2018 ᠤᠨ ᠳᠤ ᠬᠦᠨᠳᠡᠯᠡᠨ ᠲᠤᠭᠤᠷᠢᠭ ᠤᠨ ᠠᠵᠤ ᠠᠬᠤᠢ ᠶᠢᠨ ᠡᠷᠬᠢᠯᠳᠠ ᠲᠤᠬᠳᠠᠭᠤᠨ ᠤ ᠲᠤᠮᠳᠠ ᠲᠦᠷᠬᠡᠨ ᠬᠦᠭᠵᠢᠬᠦ ᠬᠠᠨᠳᠤᠰᠢ ᠲᠠᠢ ᠪᠤᠯᠪᠠ
ᠨᠡᠶᠢᠲᠡᠯᠡᠭᠰᠡᠨ ᠴᠠᠭ᠄
2019/1/29
       2018 ᠤᠨ ᠳᠤ᠂ ᠬᠦᠨᠳᠡᠯᠡᠨ ᠲᠤᠭᠤᠷᠢᠭ ᠤᠨ ᠠᠵᠤ ᠠᠬᠤᠢ ᠶᠢᠨ ᠡᠷᠬᠢᠯᠳᠡ ᠲᠤᠬᠳᠠᠭᠤᠨ ᠢ ᠪᠠᠳᠤᠯᠠᠵᠤ ᠂ ᠶᠡᠷᠦᠩᠬᠡᠢ  ᠪᠠᠶᠡᠯᠡᠬᠦᠯᠦᠭᠰᠡᠨ ᠪᠠᠶᠢᠳᠠᠯ ᠵᠢᠱᠢᠭᠰᠡᠨ ᠠᠴᠠ ᠰᠠᠶᠢᠨ ᠪᠠᠶᠢᠵᠤ᠂ ᠪᠦᠬᠦ ᠵᠢᠯ ᠳᠤ ᠠᠵᠤ ᠠᠬᠤᠢ ᠶᠢᠨ ᠨᠡᠮᠡᠭᠳᠡᠯ ᠳᠤ ᠠᠭᠠᠵᠢᠮ ᠢᠶᠠᠷ ᠲᠦᠷᠬᠡᠨ ᠬᠦᠭᠵᠢᠬᠦ ᠬᠠᠨᠳᠤᠰᠢ ᠢᠯᠡᠷᠡᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠦᠷᠬᠡᠨ ᠨᠡᠮᠡᠭᠳᠡᠵᠤ᠂ ᠬᠡᠷᠡᠭᠯᠡᠬᠡᠨ ᠤ ᠬᠦᠷᠢᠶ᠎ᠠ ᠬᠡᠪᠴᠢᠶᠠᠨ ᠤ ᠨᠡᠮᠡᠭᠳᠡᠯ ᠤᠨ ᠬᠠᠨᠳᠦᠰᠢ ᠲᠤᠬᠳᠠᠭᠤᠨ ᠪᠠᠶᠢᠵᠤ᠂ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠡ ᠢᠯᠡᠳᠳᠡ ᠲᠡᠬᠡᠭᠰᠢᠯᠡᠵᠤ᠂ ᠰᠠᠭᠤᠭᠠᠯᠢ ᠠᠷᠠᠳ ᠤᠨ ᠤᠷᠤᠯᠭ᠎ᠠ ᠲᠤᠭᠳᠠᠭᠤᠨ ᠢᠶᠠᠷ ᠨᠡᠮᠡᠭᠳᠡᠵᠡᠢ᠃       2018 ᠤᠨ ᠳᠤ᠂ ᠪᠦᠬᠦ ᠲᠤᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ︵GDP︶ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.2 ᠬᠤᠪᠢ ᠲᠦᠷᠬᠡᠰᠴᠤ᠂ ᠨᠢᠬᠡᠳᠦᠬᠡᠷ ᠠᠵᠤ ᠦᠢᠯᠡᠰ ᠤᠨ ᠨᠡᠮᠡᠭᠳᠡᠯ ᠤᠨ ᠦᠷᠳᠡᠭ ᠲᠡᠭᠡᠷ᠎ᠡ ᠵᠢᠯ ᠤᠨ ᠬᠢ ᠠᠴᠠ ᠪᠠᠨ 3.8% ᠪᠠᠷ ᠨᠡᠮᠡᠭᠳᠡᠵᠤ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠲᠡᠭᠡᠷ᠎ᠡ ᠵᠢᠯ ᠤᠨ ᠬᠢ ᠠᠴᠠ ᠪᠠᠨ 10.7% ᠪᠠᠷ ᠨᠡᠮᠡᠭᠳᠡᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠲᠡᠭᠡᠷ᠎ᠡ ᠵᠢᠯ ᠤᠨ ᠬᠢ ᠠᠴᠠ ᠪᠠᠨ 5.8% ᠪᠠᠷ ᠨᠡᠮᠡᠭᠳᠡᠵᠤ᠂ ᠨᠢᠬᠡ ᠬᠤᠶᠠᠷ ᠭᠤᠷᠪᠠᠳᠤᠭᠠᠷ ᠠᠵᠤ ᠦᠢᠯᠡᠰ ᠤᠨ ᠬᠠᠷᠢᠴᠠᠯ 0.32᠄ 34.37᠄ 65.31 ᠪᠤᠯᠵᠠᠢ᠃ ᠪᠦᠬᠦ ᠲᠤᠭᠤᠷᠢᠭ ᠤᠨ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠡᠬᠡᠷ᠎ᠠ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠵᠤ᠂ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ ᠪᠠᠨ 9.5% ᠪᠠᠷ ᠨᠡᠮᠡᠭᠳᠡᠵᠤ᠂ ᠨᠡᠶᠢᠬᠡᠮ ᠤᠨ ᠬᠡᠷᠡᠭᠯᠡᠬᠡᠨ ᠤ ᠲᠡᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠠ 508.4 ᠳ᠋ᠦᠩᠰᠢᠭᠤᠷ ᠲᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠡᠢ︔ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠡᠭᠰᠢᠳᠭᠡᠭᠰᠡᠨ ᠡᠵᠡᠮᠳᠡᠵᠤ ᠪᠤᠯᠬᠤ ᠤᠷᠤᠯᠭ᠎ᠠ 50662 ᠲᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 7.0% ᠪᠠᠷ ᠨᠡᠮᠡᠭᠳᠡᠵᠡᠢ᠃ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠨᠠᠶᠢᠳᠠ 22.20 ᠳ᠋ᠦᠩᠰᠢᠭᠤᠷ ᠲᠦᠬᠦᠷᠢᠭ ᠲᠤ ᠬᠦᠷᠴᠦ᠂ ᠲᠡᠭᠡᠷ᠎ᠡ ᠵᠢᠯ ᠤᠨ ᠬᠢ ᠠᠴᠠ 16.7% ᠪᠠᠷ ᠨᠡᠮᠡᠭᠳᠡᠵᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号