ᠪᠤᠭᠤᠳᠤ ᠬᠤᠳᠠ ᠶᠢᠨ ᠲᠦᠴᠢᠨ ᠭᠤᠷᠪᠠᠳᠤᠭᠠᠷ ᠲᠤᠮᠳᠠᠳᠤ ᠰᠤᠷᠭᠠᠭᠤᠯᠢ ᠪᠤᠯ ᠪᠦᠬᠦᠯᠢ ᠡᠳᠦᠷ ᠤᠨ ᠲᠦᠷᠢᠮᠳᠤ | ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠪᠤᠯᠤᠨ᠎ᠠ᠃ ᠬᠦᠨᠳᠡᠯᠡᠨ ᠲᠤᠭᠤᠷᠢᠭ ᠤᠨ ᠵᠡᠬᠦᠨ ᠬᠤᠶᠢᠳᠤ ᠪᠠᠶ᠎ᠠ ᠶᠢᠨ ᠨᠠᠷᠠᠰᠤ | ᠬᠤᠷᠢᠶᠠᠯᠠᠯ ᠳᠤ ᠪᠠᠶᠢᠷᠢᠯᠠᠵᠤ᠂ 1987 ᠤᠨ ᠳᠤ ᠪᠠᠶᠢᠭᠤᠯᠤᠬᠳᠠᠵᠠᠢ᠃ ᠰᠤᠷᠭᠠᠭᠤᠯᠢ ᠶᠢᠨ ᠡᠵᠡᠯᠡᠬᠦ ᠲᠠᠯᠠᠪᠠᠢ 21885 | ᠲᠡᠭᠰᠢ ᠲᠦᠷᠪᠡᠯᠵᠢᠨ ᠮᠧᠲᠷ ᠪᠠᠶᠢᠵᠤ᠂ ᠰᠤᠷᠭᠠᠭᠤᠯᠢ ᠶᠢᠨ ᠪᠠᠶᠢᠷᠢ ᠶᠢᠨ ᠲᠠᠯᠠᠪᠠᠢ 7343 ᠲᠡᠭᠰᠢ ᠲᠦᠷᠪᠡᠯᠵᠢᠨ ᠮᠧᠲᠷ᠂ | ᠤᠳᠤ 18 ᠵᠢᠭᠠᠨ ᠰᠤᠷᠭᠠᠯᠳᠠ ᠶᠢᠨ ᠠᠩᠬᠢ ᠲᠠᠢ᠂ ᠰᠤᠷᠭᠠᠭᠤᠯᠢ ᠳᠤ ᠪᠠᠶᠢᠭ᠎ᠠ ᠰᠤᠷᠤᠬᠴᠢ 500 ᠭᠠᠷᠤᠢ ᠬᠦᠮᠦᠨ᠂ | ᠲᠤᠰᠬᠠᠢ ᠲᠤᠰᠢᠶᠠᠯ ᠲᠠᠢ ᠪᠠᠭᠰᠢ 80 ᠬᠦᠮᠦᠨ ᠪᠤᠢ᠃ ᠪᠤᠭᠤᠳᠤ ᠬᠤᠳᠠ ᠶᠢᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ | 5 ᠬᠦᠮᠦᠨ᠂ ᠪᠤᠭᠤᠳᠤ ᠬᠤᠳᠠ ᠶᠢᠨ ᠵᠢᠭᠠᠨ ᠰᠤᠷᠭᠠᠯᠳᠠ ᠶᠢᠨ ᠴᠢᠳᠡᠪᠦᠷᠢᠳᠡᠨ 6 ᠬᠦᠮᠦᠨ᠂ ᠭᠤᠤᠯᠯᠠᠬᠴᠢ ᠪᠠᠭᠰᠢ 50 | ᠭᠠᠷᠤᠢ ᠬᠦᠮᠦᠨ᠂ ᠬᠦᠨᠳᠡᠯᠡᠨ ᠲᠤᠭᠤᠷᠢᠭ ᠤᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 13᠂ ᠬᠦᠨᠳᠡᠯᠡᠨ | ᠲᠤᠭᠤᠷᠢᠭ ᠤᠨ ᠵᠢᠭᠠᠨ ᠰᠤᠷᠭᠠᠯᠳᠠ ᠶᠢᠨ ᠴᠢᠳᠡᠪᠦᠷᠢᠳᠡᠨ 15 ᠬᠦᠮᠦᠨ᠂ ᠬᠦᠨᠳᠡᠯᠡᠨ ᠲᠤᠭᠤᠷᠢᠭ ᠤᠨ ᠠᠩᠬᠢ ᠶᠢᠨ | ᠡᠷᠬᠢᠯᠡᠭᠴᠢ ᠶᠢᠨ ᠲᠠᠭᠠᠭᠤᠯᠤᠬᠴᠢ 1 ᠬᠦᠮᠦᠨ ᠪᠤᠢ᠃ | ᠰᠤᠷᠭᠠᠭᠤᠯᠢ ᠶᠢᠨ ᠲᠤᠰᠬᠠᠢ ᠬᠡᠷᠡᠭᠯᠡᠬᠦ ᠠᠩᠬᠢ ᠪᠤᠯᠭᠠᠨ ᠳᠤ ᠨᠡᠪᠳᠡᠷᠡᠬᠦ ᠤᠯᠠᠨ ᠵᠠᠭᠤᠴᠢᠳᠤ ᠬᠢᠴᠢᠶᠡᠯ ᠤᠨ ᠬᠡᠷ | 18᠂ ᠺᠤᠮᠫᠢᠦ᠋ᠲ᠋ᠧᠷ ᠤᠨ ᠬᠡᠷ 3᠂ ᠹᠢᠽᠢᠺ ᠤᠨ ᠲᠤᠷᠰᠢᠯᠳᠠ ᠶᠢᠨ ᠬᠡᠷ᠂ ᠬᠢᠮᠢ ᠶᠢᠨ ᠲᠤᠷᠰᠢᠯᠳᠠ ᠶᠢᠨ ᠬᠡᠷ ᠲᠤᠰ ᠲᠤᠰ 2 | ᠂ ᠠᠮᠢᠳᠤ ᠪᠤᠳᠠᠰ ᠤᠨ ᠲᠤᠷᠰᠢᠯᠳᠠ ᠶᠢᠨ ᠬᠡᠷ 1᠂ ᠨᠤᠮ ᠤᠨ ᠰᠠᠩ᠂ ᠤᠩᠰᠢᠯᠭ᠎ᠠ ᠶᠢᠨ ᠬᠡᠷ ᠲᠤᠰ ᠲᠤᠰ 1᠂ ᠲᠠᠭᠤᠤ | ᠬᠦᠭᠵᠢᠮ ᠤᠨ ᠬᠡᠷ᠂ ᠤᠷᠠᠨ ᠪᠢᠴᠢᠯᠬᠡ ᠶᠢᠨ ᠬᠡᠷ᠂ ᠤᠷᠠᠨ ᠵᠢᠷᠤᠭ ᠤᠨ ᠬᠡᠷ᠂ ᠰᠡᠳᠬᠢᠴᠡ ᠶᠢᠨ ᠠᠵᠢᠯᠯᠠᠭᠠᠨ ᠤ ᠬᠡᠷ᠂ | ᠪᠦᠯᠬᠦᠮ ᠵᠢᠴᠢ ᠰᠢᠨᠵᠢᠯᠡᠬᠦ ᠤᠬᠠᠭᠠᠨ ᠮᠡᠷᠬᠡᠵᠢᠯ ᠤᠨ ᠠᠵᠢᠯᠯᠠᠭᠠᠨ ᠤ ᠬᠡᠷ᠂ ᠶᠡᠷᠦᠩᠬᠡᠶᠢᠯᠡᠭᠰᠡᠨ ᠬᠢᠴᠢᠶᠡᠯ ᠤᠨ ᠠᠵᠢᠯᠯᠠᠭᠠᠨ ᠤ | ᠬᠡᠷ ᠵᠡᠷᠬᠡ ᠶᠢ ᠪᠠᠶᠢᠭᠤᠯᠵᠤ᠂ 300 ᠮᠧᠲᠷ ᠤᠨ ᠬᠦᠶᠦᠯᠳᠡ ᠶᠢᠨ ᠵᠠᠮ ᠲᠠᠢ ᠬᠤᠪᠠᠨᠴᠢᠷ ᠵᠢᠮ ᠪᠦᠬᠦᠢ ᠤᠨ ᠲᠠᠮᠢᠷ ᠤᠨ | ᠲᠠᠯᠠᠪᠤᠷ ᠲᠠᠢ᠃ | | | |