ᠱᠠᠭ᠎ᠠ ᠲᠤᠭᠯᠠᠭᠠᠮ ᠤᠨ ᠲᠥᠷᠥᠯ ᠵᠥᠢᠯ
ᠨᠡᠶᠢᠲᠡᠯᠡᠭᠰᠡᠨ ᠴᠠᠭ᠄
2019/12/17
        ᠱᠠᠭ᠎ᠠ ᠲᠤᠭᠯᠠᠭᠠᠮ ᠤᠨ ᠲᠥᠷᠥᠯ ᠵᠥᠢᠯ ᠮᠠᠰᠢ ᠤᠯᠠᠨ ᠪᠠᠶᠢᠳᠠᠭ᠃ ᠠᠳᠠᠯᠢ ᠪᠤᠰᠤ ᠭᠠᠵᠠᠷ   ᠤᠷᠤᠨ ᠳᠤ ᠶᠠᠩᠵᠤ ᠪᠥᠷᠢ ᠪᠠᠷ ᠨᠠᠭᠠᠳᠴᠤ᠂ ᠱᠠᠭ᠎ᠠ ᠲᠤᠭᠯᠠᠭᠠᠮ ᠤᠨ ᠲᠥᠷᠥᠯ ᠵᠥᠢᠯ ᠢ ᠨᠠᠩ   ᠪᠠᠶᠠᠯᠢᠬᠵᠢᠭᠤᠯᠤᠭᠰᠠᠨ ᠪᠠᠶᠢᠳᠠᠭ᠃ ᠤᠯᠤᠰ ᠤᠨ ᠲᠤᠳᠤᠭᠠᠳᠤ ᠭᠠᠳᠠᠭᠠᠳᠤ ᠳᠤ ᠭᠡᠪᠯᠡᠭᠳᠡᠭᠰᠡᠨ ᠨᠤᠮ   ᠵᠤᠭᠢᠶᠠᠯ ᠤᠳ ᠲᠤ ᠱᠠᠭ᠎ᠠ ᠲᠤᠭᠯᠠᠭᠠᠮ ᠤᠨ ᠲᠥᠷᠥᠯ ᠵᠥᠢᠯ ᠢ ᠤᠯᠠᠨ ᠬᠤᠪᠢᠯᠪᠤᠷᠢ ᠪᠠᠷ  ᠲᠠᠨᠢᠯᠴᠠᠭᠤᠯᠤᠭᠰᠠᠨ ᠶᠤᠮ᠃ ᠡᠭᠦᠨ ᠳᠤ᠂ ᠳ᠋᠊ · ᠴᠠᠭᠠᠨ ᠤ ︽ᠮᠤᠩᠭᠤᠯ ᠭᠥᠮᠥᠨ ᠤ ᠢᠵᠠᠭᠤᠷ ᠲᠤᠭᠯᠠᠭᠠᠮ — ᠱᠠᠭ᠎ᠠ︾ ᠭᠡᠭᠦ ᠪᠥᠳᠥᠭᠡᠯ ᠳᠤ 140 ᠲᠥᠷᠥᠯ ᠢ ᠰᠤᠩᠭᠤᠵᠤ ᠲᠠᠨᠢᠯᠴᠠᠭᠤᠯᠤᠭᠰᠠᠨ ᠪᠠᠶᠢᠨ᠎ᠠ᠃    ᠡ᠊ᠨᠳᠠ ᠱᠠᠭ᠎ᠠ ᠲᠤᠭᠯᠠᠭᠠᠮ ᠤᠨ ᠲᠥᠷᠥᠯ ᠵᠥᠢᠯ ᠤᠳ ᠠᠴᠠ ᠲᠥᠭᠡᠮᠡᠯ ᠲᠠᠯᠭᠡᠷᠡᠭᠰᠡᠨ ᠤᠨᠴᠠᠯᠢᠬᠳᠤ    ᠵᠥᠢᠯᠠᠰ ᠢ ᠰᠤᠩᠭᠤᠵᠤ᠂ ᠱᠠᠭᠠᠯᠴᠠᠬᠤ ᠠᠭᠤᠯᠭ᠎ᠠ ᠴᠢᠭᠯᠡᠯ ᠢᠶᠠᠷ ᠨᠢ ᠥᠢᠯᠠᠳᠪᠤᠷᠢᠯᠠᠯ ᠠᠮᠢᠳᠤᠷᠠᠯ ᠤᠨ  ᠤᠨᠴᠠᠯᠢᠭ ᠲᠠᠢ ᠱᠠᠭ᠎ᠠ ᠲᠤᠭᠯᠠᠭᠠᠮ᠂ ᠵᠥᠩ ᠪᠡᠯᠭᠡᠳᠠᠯ ᠤᠨ ᠰᠢᠨᠵᠢ ᠲᠠᠢ ᠱᠠᠭ᠎ᠠ ᠲᠤᠭᠯᠠᠭᠠᠮ᠂   ᠤᠬᠠᠭᠠᠨ ᠪᠢᠯᠢᠭ ᠰᠤᠷᠢᠯᠴᠠᠬᠤ ᠱᠠᠭ᠎ᠠ ᠲᠤᠭᠯᠠᠭᠠᠮ ᠭᠡᠭᠦ ᠭᠤᠷᠪᠠᠨ ᠠᠩᠭᠢᠯᠠᠯ ᠳᠤ ᠬᠤᠪᠢᠶᠠᠵᠤ   ᠲᠠᠨᠢᠯᠴᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号