ᠪᠤᠭᠤᠳᠤ ᠬᠤᠳᠠ ᠶᠢᠨ ᠬᠤᠶᠠᠷ ᠤᠪᠤᠭ᠎ᠠ ᠲᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2019/1/28
      ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠬᠤᠶᠠᠷ ᠤᠪᠤᠭ᠎ᠠ ᠲᠤᠮᠳᠠᠳᠤ ᠰᠤᠷᠭᠠᠭᠤᠯᠢ ᠨᠢ 1965 ᠤᠨ ᠳᠤ ᠪᠠᠶᠢᠭᠤᠯᠤᠬᠳᠠᠵᠤ᠂ ᠦᠪᠦᠷ ᠮᠤᠩᠭᠤᠯ ᠤᠨ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠪᠧᠢ ᠬᠦᠸᠧ ᠶᠤᠤ ᠽᠢ ᠲᠤᠰᠬᠤᠨ ᠤ 110 ᠤᠯᠤᠰ ᠤᠨ ᠵᠠᠮ ᠤᠨ ᠬᠤᠶᠢᠳᠤ ᠲᠠᠯ᠎ᠠ ᠳᠤ ᠪᠠᠶᠢᠷᠢᠯᠠᠵᠤ᠂ ᠡᠵᠡᠯᠡᠬᠦ ᠲᠠᠯᠠᠪᠠᠢ 120 ᠭᠠᠷᠤᠢ ᠮᠦ᠂ ᠭᠠᠵᠠᠷ ᠵᠦᠢ ᠶᠢᠨ ᠪᠠᠶᠢᠷᠢᠯᠠᠯ ᠲᠠᠪᠠᠭᠤᠯᠢᠭ᠂ ᠵᠠᠮ ᠬᠠᠷᠢᠯᠴᠠᠭ᠎ᠠ ᠲᠦᠬᠦᠮ ᠪᠠᠶᠢᠳᠠᠭ᠃ ᠬᠤᠶᠠᠷ ᠤᠪᠤᠭ᠎ᠠ ᠲᠤᠮᠳᠠᠳᠤ ᠰᠤᠷᠭᠠᠭᠤᠯᠢ ᠪᠤᠯ ᠬᠦᠨᠳᠡᠯᠡᠨ ᠲᠤᠭᠤᠷᠢᠭ ᠤᠨ ᠴᠤᠷ ᠤᠨ ᠭᠠᠭᠴᠠ ᠡᠩ ᠤᠨ ᠠᠯᠪᠠᠨ ᠠᠴᠠ ᠡᠷᠬᠢᠯᠡᠭᠰᠡᠨ ᠪᠠᠶᠢᠷᠢ ᠳᠤ ᠰᠠᠭᠤᠬᠤ ᠲᠦᠷᠢᠮᠳᠤ ᠬᠦᠳᠡᠭᠡ ᠲᠤᠰᠬᠤᠨ ᠤ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠪᠤᠯᠤᠨ᠎ᠠ᠃ ᠰᠤᠷᠭᠠᠭᠤᠯᠢ ᠶᠢᠨ ᠶᠡᠷᠦᠩᠬᠡᠢ ᠲᠡᠯᠡᠪᠡᠢ 86280 ᠲᠡᠭᠰᠢ ᠲᠦᠷᠪᠡᠯᠵᠢᠨ ᠮᠧᠲᠷ᠂ ᠵᠢᠭᠠᠨ ᠰᠤᠷᠭᠠᠯᠳᠠ ᠶᠢᠨ ᠲᠤᠭᠤᠷᠢᠭ᠂ ᠲᠠᠮᠢᠷ ᠤᠨ ᠲᠤᠭᠤᠷᠢᠭ᠂ ᠠᠮᠠᠷᠠᠬᠤ ᠲᠤᠭᠤᠷᠢᠭ ᠤᠨ ᠲᠦᠯᠦᠪᠵᠢᠬᠦᠯᠬᠡ  ᠶᠢ ᠵᠤᠬᠢᠮᠵᠢᠲᠠᠢ ᠲᠥᠯᠥᠪᠵᠢᠭᠦᠯᠵᠦ᠂ ᠰᠤᠷᠭᠠᠭᠤᠯᠢ ᠶᠢᠨ ᠪᠠᠷᠢᠯᠭ᠎ᠠ ᠶᠢᠨ ᠲᠠᠯᠠᠪᠠᠢ 16188 ᠲᠡᠭᠰᠢ ᠲᠦᠷᠪᠡᠯᠵᠢᠨ  ᠮᠧᠲᠷ᠂ ᠤᠳᠤ 12 ᠵᠢᠭᠠᠨ ᠰᠤᠷᠭᠠᠯᠳᠠ ᠶᠢᠨ ᠠᠩᠬᠢ ᠲᠠᠢ᠂ ᠰᠤᠷᠭᠠᠭᠤᠯᠢ ᠳᠤ ᠪᠠᠶᠢᠭ᠎ᠠ ᠰᠤᠷᠤᠬᠴᠢ 371 ᠬᠦᠮᠦᠨ ᠪᠤᠢ᠃      ᠰᠤᠷᠭᠠᠭᠤᠯᠢ ᠶᠢᠨ ᠤᠳᠤ ᠪᠠᠶᠢᠭ᠎ᠠ 67 ᠪᠠᠭᠰᠢ ᠠᠵᠢᠯᠲᠠᠨ ᠳᠣᠮᠳᠠ ᠲᠡᠬᠡᠳᠤ ᠵᠡᠷᠬᠡ ᠶᠢᠨ ᠪᠠᠭᠰᠢ 17᠂ ᠨᠢᠬᠡᠳᠦᠬᠡᠷ ᠲᠡᠰ ᠤᠨ ᠪᠠᠭᠰᠢ 24 ᠬᠦᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ ᠪᠠᠭᠰᠢ 4 ᠪᠠᠶᠢᠵᠤ᠂ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠲᠠᠢ ᠪᠠᠭᠰᠢ 95% ᠶᠢ ᠡᠵᠡᠯᠡᠵᠤ᠂ ᠬᠢᠴᠢᠶᠠᠯ ᠤᠷᠤᠵᠤ ᠪᠠᠶᠢᠭ᠎ᠠ ᠪᠠᠭᠰᠢ ᠶᠢᠨ  ᠳᠤᠮᠳᠠᠢ ᠨᠠᠰᠤ 38 ᠪᠤᠯᠤᠨ᠎ᠠ᠃ ᠬᠤᠶᠠᠷ ᠤᠪᠤᠭ᠎ᠠ ᠲᠤᠮᠳᠠᠳᠤ ᠰᠤᠷᠭᠠᠭᠤᠯᠢ ᠶᠢᠨ ᠪᠠᠭᠰᠢ ᠶᠢᠨ ᠡᠩᠨᠡᠭᠡ ᠬᠦᠴᠦᠷᠭᠡᠭ᠂ ᠪᠠᠭᠰᠢ ᠶᠢᠨ ᠡᠩᠨᠡᠭᠡ ᠶᠢᠨ ᠰᠤᠷᠤᠯᠭ᠎ᠠ ᠶᠢᠨ ᠨᠡᠮᠳᠡᠷ ᠦᠨᠳᠦᠷ᠂ ᠲᠤᠬᠠᠢᠢᠯᠠᠬᠰᠠᠨ ᠠᠵᠢᠯ ᠤᠨ ᠬᠡᠪ ᠪᠤᠯᠪᠠᠰᠤᠷᠠᠯ ᠴᠢᠩᠭ᠎ᠠ᠂ ᠪᠠᠭᠰᠢ ᠶᠢᠨ ᠶᠤᠰᠤ ᠮᠤᠷᠠᠯ ᠡᠷᠬᠢᠮ ᠲᠡᠬᠡᠳᠤ᠂ ᠪᠦᠳᠦᠴᠡ ᠵᠦᠢ ᠵᠤᠬᠢᠰᠳᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号