ᠸᠧ ᠳ᠋ᠤᠸᠧ ᠯᠢ ᠲᠤᠷᠢᠶ᠎ᠠ ᠬᠤᠳᠠᠯᠳᠤᠭᠠᠨ ᠤ ᠠᠰᠠᠷ ᠤᠨ ᠲᠦᠬᠦᠮ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2019/10/17
       2009 ᠤᠨ ᠤ ᠡᠬᠢ ᠪᠠᠷ᠂ ᠦᠪᠦᠷ ᠮᠤᠩᠭᠤᠯ ᠤᠨ ᠬᠤᠳᠠᠯᠳᠤᠭᠠᠨ ᠤ ᠦᠢᠯᠡᠰ ︵ᠪᠦᠯᠦᠭᠯᠡᠯ︶᠎ ᠤᠨ ᠬᠢᠵᠠᠭᠠᠷᠳᠤ ᠺᠤᠮᠫᠠᠨᠢ 6 ᠳ᠋ᠦᠩᠰᠢᠭᠤᠷ ᠲᠦᠬᠦᠷᠢᠭ ᠢᠶᠠᠷ ᠪᠤᠭᠤᠳᠤ ᠶᠢᠨ ᠳ᠋ᠦᠩ ᠹᠠᠩ ᠬᠤᠩ CBD᠎ ᠶᠢ ᠬᠤᠳᠠᠯᠳᠤᠨ ᠠᠪᠴᠤ᠂  ᠪᠦᠯᠦᠭᠯᠡᠯ ᠤᠨ ᠨᠢᠬᠡᠳᠦᠬᠡᠷ ᠭᠠᠳᠠᠷ ᠤᠷᠤᠨ ᠳᠠᠬᠢ ᠲᠡᠯᠬᠡᠬᠦᠷ — ᠪᠤᠭᠤᠳᠤ ᠶᠢᠨ  ᠬᠤᠳᠠᠯᠳᠤᠭᠠᠨ ᠤ ᠠᠰᠠᠷ ᠢ ᠪᠠᠶᠢᠭᠤᠯᠵᠠᠢ᠃ 2010 ᠤᠨ ᠤ 11 ᠰᠠᠷ᠎ᠠ ᠶᠢᠨ 18᠎ ᠤ ᠡᠳᠦᠷ᠂ ᠪᠤᠭᠤᠳᠤ ᠬᠤᠳᠠ ᠶᠢᠨ ᠬᠤᠳᠠᠯᠳᠤᠭᠠᠨ ᠤ ᠠᠰᠠᠷ ᠦᠪᠡᠳᠡᠭᠰᠢ ᠶᠡᠬᠡᠪᠡᠷ ᠡᠬᠦᠳᠡ ᠪᠠᠨ ᠨᠡᠬᠡᠬᠡᠵᠤ᠂ ᠪᠤᠭᠤᠳᠤ ᠶᠢᠨ ᠬᠤᠳᠠᠯᠳᠤᠭᠠᠨ ᠤ ᠦᠢᠯᠡᠰ ᠲᠤ ᠴᠣ᠋ ᠰᠢᠨ᠎ᠠ ᠵᠠᠬᠪᠤᠷ ᠢ ᠠᠪᠴᠢᠷᠠᠵᠤ᠂ ᠪᠤᠭᠤᠳᠤ ᠬᠤᠳᠠ ᠶᠢᠨ ᠪᠦᠷᠢᠨ ᠪᠠᠷᠠᠭᠠᠳᠤ ᠬᠤᠳᠠᠯᠳᠤᠭᠠᠨ ᠤ ᠲᠤᠭᠤᠷᠢᠭ ᠤᠨ ᠦᠷᠬᠡᠵᠢᠬᠦ ᠪᠠ ᠲᠡᠰ ᠲᠡᠪᠰᠢᠬᠦ ᠶᠢ ᠠᠬᠢᠭᠤᠯᠤᠬᠰᠠᠨ ᠪᠠᠶᠢᠨ᠎ᠠ᠃       ᠪᠤᠭᠤᠳᠤ ᠶᠢᠨ  ᠬᠤᠳᠠᠯᠳᠤᠭᠠᠨ ᠤ ᠠᠰᠠᠷ ᠡᠵᠡᠩᠨᠡᠯᠳᠡ ᠪᠠᠨ ᠡᠬᠢᠯᠡᠬᠦᠯᠦᠭᠰᠡᠨ ᠠᠩᠬᠠᠨ ᠤ ᠦᠶ᠎ᠠ ᠳᠤ᠂ ᠪᠠᠶᠢᠷᠢ ᠲᠤᠬᠳᠠᠭᠠᠯᠳᠠ ᠪᠠᠨ ᠰᠤᠳᠤᠨ ᠲᠠᠸᠠᠷ ᠴᠠᠭ ᠤᠨ ᠦᠩᠬᠡ ᠶᠢ ᠲᠠᠭᠠᠬᠰᠠᠨ ᠪᠦᠷᠢᠨ ᠪᠠᠷᠠᠭᠠᠳᠤ ᠲᠡᠯᠬᠡᠬᠦᠷ ᠢᠶᠠᠷ ᠲᠤᠬᠳᠠᠭᠠᠵᠤ᠂ 7.8 ᠲᠦᠮᠡᠨ ᠲᠡᠭᠰᠢ ᠲᠦᠷᠪᠡᠯᠵᠢᠨ ᠮᠧᠲᠷ ᠤᠨ ᠪᠠᠭᠳᠠᠭᠠᠮᠵᠢ ᠲᠠᠢ ᠪᠠᠶᠢᠵᠤ᠂ 300 ᠭᠠᠷᠤᠢ ᠲᠡᠷᠬᠡᠨ ᠵᠤᠬᠰᠤᠭᠠᠯ ᠲᠠᠢ᠂ ᠤᠯᠤᠰ ᠤᠨ ᠲᠤᠳᠤᠭᠠᠳᠤ ᠭᠠᠳᠠᠭᠠᠳᠤ ᠶᠢᠨ 500 ᠭᠠᠷᠤᠢ ᠰᠤᠳᠤᠨ ᠲᠠᠸᠠᠷ ᠪᠠᠶᠢᠵᠤ᠂ ᠲᠤᠬᠠᠢ ᠶᠢᠨ ᠦᠶ᠎ᠠ ᠳᠠᠬᠢ ᠪᠤᠭᠤᠳᠤ ᠬᠤᠳᠠ ᠶᠢᠨ ᠡᠵᠡᠩᠨᠡᠯᠳᠡ ᠶᠢᠨ ᠬᠡᠪᠴᠢᠶ᠎ᠠ᠂ ᠪᠠᠷᠠᠭ᠎ᠠ ᠬᠤᠳᠠᠯᠳᠤᠨ ᠠᠪᠬᠤ ᠤᠷᠴᠢᠨ᠂ ᠲᠦᠷᠦᠯ ᠲᠡᠮᠳᠡᠭ ᠤᠨ ᠪᠦᠳᠦᠴᠡ ᠪᠦᠬᠦ ᠲᠠᠯ᠎ᠠ ᠪᠠᠷ ᠲᠡᠷᠢᠬᠦᠨ ᠤ ᠬᠢ ᠪᠦᠷᠢᠨ ᠪᠠᠷᠠᠭᠠᠳᠤ ᠬᠤᠳᠠᠯᠳᠤᠭᠠᠨ ᠤ ᠲᠠᠯᠠᠪᠠᠢ ᠪᠤᠯᠤᠨ᠎ᠠ᠃ ᠬᠤᠳᠠᠯᠳᠤᠭᠠᠨ ᠤ ᠲᠠᠯᠠᠪᠠᠢ ᠨᠢ ᠪᠦᠷᠢᠨ ᠪᠠᠷᠠᠭ᠎ᠠ ᠪᠤᠯᠤᠨ ᠬᠠᠮ ᠲᠡᠯᠬᠡᠬᠦᠷ ᠬᠤᠶᠠᠷ ᠲᠤᠮᠤ ᠡᠵᠡᠩᠨᠡᠯᠳᠡ ᠶᠢᠨ ᠬᠡᠯᠪᠡᠷᠢ ᠪᠠᠷ ᠪᠦᠷᠢᠯᠳᠦᠵᠤ᠂ ᠬᠤᠳᠠᠯᠳᠤᠭᠠᠨ ᠤ ᠲᠡᠯᠡᠪᠡᠢ ᠲᠤᠳᠤᠷ᠎ᠠ᠂ 5 ᠲᠠᠸᠠᠷ ᠤᠨ ᠰᠠᠯᠠᠭ᠎ᠠ ᠮᠦᠴᠢᠷ ᠵᠢᠴᠢ 15 ᠡᠬᠦᠷᠬᠡ ᠲᠤᠰᠢᠶᠠᠯᠳᠤ ᠰᠠᠯᠠᠭ᠎ᠠ ᠮᠦᠴᠢᠷ ᠢ ᠲᠤᠬᠢᠷᠠᠭᠤᠯᠵᠤ᠂ 1500 ᠭᠠᠷᠤᠢ ᠠᠵᠢᠯ ᠤᠨ ᠪᠠᠶᠢᠷᠢ ᠬᠠᠩᠭᠠᠵᠤ᠂ ᠡᠬᠦᠳᠡ ᠪᠠᠨ ᠰᠡᠬᠦᠭᠰᠡᠨ ᠠᠴᠠ ᠨᠠᠭᠠᠰᠢ᠂ ᠪᠤᠭᠤᠳᠤ ᠬᠤᠳᠠ ᠶᠢᠨ ᠠᠵᠤ ᠠᠬᠤᠢ ᠶᠢᠨ ᠬᠦᠭᠵᠢᠯᠳᠠ ᠶᠢ ᠠᠬᠢᠭᠤᠯᠬᠤ ᠳᠤ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号