᠠ ᠴᠢᠳᠡᠪᠦᠷᠢ ᠤᠷᠠᠨ ᠮᠡᠷᠬᠡᠵᠢᠯ ᠤᠨ ᠴᠢᠳᠡᠪᠦᠷᠢᠳᠡᠨ 1︔ ᠬᠦᠨᠳᠡᠯᠡᠨ ᠲᠤᠭᠤᠷᠢᠭ ᠤᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 1︔ ᠴᠡᠴᠡᠷᠯᠢᠭ ᠤᠨ ᠲᠠᠷᠤᠭ᠎ᠠ ᠪᠠ ᠴᠡᠴᠡᠷᠯᠢᠭ ᠤᠨ ᠲᠡᠳ᠋ ᠲᠠᠷᠤᠭ᠎ᠠ ᠨᠢ ᠴᠦᠮ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠳᠠᠷ ᠲᠠᠢ᠃ ᠪᠠᠭᠰᠢ ᠨᠡᠷ ᠤᠨ ᠲᠤᠳᠤᠷ᠎ᠠ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠲᠠᠢ ᠬᠦᠮᠦᠨ 21︔  ᠲᠡᠬᠡᠳᠤ ᠰᠤᠷᠭᠠᠭᠤᠯᠢ ᠶᠢᠨ ᠰᠤᠷᠤᠯᠭ᠎ᠠ ᠶᠢᠨ ᠨᠡᠮᠳᠡᠷ ᠲᠠᠢ ᠬᠦᠮᠦᠨ 2᠂ ᠬᠡᠦᠬᠡᠳ ᠤᠨ ᠰᠤᠷᠭᠠᠨ ᠬᠦᠮᠦᠵᠢᠯ ᠤᠨ ᠲᠤᠰᠬᠠᠢ ᠮᠡᠷᠬᠡᠵᠢᠯ ᠰᠤᠷᠤᠬᠰᠠᠨ ᠬᠦᠮᠦᠨ 15᠂ ᠪᠦᠵᠢᠭ ᠤᠨ ᠲᠤᠰᠬᠠᠢ ᠮᠡᠷᠬᠡᠵᠢᠯ ᠲᠠᠢ ᠪᠠᠭᠰᠢ 2᠂ ᠤᠷᠠᠨ ᠵᠢᠷᠤᠭ ᠤᠨ ᠲᠤᠰᠬᠠᠢ ᠮᠡᠷᠬᠡᠵᠢᠯ ᠲᠠᠢ ᠪᠠᠭᠰᠢ 1᠂ ᠲᠠᠭᠤᠤ ᠬᠦᠭᠵᠢᠮ ᠤᠨ ᠲᠤᠰᠬᠠᠢ ᠮᠡᠷᠬᠡᠵᠢᠯ ᠲᠠᠢ ᠪᠠᠭᠰᠢ 2᠂ ᠪᠠᠭᠰᠢ ᠨᠡᠷ ᠤᠨ ᠰᠤᠷᠤᠯᠭ᠎ᠠ ᠶᠢᠨ ᠨᠠᠮᠳᠠᠷ ᠤᠨ ᠬᠢᠷᠢ ᠲᠡᠩᠴᠡᠭᠰᠡᠨ ᠨᠤᠷᠮ᠎ᠠ 100% ᠪᠤᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号