2019 ᠣᠨ ᠤ ᠲᠦᠷᠦᠬᠦᠦ ᠤᠯᠠᠷᠢᠯ ᠳᠤ ᠬᠦᠨᠳᠡᠯᠡᠨ ᠲᠣᠭᠤᠷᠢᠭ ᠤᠨ ᠠᠵᠤ ᠠᠬᠤᠢ ᠶᠢᠨ ᠡᠷᠭᠢᠯᠲᠡ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2019/10/10
         ᠲᠦᠷᠦᠬᠦᠦ ᠤᠯᠠᠷᠢᠯ ᠳᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠦᠳᠡᠯᠡᠨ ᠲᠣᠭᠤᠷᠢᠭ ᠲᠣᠭᠲᠠᠭᠤᠨ ᠤ ᠳᠤᠮᠳᠠ ᠠᠬᠢᠯᠳᠠ ᠲᠠᠢ ᠪᠠᠶᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠡᠷᠭᠢᠯᠲᠡ ᠰᠠᠶᠢᠨ ᠡᠬᠢᠯᠡᠯᠲᠡ ᠲᠠᠢ ᠪᠣᠯᠪᠠ᠃          ᠲᠦᠷᠦᠬᠦᠦ ᠤᠯᠠᠷᠢᠯ ᠳᠤ᠂ GDP ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 2.4 ᠬᠤᠪᠢ ᠥᠨᠳᠥᠷ ᠪᠣᠯᠵᠠᠶ᠂ ᠡᠭᠦᠨ ᠳᠤ᠂ ᠬᠤᠶᠠᠳᠤᠭᠠᠷ ᠠᠵᠤ ᠦᠢᠯᠡᠰ 7.9% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ 7.5% ᠪᠠᠷ ᠨᠡᠮᠡᠭᠳᠡᠵᠦ᠂ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢᠨ ᠬᠠᠷᠢᠴᠠᠯ 0.09᠄ 32.90᠄ 67.01 ᠪᠣᠯᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠤᠢᠢᠯᠡᠳᠪᠦᠷᠢ ᠶᠢᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ ᠥᠨᠳᠥᠷ ᠪᠣᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.0% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 35.4 ᠬᠤᠪᠢ ᠥᠨᠳᠥᠷ ᠪᠣᠯᠪᠠ︔ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ 116.69 ᠳ᠋ᠦᠩᠰᠢᠭᠤᠷ ᠲᠥᠭᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠲᠡᠭᠰᠢᠳᠭᠡᠭᠰᠡᠨ ᠲᠦᠪᠰᠢᠨ ᠠᠴᠠ ᠵᠠᠭᠤᠨ ᠤ ᠬᠠᠷᠢᠴᠠᠯ ᠢᠶᠠᠷ 0.1 ᠬᠤᠪᠢ ᠥᠨᠳᠥᠷ ᠪᠣᠯᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 7.24 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 46.9% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14388 ᠲᠥᠭᠦᠷᠢᠭ ᠲᠤ ᠬᠦᠷᠴᠤ᠂ ᠬᠠᠷᠢᠴᠠᠯᠠᠰᠢᠭᠦᠶ ᠬᠡᠮᠵᠢᠶ᠎ᠡ ᠪᠦᠬᠦ ᠬᠤᠲᠠ ᠶᠢᠨ ᠲᠡᠭᠰᠢᠳᠭᠡᠭᠰᠡᠨ ᠲᠦᠪᠰᠢᠨ ᠠᠴᠠ 955 ᠲᠥᠭᠦᠷᠢᠭ ᠢᠯᠡᠬᠦᠦ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号