ᠪᠤᠭᠤᠳᠤ ᠬᠤᠳᠠ ᠶᠢᠨ ᠨᠠᠶᠢᠷᠠᠮᠳᠠᠯ ᠲᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2019/1/23
    ᠪᠤᠭᠤᠳᠤ ᠬᠤᠳᠠ ᠶᠢᠨ ᠨᠠᠶᠢᠷᠠᠮᠳᠠᠯ ᠲᠤᠮᠳᠠᠳᠤ ᠰᠤᠷᠭᠠᠭᠤᠯᠢ ᠪᠤᠯ ᠪᠤᠭᠤᠳᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ 2008 ᠤᠨ ᠤ ᠠᠷᠠᠳ ᠤᠯᠠᠨ ᠳᠤ 20 ᠰᠠᠶᠢᠨ ᠶᠠᠪᠤᠳᠠᠯ ᠬᠢᠵᠤ ᠦᠭᠬᠦ ᠢᠨᠵᠧᠨᠧᠷᠢᠩ ᠤᠨ ᠨᠢᠬᠡ᠂ ᠮᠦᠨ ᠴᠤ ᠬᠦᠨᠳᠡᠯᠡᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠤ ︽ᠭᠤᠷᠪᠠᠨ ᠪᠦᠰᠡ ᠭᠤᠷᠪᠠᠨ ᠲᠤᠭᠤᠷᠢᠭ︾ ᠤᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢᠨ ᠭᠤᠤᠯᠳᠠᠯᠭ᠎ᠠ ᠲᠠᠢ ᠢᠨᠵᠧᠨᠧᠷᠢᠩ ᠪᠤᠯᠤᠨ᠎ᠠ᠃ ᠰᠤᠷᠭᠠᠭᠤᠯᠢ ᠨᠢ ᠬᠦᠨᠳᠡᠯᠡᠨ ᠲᠤᠭᠤᠷᠢᠭ ᠤᠨ ᠬᠠᠳᠤᠨ ᠭᠤᠤᠯ ᠵᠠᠮ ᠪᠤᠯᠤᠨ ᠹᠧᠩ ᠶᠢᠩ ᠵᠠᠮ ᠤᠨ ᠠᠭᠤᠯᠵᠠᠷ ᠲᠤ ᠪᠠᠶᠢᠷᠢᠯᠠᠵᠤ᠂ ᠡᠵᠡᠯᠡᠬᠦ ᠲᠠᠯᠠᠪᠠᠢ 2.13 ᠡᠾᠧᠺᠲ᠋ᠠᠷ᠂ ᠪᠠᠷᠢᠯᠭ᠎ᠠ ᠶᠢᠨ ᠲᠠᠯᠠᠪᠠᠢ 15478 ᠲᠡᠭᠰᠢ ᠲᠦᠷᠪᠡᠯᠵᠢᠨ  ᠮᠧᠲᠷ  ᠪᠠᠶᠢᠵᠤ᠂ ᠵᠢᠭᠠᠨ ᠰᠤᠷᠭᠠᠯᠳᠠ ᠶᠢᠨ ᠠᠰᠠᠷ᠂ ᠠᠯᠪᠠᠯᠠᠬᠤ ᠠᠰᠠᠷ᠂ ᠤᠯᠠᠨ ᠴᠢᠳᠡᠪᠬᠢᠳᠤ ᠮᠡᠳᠡᠬᠦᠯᠦᠯᠳᠡ ᠶᠢᠨ ᠲᠢᠩᠬᠢᠮ᠂ ᠪᠠᠶ᠎ᠠ  ᠲᠠᠮᠢᠷ ᠤᠨ ᠤᠷᠳᠤᠨ᠂ ᠰᠦᠯᠢᠶᠤᠤ ᠭᠤᠮ ᠤᠨ ᠲᠠᠮᠢᠷ ᠤᠨ ᠲᠠᠯᠠᠪᠤᠷ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠲᠦᠬᠦᠬᠡᠷᠦᠮᠵᠢ ᠪᠦᠷᠢᠨ᠃ ᠤᠳᠤ᠂ ᠠᠩᠬ᠎ᠠ ᠵᠡᠷᠬᠡ ᠶᠢᠨ ᠨᠢᠬᠡᠳᠦᠬᠡᠷ ᠤᠨ᠂ ᠠᠩᠬ᠎ᠠ ᠵᠡᠷᠬᠡ ᠶᠢᠨ ᠬᠤᠶᠠᠳᠤᠭᠠᠷ ᠤᠨ᠂ ᠠᠩᠬ᠎ᠠ ᠵᠡᠷᠬᠡ ᠶᠢᠨ ᠭᠤᠷᠪᠠᠳᠤᠭᠠᠷ ᠤᠨ ᠵᠡᠷᠭᠡ ᠨᠡᠶᠢᠳᠡ 20 ᠵᠢᠭᠠᠨ ᠰᠤᠷᠭᠠᠯᠳᠠ ᠶᠢᠨ ᠠᠩᠬᠢ ᠲᠠᠢ᠂ 912 ᠰᠤᠷᠤᠬᠴᠢ ᠲᠠᠢ᠃    ᠨᠠᠶᠢᠷᠠᠮᠳᠠᠯ ᠲᠤᠮᠳᠠᠳᠤ ᠰᠤᠷᠭᠠᠭᠤᠯᠢ ᠶᠢᠨ ᠪᠠᠭᠰᠢ ᠶᠢᠨ ᠡᠩᠨᠡᠭᠡ ᠬᠦᠴᠦᠷᠬᠡᠭ᠂ ᠤᠳᠤ ᠪᠠᠶᠢᠭ᠎ᠠ ᠪᠠᠭᠰᠢ 89 ᠪᠣᠢ᠃ ᠡᠬᠦᠨ ᠳᠤ ᠲᠤᠰᠬᠠᠢ ᠲᠤᠰᠢᠶᠠᠯ ᠲᠠᠢ ᠪᠠᠭᠰᠢ 83 ᠬᠦᠮᠦᠨ ᠪᠠᠶᠢᠵᠤ᠂ 93% ᠶᠢ ᠡᠵᠡᠯᠡᠨ᠎ᠡ᠃ ᠲᠤᠰᠬᠠᠢ ᠲᠤᠰᠢᠶᠠᠯ ᠲᠠᠢ ᠪᠠᠭᠰᠢ ᠶᠢᠨ ᠡᠩᠨᠡᠭᠡ ᠶᠢᠨ ᠲᠤᠳᠤᠷ᠎ᠠ᠂ ᠬᠢᠴᠢᠶᠠᠯ ᠰᠢᠨᠵᠢᠯᠡᠬᠡᠨ ᠤ ᠲᠠᠭᠠᠭᠤᠯᠤᠬᠴᠢ 9᠂ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 4 ᠬᠦᠮᠦᠨ᠂ ᠰᠡᠳᠬᠢᠴᠡ ᠶᠢᠨ ᠯᠠᠪᠯᠠᠯᠭ᠎ᠠ ᠶᠢᠨ ᠬᠢᠷᠢ ᠬᠡᠮ ᠤᠨ ᠦᠨᠡᠮᠯᠡᠯ ᠤᠯᠤᠬᠰᠠᠨ ᠬᠦᠮᠦᠨ 10 ᠪᠤᠢ᠃ ᠰᠤᠷᠭᠠᠭᠤᠯᠢ ᠶᠢᠨ ᠪᠠᠭᠰᠢ ᠨᠠᠷ ᠤᠨ ᠡᠷᠬᠢᠮ ᠲᠡᠬᠡᠳᠤ ᠶᠤᠰᠤ ᠮᠤᠷᠠᠯ ᠪᠤᠯᠤᠨ ᠦᠨᠳᠦᠷ ᠲᠦᠪᠰᠢᠨ ᠪᠦᠬᠦᠢ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠴᠢᠳᠡᠪᠦᠷᠢ ᠨᠢ ᠰᠤᠷᠭᠠᠭᠤᠯᠢ ᠶᠢᠨ ᠰᠤᠷᠭᠠᠨ ᠬᠦᠮᠦᠵᠢᠯ ᠪᠤᠯᠤᠨ ᠵᠢᠭᠠᠨ ᠰᠤᠷᠭᠠᠯᠳᠠ ᠶᠢᠨ ᠶᠠᠰᠤ ᠴᠢᠨᠡᠷ ᠢ ᠪᠠᠳᠤᠯᠠᠵᠤ᠂ ᠰᠤᠷᠤᠬᠴᠢᠳ ᠪᠤᠯᠤᠨ ᠬᠡᠷ ᠤᠨ ᠠᠬᠠᠮᠠᠳ ᠤᠨ  ᠰᠠᠶᠢᠨ ᠦᠨᠡᠯᠡᠯᠳᠡ  ᠶᠢ ᠨᠠᠶᠢᠳᠡᠮ  ᠤᠯᠵᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号