2018 ᠣᠨ ᠳᠤ ᠬᠦᠨᠳᠡᠯᠡᠨ ᠲᠤᠭᠤᠷᠢᠭ ᠤᠨ ᠪᠠᠶᠢᠩᠭᠤ ᠰᠠᠭᠤᠭ᠎ᠠ ᠬᠦᠮᠦᠨ ᠠᠮᠠ 79.61 ᠲᠦᠮᠡ ᠪᠣᠯᠵᠤ ᠨᠡᠮᠡᠭᠳᠡᠪᠡ
ᠨᠡᠶᠢᠲᠡᠯᠡᠭᠰᠡᠨ ᠴᠠᠭ᠄
2019/11/1
   ᠬᠦᠨᠳᠡᠯᠡᠨ ᠲᠤᠭᠤᠷᠢᠭ ᠤᠨ ᠬᠥᠮᠥᠨ ᠠᠮᠠ ᠶᠢᠨ ᠬᠤᠪᠢᠷᠠᠯᠲᠠ ᠶᠢᠨ ᠲᠤᠬᠠᠢ ᠥᠯᠢᠭᠡᠷ ᠠᠪᠴᠦ ᠪᠠᠶᠢᠴᠠᠭᠠᠭᠰᠠᠨ ᠶᠢᠨ ᠦᠷ᠎ᠠ ᠳ᠋ᠦᠩ ᠠᠴᠠ ᠦᠵᠡᠪᠡᠯ᠄ 2018 ᠣᠨ ᠳᠤ᠂ ᠬᠦᠨᠳᠡᠯᠡᠨ ᠲᠤᠭᠤᠷᠢᠭ ᠤᠨ ᠪᠠᠶᠢᠩᠭᠤ ᠰᠠᠭᠤᠭ᠎ᠠ ᠬᠦᠮᠦᠨ ᠠᠮᠠ 79.61 ᠲᠦᠮᠡᠨ ᠬᠥᠮᠥᠨ ᠪᠣᠯᠵᠤ᠂ ᠨᠢᠳᠤᠨᠤᠨ ᠤ ᠬᠢ ᠠᠴᠠ 0.29 ᠲᠦᠮᠡᠨ ᠬᠥᠮᠥᠨ ᠴᠡᠪᠡᠷ ᠨᠡᠮᠡᠭᠳᠡᠵᠦ᠂ ᠪᠥᠬᠦ ᠬᠤᠲᠠ ᠶᠢᠨ ᠬᠥᠮᠥᠨ ᠠᠮᠠ ᠶᠢᠨ 27.56% ᠶᠢ ᠡᠵᠡᠯᠡᠪᠠ᠃    ᠶᠡᠷᠦᠩᠬᠡᠢ ᠪᠦᠷᠢᠳᠬᠡᠯ ᠳᠤ᠂ ᠬᠤᠲᠠ ᠬᠥᠳᠡᠭᠡ ᠪᠠᠷ ᠬᠤᠪᠢᠶᠠᠪᠠᠯ᠂ ᠬᠤᠲᠠ ᠪᠠᠯᠭᠠᠰᠤᠨ ᠤ ᠬᠥᠮᠦᠨ ᠠᠮᠠ 77.63 ᠲᠦᠮᠡ ᠪᠠᠶᠢᠵᠤ᠂ ᠬᠤᠲᠠ ᠪᠠᠯᠭᠠᠰᠤᠵᠢᠯᠳᠠ ᠶᠢᠨ ᠨᠤᠷᠮ᠎ᠠ 97.51% ᠪᠣᠯᠤᠨ᠎ᠠ︔  ᠬᠦᠢᠰᠦ ᠶᠢᠨ ᠢᠯᠭᠠᠯ ᠢᠶᠠᠷ ᠬᠤᠪᠢᠶᠠᠪᠠᠯ᠂ ᠡᠮᠡᠭᠲᠡᠶ ᠬᠥᠮᠥᠨ ᠠᠮᠠ 38.38 ᠲᠦᠮᠡ ᠪᠠᠶᠢᠵᠤ᠂ ᠶᠡᠷᠦᠩᠬᠡᠢ ᠬᠦᠮᠦᠨ ᠠᠮᠠ ᠶᠢᠨ ᠳᠣᠲᠣᠷ᠎ᠠ ᠡᠵᠡᠯᠡᠬᠦ ᠬᠠᠷᠢᠴᠠᠯ 48.21% ᠪᠣᠯᠤᠨ᠎ᠠ᠃    ᠪᠤᠭᠤᠲᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤᠳᠤᠷ᠎ᠠ᠂ ᠬᠥᠨᠳᠡᠯᠡᠨ ᠲᠣᠭᠤᠷᠢᠭ ᠤᠨ ᠪᠠᠶᠢᠩᠭᠤ ᠰᠠᠭᠤᠭ᠎ᠠ ᠬᠦᠮᠦᠨ ᠠᠮᠠ ᠶᠢᠨ ᠲᠤᠭ᠎ᠠ ᠪᠠᠷ ᠮᠦᠨ ᠬᠦ ᠲᠡᠷᠢᠬᠦᠯᠡᠨ᠎ᠡ᠂ ᠬᠤᠶᠠᠳᠤᠭᠠᠷ᠂ ᠭᠤᠷᠪᠠᠳᠤᠭᠠᠷ ᠨᠢ ᠲᠣᠰ ᠲᠣᠰ ᠳ᠋ᠦᠩ ᠾᠧ ᠲᠣᠭᠤᠷᠢᠭ ᠪᠠ ᠴᠢᠩᠱᠠᠨ ᠲᠣᠭᠤᠷᠢᠭ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ ᠲᠣᠰ ᠲᠣᠰ 55.32 ᠲᠦᠮᠡᠨ ᠬᠥᠮᠦᠨ ᠪᠠ 52.17 ᠲᠦᠮᠡᠨ ᠬᠥᠮᠦᠨ︔ ᠬᠦᠨᠳᠡᠯᠡᠨ ᠲᠤᠭᠤᠷᠢᠭ ᠤᠨ ᠬᠤᠲᠠ ᠪᠠᠯᠭᠠᠰᠤᠵᠢᠯᠳᠠ ᠶᠢᠨ ᠨᠤᠷᠮ᠎ᠠ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 13.94 ᠬᠤᠪᠢ ᠥᠨᠳᠥᠷ ᠪᠠᠶᠢᠵᠤ᠂ ᠴᠢᠨᠡᠭᠡᠯᠢᠭ ᠨᠡᠶᠢᠭᠡᠮ ᠢ ᠬᠢᠨᠠᠨ ᠬᠡᠮᠵᠢᠬᠦ ᠰᠢᠰᠲ᠋ᠧᠮ ᠤᠨ ᠪᠠᠷᠢᠮᠵᠢᠶ᠎ᠠ ᠠᠴᠠ ︵≥60 %︶ ᠵᠠᠭᠤᠨ ᠤ ᠬᠠᠷᠢᠴᠠᠯ ᠢᠶᠠᠷ 37.51 ᠬᠤᠪᠢ ᠲᠠᠪᠠᠭᠰᠠᠨ ᠪᠠᠶᠢᠨ᠎ᠠ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号