ᠶᠠᠷᠢᠯᠴᠠᠭ᠎ᠠ ᠳᠤ ᠤᠷᠤᠯᠴᠠᠬᠰᠠᠨ ᠵᠤᠴᠢᠨ᠄ ᠬᠦᠨᠳᠡᠯᠡᠨ ᠲᠤᠭᠤᠷᠢᠬ ᠤᠨ ᠵᠠᠰᠠᠬ ᠤᠨ ᠶᠠᠪᠤᠳᠠᠯ ᠤᠨ | ᠦᠢᠯᠡᠴᠢᠯᠡᠬᠡᠨ ᠤ ᠲᠦᠪ ᠤᠨ ᠲᠡᠳ᠋ ᠡᠷᠬᠢᠯᠡᠭᠴᠢ | ᠶᠠᠷᠢᠯᠴᠠᠭ᠎ᠠ ᠶᠢᠨ ᠲᠤᠪᠴᠢ ᠲᠠᠨᠢᠯᠴᠠᠭᠤᠯᠭ᠎ᠠ᠄ ᠤᠢᠢᠷ᠎ᠠ ᠶᠢᠨ ᠵᠢᠯ ᠳᠤ᠂ ᠵᠠᠰᠠᠬ ᠤᠨ ᠶᠠᠪᠤᠳᠠᠯ ᠤᠨ | ᠦᠢᠯᠡᠴᠢᠯᠡᠬᠡᠨ ᠤ ᠲᠦᠪ ᠨᠢ ᠲᠤᠭᠤᠷᠢᠬ ᠤᠨ ᠨᠠᠮ ᠤᠨ ᠬᠤᠷᠢᠶ᠎ᠠ᠂ ᠲᠤᠭᠤᠷᠢᠬ ᠤᠨ ᠵᠠᠰᠠᠬ ᠤᠨ ᠤᠷᠳᠤᠨ ᠤ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠲᠤᠬᠠᠢ ᠰᠢᠢᠳᠪᠦᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠵᠦ ᠠᠬᠤᠢᠢᠯᠠᠯ ᠪᠠ ᠤᠯᠠᠨ | ᠲᠦᠮᠡᠨ ᠤ ᠲᠤᠰᠬᠠᠯ ᠢᠶᠠᠷ ᠴᠢᠩᠭ᠎ᠠ ᠬᠦᠴᠢᠷᠳᠡᠯ ᠴᠡᠭ᠂ ᠲᠦᠭᠵᠢᠷᠡᠯ ᠴᠡᠭ ᠲᠤ ᠲᠦᠪᠯᠡᠷᠡᠬᠦᠯᠦᠨ᠂ ᠦᠢᠯᠡᠴᠢᠯᠡᠬᠡᠨ ᠤ | ᠬᠡᠯᠪᠡᠷᠢ ᠶᠢᠨ᠂ ᠰᠢᠨ᠎ᠠ ᠶᠢ ᠡᠬᠦᠳᠬᠦ ᠬᠡᠯᠪᠡᠷᠢ ᠶᠢᠨ ᠵᠠᠰᠠᠬ ᠤᠨ ᠶᠠᠪᠤᠳᠠᠯ ᠤᠨ ᠰᠢᠰᠲ᠋ᠧᠮ ᠢ ᠴᠢᠷᠮᠠᠶᠢᠨ ᠪᠦᠲᠦᠬᠡᠨ | ᠪᠠᠶᠢᠭᠤᠯᠵᠦ᠂ ᠡᠯ᠎ᠠ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠂ ᠠᠷᠠᠳ ᠲᠤ ᠲᠦᠬᠦᠮ ᠦᠵᠡᠬᠦᠯᠬᠦ᠂ | ᠬᠦᠮᠦᠡᠯᠢᠭ᠂ ᠪᠠᠷᠢᠮᠵᠢᠶᠠᠵᠢᠭᠤᠯᠬᠤ᠂ ᠨᠠᠷᠢᠯᠢᠬᠵᠢᠭᠤᠯᠬᠤ᠂ ᠤᠨᠴᠠᠯᠢᠬᠵᠢᠭᠤᠯᠬᠤ ᠲᠡᠭᠡᠷ᠎ᠠ ᠶᠡᠭᠡ ᠬᠦᠴᠦ | ᠤᠷᠤᠭᠤᠯᠤᠨ᠂ ᠠᠵᠦ ᠠᠬᠤᠢᠢᠯᠠᠯ ᠤᠨ ︽ᠬᠦᠯᠢᠶᠡᠰᠤ ᠶᠢ ᠠᠯᠳᠠᠷᠠᠭᠠᠬᠤ︾ ᠳᠤ ᠬᠦᠴᠦᠯᠡᠵᠦ᠂ ᠠᠷᠠᠳ ᠲᠦᠮᠡᠨ ᠤ | ︽ᠰᠠᠭᠠᠳ ᠢ ᠠᠷᠢᠯᠭᠠᠵᠦ︾᠂ ᠲᠦᠬᠦᠮ ᠪᠦᠲᠦᠬᠦᠯᠢᠭ ᠬᠡᠯᠪᠡᠷᠢ ᠶᠢᠨ ᠬᠠᠮᠢᠶᠠᠷᠤᠯᠳᠠ ᠠᠴᠠ ᠲᠦᠷᠢᠮᠵᠢᠭᠰᠡᠨ᠂ | ᠨᠠᠷᠢᠯᠢᠬᠵᠢᠬᠰᠠᠨ᠂ ᠤᠶᠤᠨᠴᠢᠯᠠᠬᠰᠨᠨ ᠬᠠᠮᠢᠶᠠᠷᠤᠯᠳᠠ ᠲᠡᠶᠢᠰᠢ ᠰᠢᠯᠵᠢᠬᠦ ᠶᠢ ᠪᠡᠶᠡᠯᠡᠬᠦᠯᠵᠦ᠂ ᠠᠷᠠᠳ ᠤᠯᠠᠨ ᠳᠤ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠬᠠᠮᠢᠶᠠᠷᠤᠯᠳᠠ ᠶᠢᠨ ᠦᠷ᠎ᠠ ᠪᠦᠲᠦᠬᠡᠯ ᠢ ᠨᠡᠩ ᠰᠠᠶᠢᠳᠤᠷ ᠡᠳ᠋ᠯᠡᠬᠦᠯᠦᠭᠰᠡᠨ | ᠪᠠᠶᠢᠨ᠎ᠠ᠃ | ᠬᠦᠲᠦᠯᠦᠭᠴᠢ᠄ ᠬᠤᠳᠠ ᠶᠢᠨ ᠠᠷᠠᠳ ᠤᠨ ᠶᠡᠭᠡ ᠲᠢᠩᠬᠢᠮ ᠨᠢ ᠲᠤᠭᠤᠷᠢᠬ ᠤᠨ ᠵᠠᠰᠠᠬ ᠤᠨ ᠤᠷᠳᠤᠨ ᠤ ᠤᠯᠠᠨ | ᠲᠦᠮᠡᠨ ᠳᠤ ᠬᠠᠨᠳᠤᠬᠤ᠂ ᠤᠯᠠᠨ ᠲᠦᠮᠡᠨ ᠳᠤ ᠦᠢᠯᠡᠴᠢᠯᠡᠬᠦ ᠴᠤᠩᠬᠤᠪᠴᠢ ᠪᠤᠯᠤᠬᠰᠠᠨ ᠤ ᠬᠤᠪᠢ ᠳᠤ᠂ ᠠᠵᠦ | ᠠᠬᠤᠢᠢᠯᠠᠯ ᠤᠯᠠᠨ ᠲᠦᠮᠡᠨ ᠳᠤ ᠬᠡᠷᠬᠢᠨ ᠨᠡᠩ ᠰᠠᠶᠢᠨ ᠦᠢᠯᠡᠴᠢᠯᠡᠬᠦ ᠪᠤᠢ︖ | ᠵᠤᠴᠢᠨ᠄ ᠵᠠᠰᠠᠬ ᠢ ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠬᠦᠯᠬᠦ ᠪᠤᠯ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠᠶᠢᠵᠦ᠂ ᠵᠠᠰᠠᠬ ᠤᠨ ᠶᠠᠪᠤᠳᠠᠯ ᠤᠨ | ᠦᠢᠯᠡᠴᠢᠯᠡᠬᠡᠨ ᠤ ᠲᠦᠪ ᠨᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠬᠤᠳᠠ᠂ ᠲᠤᠭᠤᠷᠢᠬ ᠬᠤᠶᠠᠷ ᠱᠠᠳᠤᠨ ᠤ ᠵᠠᠰᠠᠬ ᠤᠨ ᠤᠷᠳᠤᠨ ᠤ ᠵᠦᠪ ᠤᠨᠤᠪᠴᠢᠳᠠᠢ ᠤᠳᠤᠷᠢᠳᠤᠯᠭ᠎ᠠ | ᠲᠤᠤᠷ᠎ᠠ᠂ ︽ᠰᠤᠷᠳᠠᠯ ᠤᠨ ᠪᠠᠶᠢᠭᠤᠯᠤᠯᠳᠠ ᠶᠢᠨ ᠤᠨ︾ ᠤ ᠠᠵᠢᠯᠯᠠᠭᠠᠨ ᠵᠢᠴᠢ ᠠᠵᠦ ᠠᠬᠤᠢᠢᠯᠠᠯ ᠤᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠲᠠᠢ ᠤᠶᠠᠯᠳᠤᠭᠤᠯᠤᠨ᠂ ᠤᠯᠠᠨ ᠲᠦᠮᠡᠨ ᠪᠠ ᠠᠵᠦ | ᠠᠬᠤᠢᠢᠯᠠᠯ ᠤᠨ ᠵᠠᠰᠠᠬ ᠤᠨ ᠤᠷᠳᠤᠨ ᠳᠤ ᠬᠦᠷᠴᠤ ᠶᠠᠪᠤᠳᠠᠯ ᠬᠦᠢᠴᠡᠳᠬᠡᠬᠦ ᠳᠤ ︽ᠨᠢᠬᠡ ᠯᠡ ᠬᠠᠭᠠᠯᠭ᠎ᠠ ᠪᠠᠷ | ᠤᠷᠤᠬᠤ︾ ︽ᠬᠡᠳᠦᠷᠡᠬᠦ ᠳᠡᠭᠡᠨ ᠨᠢᠬᠡ ᠯᠡ ᠤᠳᠠᠭ᠎ᠠ ᠬᠦᠶᠦᠬᠦ︾ ᠪᠠᠷ ᠬᠠᠷᠠᠯᠳᠠ ᠶᠢᠨ ᠲᠤᠭᠤᠷᠢᠨ ᠳᠤ᠂ | ᠰᠤᠷᠳᠠᠯ ᠤᠨ ᠪᠠᠶᠢᠭᠤᠯᠤᠯᠳᠠ ᠶᠢ ᠴᠢᠩᠭ᠎ᠠ ᠠᠳᠬᠤᠵᠦ᠂ ᠠᠰᠠᠭᠤᠳᠠᠯ ᠤᠨ ᠤᠳᠤᠷᠢᠳᠤᠮᠵᠢ ᠶᠢ ᠴᠢᠩᠭᠠᠳᠬᠠᠨ᠂ ︽ | ᠬᠦᠯᠢᠶᠡᠯᠬᠡᠵᠦ ᠪᠤᠯᠬᠤ ᠦᠬᠡᠢ︾ ᠪᠠᠴᠢᠮ ᠲᠤᠯᠭᠠᠮ᠎ᠠ ᠰᠡᠳᠬᠢᠯᠬᠡ᠂ ︽ᠠᠯᠭᠤᠷᠯᠠᠵᠦ ᠪᠤᠯᠬᠤ ᠦᠬᠡᠢ︾ | ᠲᠦᠭᠰᠢᠬᠦᠷᠢ ᠶᠢᠨ ᠰᠡᠳᠬᠢᠯᠬᠡ᠂ ︽ᠰᠠᠭᠤᠵᠦ ᠲᠡᠶᠢᠯᠬᠦ ᠦᠬᠡᠢ︾ ᠬᠠᠷᠢᠭᠤᠴᠠᠯᠭᠠᠳᠤ ᠰᠡᠳᠬᠢᠯᠬᠡ ᠪᠠᠷ ᠵᠠᠰᠠᠬ ᠤᠨ | ᠶᠠᠪᠤᠳᠠᠯ ᠤᠨ ᠦᠢᠯᠡᠴᠢᠯᠡᠬᠡᠨ ᠤ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠰᠠᠨ ᠪᠠᠶᠢᠨ᠎ᠠ᠃ 2018 | ᠤᠨ ᠳᠤ᠂ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠲᠦᠪ ᠨᠢ ᠬᠤᠳᠠ ᠶᠢᠨ ᠠᠷᠠᠳ ᠤᠨ ᠶᠡᠭᠡ ᠲᠢᠩᠬᠢᠮ ᠤᠨ | ᠲᠡᠰ ᠲᠦᠪᠰᠢᠨ ᠢ ᠲᠡᠭᠡᠭᠰᠢᠯᠡᠬᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ ᠶᠡᠭᠡ ᠲᠢᠩᠬᠢᠮ ᠤᠨ ᠬᠠᠳᠠᠭᠤ | ᠲᠤᠨᠤᠬ ᠤᠨ ᠪᠦᠲᠦᠬᠡᠨ ᠪᠠᠶᠢᠭᠤᠯᠤᠯᠳᠠ᠂ ᠵᠦᠬᠡᠯᠡᠨ ᠲᠤᠨᠤᠬ ᠤᠨ ᠪᠠᠶᠢᠭᠤᠯᠤᠯᠳᠠ᠂ ᠴᠤᠩᠬᠤᠪᠴᠢ ᠶᠢᠨ | ᠬᠠᠮᠢᠶᠠᠷᠤᠯᠳᠠ᠂ ᠴᠤᠩᠬᠤᠪᠴᠢ ᠶᠢᠨ ᠦᠢᠯᠡᠴᠢᠯᠡᠭᠡ ᠲᠦᠷᠪᠡᠨ ᠲᠠᠯ᠎ᠠ ᠠᠴᠠ ᠬᠤᠳᠠ ᠶᠢᠨ ᠠᠷᠠᠳ ᠤᠨ ᠶᠡᠭᠡ | ᠲᠢᠩᠬᠢᠮ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ︽ᠬᠤᠳᠠ ᠶᠢᠨ ᠠᠷᠠᠳ ᠲᠤ ᠲᠦᠬᠦᠮ ᠦᠵᠡᠬᠦᠯᠬᠦ | ᠦᠢᠯᠡᠴᠢᠯᠡᠭᠡ ᠶᠢ ᠲᠡᠷᠢᠬᠦᠨ ᠳᠤ ᠲᠠᠯᠪᠢᠵᠦ᠂ ᠦᠢᠯᠡᠴᠢᠯᠡᠬᠡᠨ ᠤ ᠤᠷᠤᠨ ᠵᠠᠢ ᠵᠦᠢ ᠵᠤᠬᠢᠰᠳᠠᠢ᠂ ᠢᠵᠢ ᠪᠦᠷᠢᠳᠦᠭᠰᠡᠨ | ᠤᠷᠤᠨ ᠵᠠᠢ ᠶᠢ ᠲᠦᠪᠯᠡᠷᠡᠬᠦᠯᠬᠦ᠂ ᠬᠢᠯᠠᠰ ᠴᠡᠭ ᠤᠨᠴᠠᠯᠢᠬ ᠢ ᠲᠤᠪᠤᠶᠢᠯᠭᠠᠬᠤ︾ ᠵᠠᠷᠴᠢᠮ ᠶᠤᠰᠤᠭᠠᠷ᠂ ᠶᠡᠭᠡ | ᠲᠢᠩᠬᠢᠮ ᠤᠨ ᠪᠠᠶᠢᠷᠢᠰᠢᠭᠤᠯᠤᠯᠳᠠ ᠶᠢ ᠴᠢᠨᠠᠬᠰᠢᠳᠠ ᠰᠢᠯᠢᠳᠡᠭᠵᠢᠬᠦᠯᠦᠨ᠂ ᠴᠤᠩᠬᠤᠪᠴᠢ ᠶᠢᠨ ᠦᠢᠯᠡᠴᠢᠯᠡᠬᠡᠨ ᠤ | ᠲᠤᠭᠤᠷᠢᠬ᠂ ᠴᠤᠩᠬᠤᠪᠴᠢ ᠶᠢᠨ ᠠᠯᠪᠠᠯᠠᠬᠤ ᠲᠤᠭᠤᠷᠢᠬ᠂ ᠮᠡᠳᠡᠭᠡ ᠵᠠᠩᠬᠢ ᠶᠢ ᠢᠯᠡ ᠨᠡᠶᠢᠳᠡᠯᠡᠬᠦ ᠲᠤᠭᠤᠷᠢᠬ᠂ | ᠠᠦ᠋ᠲ᠋ᠣ᠋ ᠦᠢᠯᠡᠴᠢᠯᠡᠬᠡᠨ ᠤ ᠲᠤᠭᠤᠷᠢᠬ᠂ ᠠᠰᠠᠭᠤᠨ ᠯᠠᠪᠯᠠᠭ᠎ᠠ ᠶᠢᠨ ᠦᠢᠯᠡᠴᠢᠯᠡᠬᠡᠨ ᠤ ᠲᠤᠭᠤᠷᠢᠬ᠂ ᠬᠦᠯᠢᠶᠡᠬᠦ | ᠲᠤᠭᠤᠷᠢᠬ᠂ ᠬᠦᠰᠦᠨᠦᠭ ᠲᠠᠭᠯᠠᠬᠤ ᠲᠤᠭᠤᠷᠢᠬ ᠤᠨ ᠴᠢᠳᠠᠮᠵᠢ ᠶᠢ ᠲᠡᠬᠦᠯᠳᠡᠷᠵᠢᠬᠦᠯᠵᠦ᠂ ᠴᠢᠳᠠᠮᠵᠢ ᠪᠦᠷᠢᠨ ᠲᠦᠬᠦᠷ | ᠂ ᠦᠢᠯᠡᠴᠢᠯᠡᠭᠡ ᠲᠦᠬᠦᠮ ᠲᠦᠳᠡ᠂ ᠤᠷᠴᠢᠨ ᠨᠦᠬᠦᠴᠡᠯ ᠲᠠᠭᠠᠯᠠᠮᠵᠢᠳᠠᠢ ᠶᠠᠪᠤᠳᠠᠯ ᠬᠦᠢᠴᠡᠳᠬᠡᠬᠦ ᠶᠡᠭᠡ ᠲᠢᠩᠬᠢᠮ ᠢ | ᠴᠤᠬᠴᠠᠯᠠᠬᠰᠠᠨ ᠪᠠᠶᠢᠨ᠎ᠠ᠃ ᠬᠠᠮᠳᠤ ᠳᠤᠨᠢ᠂ ︽ᠨᠢᠬᠡ ᠰᠦᠯᠵᠢᠶ᠎ᠠ᠂ ᠨᠢᠬᠡ ᠬᠠᠭᠠᠯᠭ᠎ᠠ᠂ ᠨᠢᠬᠡ ᠴᠤᠩᠬᠤᠪᠴᠢ᠂ ᠨᠢᠬᠡ | ᠤᠳᠠᠭ᠎ᠠ︾ ᠶᠢᠨ ᠦᠬᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠦ᠂ ︽ᠵᠠᠰᠠᠬ ᠤᠨ ᠶᠠᠪᠤᠳᠠᠯ ᠤᠨ | ᠦᠢᠯᠡᠴᠢᠯᠡᠬᠡᠨ ᠤ ᠲᠦᠪ ᠤᠨ ᠤᠷᠤᠵᠦ ᠰᠠᠭᠤᠬᠤ ᠶᠠᠪᠤᠳᠠᠯ ᠤᠨ ᠦᠢᠯᠡᠴᠢᠯᠡᠭᠡ ᠶᠢᠨ ᠵᠦᠭᠯᠡᠬᠦᠷ ᠢ ᠵᠤᠬᠢᠶᠠᠵᠦ | ᠲᠦᠷᠢᠮᠵᠢᠬᠦᠯᠬᠦ︾ ᠱᠠᠭᠠᠷᠳᠠᠯᠭ᠎ᠠ ᠶᠤᠰᠤᠭᠠᠷ᠂ ︽ᠬᠦᠨᠳᠡᠯᠡᠨ ᠲᠤᠭᠤᠷᠢᠬ ᠤᠨ ᠤᠯᠨᠨ ᠨᠡᠶᠢᠳᠡ ᠶᠢᠨ | ᠦᠢᠯᠡᠴᠢᠯᠡᠬᠡᠨ ᠤ ᠶᠠᠪᠤᠳᠠᠯ ᠤᠨ ᠦᠢᠯᠡᠴᠢᠯᠡᠬᠡᠨ ᠤ ᠵᠦᠭᠯᠡᠬᠦᠷ︾ ᠢ ᠵᠤᠬᠢᠶᠠᠵᠦ᠂ ︽ᠬᠡᠲᠦᠷᠡᠬᠦ ᠳᠡᠭᠡᠨ ᠨᠢᠬᠡ ᠯᠡ | ᠤᠳᠠᠭ᠎ᠠ ᠬᠦᠶᠦᠬᠦ︾ ᠶᠠᠪᠤᠳᠠᠯ ᠤᠨ ᠨᠠᠷᠢᠨ ᠲᠠᠩᠰᠠ ᠶᠢ ᠪᠠᠶᠢᠭᠤᠯᠵᠦ᠂ ︽ᠨᠢᠬᠡ ᠴᠤᠩᠬᠤᠪᠴᠢ ᠳᠤ ᠬᠦᠯᠢᠶᠡᠨ | ᠠᠪᠬᠤ᠂ ᠨᠢᠬᠡ ᠦᠷᠳᠡᠭᠡ ᠳᠤ ᠦᠢᠯᠡᠴᠢᠯᠡᠬᠦ᠂ ᠨᠢᠬᠡ ᠰᠦᠯᠵᠢᠶ᠎ᠠ ᠳᠤ ᠬᠦᠢᠴᠡᠳᠬᠡᠬᠦ︾ ᠬᠦᠢᠴᠡᠳᠬᠡᠬᠦ ᠵᠠᠬᠪᠤᠷ ᠢ | ᠪᠠᠶᠢᠭᠤᠯᠵᠦ᠂ ᠰᠠᠭᠠᠳ ᠦᠬᠡᠢ ᠨᠡᠪᠲᠡᠷᠡᠬᠦ ᠵᠠᠮ᠂ ᠨᠢᠬᠡ ᠴᠤᠩᠬᠤᠪᠴᠢ ᠳᠤ ᠬᠦᠯᠢᠶᠡᠨ ᠠᠪᠬᠤ᠂ ᠨᠢᠬᠡ ᠬᠡᠯᠬᠢᠶ᠎ᠠ ᠳᠤ | ᠬᠦᠢᠴᠡᠳᠬᠡᠬᠦ ᠵᠡᠷᠬᠡ ᠦᠬᠡᠷᠡᠴᠢᠯᠡᠯᠳᠡ ᠶᠢᠨ ᠠᠷᠭ᠎ᠠ ᠠᠪᠴᠠᠯ ᠢ ᠬᠦᠨᠵᠡᠬᠡᠢ ᠠᠬᠢᠭᠤᠯᠵᠦ᠂ ᠠᠵᠦ ᠠᠬᠤᠢᠢᠯᠠᠯ ᠡᠷᠬᠢᠯᠡᠬᠦ | ᠴᠠᠬ ᠢ ᠴᠢᠨᠠᠬᠰᠢᠳᠠ ᠪᠠᠭᠠᠰᠬᠠᠬᠤ᠂ ᠠᠵᠦ ᠦᠢᠯᠡᠳᠪᠦᠷᠢ ᠶᠢᠨ ᠲᠦᠷᠦᠯ ᠵᠦᠢᠯ ᠢ ᠬᠠᠮᠳᠤᠷᠠᠭᠤᠯᠵᠦ ᠬᠢᠨᠠᠨ | ᠵᠦᠪᠰᠢᠶᠡᠷᠡᠬᠦ ᠵᠡᠷᠬᠡ ᠵᠠᠩᠬᠢᠯᠠᠭ᠎ᠠ ᠶᠢᠨ ᠭᠤᠬᠴᠤᠭ᠎ᠠ ᠳᠤ ᠬᠦᠴᠦᠯᠡᠨ ᠲᠠᠪᠠᠯᠳᠠ ᠭᠠᠷᠭᠠᠵᠦ᠂ ᠠᠵᠦ ᠠᠬᠤᠢᠢᠯᠠᠯ ᠳᠤ | ᠶᠡᠭᠡ ᠲᠢᠩᠬᠢᠮ ᠲᠤᠬᠢᠷᠠᠭᠤᠯᠤᠨ ᠲᠦᠷᠬᠡᠨ ᠲᠠᠮᠵᠢᠭᠤᠯᠭ᠎ᠠ ᠶᠢᠨ ᠦᠢᠯᠡᠴᠢᠯᠡᠬᠡᠨ ᠤ ᠴᠤᠩᠬᠤᠪᠴᠢ ᠨᠡᠮᠡᠨ | ᠲᠤᠬᠢᠷᠠᠭᠤᠯᠵᠦ᠂ ᠠᠮᠢᠳᠤᠷᠠᠯ ᠨᠢ ᠬᠦᠴᠢᠷᠳᠡᠯᠳᠡᠢ᠂ ᠵᠡᠮᠳᠡᠭ ᠵᠡᠷᠬᠡ ᠤᠨᠴᠠᠭᠠᠢ ᠬᠦᠮᠦᠰ ᠲᠤ ᠬᠠᠷᠠᠮᠵᠢ ᠦᠬᠡᠢ ᠪᠠᠷ | ᠢᠯᠡᠬᠡᠨ ᠬᠦᠷᠬᠡᠬᠦ ᠦᠢᠯᠡᠴᠢᠯᠡᠭᠡ ᠬᠠᠩᠭᠠᠬᠰᠠᠨ ᠪᠠᠶᠢᠨ᠎ᠠ᠃ ᠪᠠᠩᠬᠢ ᠶᠢᠨ ᠦᠢᠯᠡᠴᠢᠯᠡᠬᠡᠨ ᠤ ᠴᠤᠩᠬᠤᠪᠴᠢ | ᠪᠠᠶᠢᠭᠤᠯᠵᠦ᠂ ᠠᠵᠦ ᠠᠬᠤᠢᠢᠯᠠᠯ ᠳᠤ ᠪᠦᠬᠦ ᠶᠠᠪᠤᠴᠠ ᠶᠢ ᠤᠷᠤᠯᠠᠨ ᠬᠦᠢᠴᠡᠳᠬᠡᠬᠦ ᠵᠢᠴᠢ ᠲᠦᠬᠦᠮ ᠲᠦᠳᠡ | ᠪᠠᠩᠬᠢ ᠶᠢᠨ ᠦᠢᠯᠡᠴᠢᠯᠡᠭᠡ ᠬᠠᠩᠭᠠᠬᠰᠠᠨ ᠪᠠᠶᠢᠨ᠎ᠠ᠃ ᠠᠵᠦ ᠠᠬᠤᠢᠢᠯᠠᠯ ᠤᠨ ᠲᠠᠮᠠᠭ᠎ᠠ ᠰᠡᠶᠢᠯᠵᠦ ᠵᠤᠬᠢᠶᠠᠬᠤ | ᠴᠤᠩᠬᠤᠪᠴᠢ ᠶᠢ ᠤᠷᠤᠭᠤᠯᠤᠨ ᠠᠪᠴᠢᠷᠠᠵᠦ᠂ ᠲᠠᠮᠠᠭ᠎ᠠ ᠰᠡᠶᠢᠯᠵᠦ ᠵᠤᠬᠢᠶᠠᠬᠤ ᠰᠦᠢᠳᠬᠡᠯ ᠢ ᠶᠡᠭᠡ ᠪᠠᠷ ᠪᠠᠭᠠᠰᠬᠠᠪᠠ᠃ | 2019 ᠤᠨ ᠤ ᠰᠡᠬᠦᠯᠴᠢ ᠪᠤᠯᠳᠠᠯ᠎ᠠ᠂ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠶᠠᠪᠤᠳᠠᠯ ᠢ ᠰᠦᠯᠵᠢᠶᠡᠨ | ᠲᠡᠭᠡᠷ᠎ᠠ ᠬᠦᠢᠴᠡᠳᠬᠡᠵᠦ ᠲᠡᠶᠢᠯᠬᠦ ᠨᠤᠷᠮ᠎ᠠ ᠶᠢ 70% ᠠᠴᠠ ᠲᠤᠷᠤᠬᠰᠢ ᠪᠠᠶᠢᠯᠭᠠᠬᠤ ᠦᠬᠡᠢ ᠶᠢ ᠪᠡᠶᠡᠯᠡᠬᠦᠯᠬᠦ ᠪᠠᠷ | ᠴᠢᠷᠮᠠᠶᠢᠵᠦ᠂ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠶᠠᠪᠤᠳᠠᠯ ᠤᠨ ᠶᠡᠷᠦᠩᠬᠡᠶᠢᠯᠡᠭᠰᠡᠨ ᠪᠤᠳᠠᠳᠤ ᠴᠤᠬᠴᠠ ᠶᠢᠨ | ᠶᠡᠭᠡ ᠲᠢᠩᠬᠢᠮ ᠳᠤ ᠤᠷᠤᠵᠦ ︽ᠤᠷᠤᠬᠤ ᠶᠤᠰᠤᠳᠠᠢ ᠶᠢ ᠨᠢ ᠡᠷᠬᠡᠪᠰᠢ ᠤᠷᠤᠭᠤᠯᠬᠤ︾ ᠶᠢ ᠦᠨᠳᠦᠰᠦᠨ ᠳᠡᠭᠡᠨ | ᠪᠡᠶᠡᠯᠡᠬᠦᠯᠵᠦ᠂ ᠠᠵᠦ ᠠᠬᠤᠢᠢᠯᠠᠯ ᠪᠠ ᠤᠯᠠᠨ ᠲᠦᠮᠡᠨ ᠤ ᠵᠠᠰᠠᠬ ᠤᠨ ᠤᠷᠳᠤᠨ ᠳᠤ ᠬᠦᠷᠴᠤ ᠶᠠᠪᠤᠳᠠᠯ ᠬᠦᠢᠴᠡᠳᠬᠡᠬᠦ | ᠮᠠᠲ᠋ᠧᠷᠢᠶᠠᠯ ᠢ 60% ᠠᠴᠠ ᠲᠡᠭᠡᠭᠰᠢ ᠪᠠᠷ ᠪᠠᠭᠠᠰᠬᠠᠵᠦ᠂ ᠦᠨᠳᠦᠷ ᠲᠠᠪᠳᠠᠮᠵᠢᠳᠤ 100 ᠶᠠᠪᠤᠳᠠᠯ ᠢ ︽ | ᠬᠡᠲᠦᠷᠡᠬᠦ ᠳᠡᠭᠡᠨ ᠨᠢᠬᠡ ᠯᠡ ᠤᠳᠠᠭ᠎ᠠ ᠬᠦᠶᠦᠬᠦ︾ ᠶᠢ ᠪᠡᠶᠡᠯᠡᠬᠦᠯᠵᠦ᠂ 70% ᠤᠨ ᠵᠠᠰᠠᠬ ᠤᠨ ᠶᠠᠪᠤᠳᠠᠯ ᠤᠨ | ᠦᠢᠯᠡᠴᠢᠯᠡᠬᠡᠨ ᠤ ᠶᠠᠪᠤᠳᠠᠯ ᠢ ︽ᠨᠢᠬᠡ ᠴᠤᠩᠬᠤᠪᠴᠢ︾ ᠳᠤ ᠲᠦᠷᠦᠯ ᠬᠤᠪᠢᠶᠠᠵᠦ ᠬᠦᠯᠢᠶᠡᠨ ᠠᠪᠴᠤ᠂ ᠤᠯᠠᠨ | ᠲᠦᠮᠡᠨ ᠤ ᠶᠠᠪᠤᠳᠠᠯ ᠬᠦᠢᠴᠡᠳᠬᠡᠬᠦ ᠳᠤ ᠨᠡᠩ ᠲᠦᠬᠦᠮ ᠲᠦᠳᠡ ᠪᠤᠯᠭᠠᠵᠦ᠂ ᠦᠢᠯᠡᠰ ᠪᠤᠰᠬᠠᠬᠤ ᠳᠤ ᠨᠡᠩ | ᠤᠷᠤᠬᠰᠢᠳᠠᠢ ᠰᠢᠯᠤᠭᠤᠨ ᠨᠦᠬᠦᠴᠡᠯ ᠬᠠᠩᠭᠠᠨ᠎ᠠ᠃ | ᠬᠦᠲᠦᠯᠦᠭᠴᠢ᠄ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠲᠠᠰᠤᠷᠠᠯᠳᠠ ᠦᠬᠡᠢ | ᠠᠬᠢᠬᠤ ᠶᠢ ᠲᠠᠭᠠᠯᠳᠤᠵᠦ᠂ ᠶᠠᠪᠤᠬᠤ ᠲᠤᠳᠤᠮ ᠨᠡᠩ ᠤᠯᠠᠨ ᠶᠠᠪᠤᠳᠠᠯ ᠢ ᠬᠤᠳᠠ ᠶᠢᠨ ᠠᠷᠠᠳ ᠤᠨ ᠶᠡᠭᠡ ᠲᠢᠩᠬᠢᠮ ᠳᠤ | ᠲᠦᠪᠯᠡᠷᠡᠬᠦᠯᠦᠨ ᠬᠦᠢᠴᠡᠳᠬᠡᠵᠦ ᠲᠡᠶᠢᠯᠬᠦ ᠪᠤᠯᠵᠦ᠂ ᠠᠵᠦ ᠠᠬᠤᠢᠢᠯᠠᠯ ᠪᠠ ᠤᠯᠠᠨ ᠲᠦᠮᠡᠨ ᠤ ᠶᠠᠪᠤᠳᠠᠯ | ᠬᠦᠢᠴᠡᠳᠬᠡᠵᠦ ᠦᠢᠯᠡᠰ ᠪᠤᠰᠬᠠᠬᠤ ᠳᠤ ᠮᠠᠰᠢ ᠶᠡᠭᠡ ᠲᠦᠬᠦᠮ ᠦᠵᠡᠬᠦᠯᠦᠭᠰᠡᠨ ᠪᠠᠶᠢᠨ᠎ᠠ᠃ ᠠᠵᠦ ᠠᠬᠤᠢᠢᠯᠠᠯ ᠤᠯᠠᠨ | ᠲᠦᠮᠡᠨ ᠲᠠᠢ ᠰᠢᠭᠤᠳ ᠨᠢᠭᠤᠷᠳᠠᠵᠦ ᠪᠠᠶᠢᠭ᠎ᠠ ᠨᠢᠬᠡᠳᠦᠬᠡᠷ ᠹᠷᠤᠨᠲ ᠪᠤᠯᠤᠬᠰᠠᠨ ᠤ ᠬᠤᠪᠢ ᠳᠤ᠂ ᠲᠠᠨ ᠤ ᠵᠠᠰᠠᠬ ᠤᠨ | ᠶᠠᠪᠤᠳᠠᠯ ᠤᠨ ᠦᠢᠯᠡᠴᠢᠯᠡᠬᠡᠨ ᠤ ᠲᠦᠪ ᠨᠢ ᠤᠯᠠᠨ ᠲᠦᠮᠨᠨ ᠤ ᠠᠩᠬᠠᠷᠴᠤ ᠪᠠᠶᠢᠭ᠎ᠠ ᠲᠦᠭᠵᠢᠷᠡᠯ ᠴᠡᠭ ᠬᠦᠴᠢᠷᠳᠡᠯ | ᠴᠡᠭ ᠢ ᠬᠡᠷᠬᠢᠨ ᠰᠢᠢᠳᠪᠦᠷᠢᠯᠡᠵᠦ ᠪᠠᠶᠢᠬᠤ ᠪᠤᠢ︖ | ᠵᠤᠴᠢᠨ᠄ ᠠᠵᠦ ᠠᠬᠤᠢᠢᠯᠠᠯ ᠤᠯᠠᠨ ᠲᠦᠮᠡᠨ ᠤ ᠶᠠᠪᠤᠳᠠᠯ ᠬᠦᠢᠴᠡᠳᠬᠡᠬᠦ ᠬᠦᠴᠢᠷᠳᠡᠯ ᠴᠡᠭ ᠲᠦᠭᠵᠢᠷᠠᠯ | ᠴᠡᠭ ᠤᠨ ᠠᠰᠠᠭᠤᠳᠠᠯ ᠶᠡᠷᠦ ᠨᠢ ᠪᠢᠳᠡᠨ ᠤ ᠠᠩᠬᠠᠷᠤᠬᠰᠠᠭᠠᠷ ᠢᠷᠡᠭᠰᠡᠨ ᠭᠤᠤᠯᠳᠠᠯᠭ᠎ᠠ ᠪᠠᠶᠢᠵᠦ᠂ ᠵᠠᠰᠠᠬ ᠤᠨ | ᠶᠠᠪᠤᠳᠠᠯ ᠤᠨ ᠦᠢᠯᠡᠴᠢᠯᠡᠬᠡᠨ ᠤ ᠲᠦᠪ ᠨᠢ ᠬᠤᠳᠠ ᠶᠢᠨ ᠠᠷᠠᠳ ᠤᠨ ᠶᠡᠭᠡ ᠲᠢᠩᠬᠢᠮ ᠤᠨ | ᠪᠠᠷᠢᠮᠵᠢᠶᠠᠵᠢᠭᠤᠯᠤᠯᠳᠠ ᠶᠢᠨ ᠪᠦᠲᠦᠬᠡᠨ ᠪᠠᠶᠢᠭᠤᠯᠤᠯᠳᠠ ᠲᠡᠰ ᠲᠦᠪᠰᠢᠨ ᠢ ᠲᠡᠭᠡᠭᠰᠢᠯᠡᠬᠦᠯᠬᠦ ᠢᠨᠵᠧᠨᠧᠷᠢᠩ ᠲᠠᠢ | ᠤᠶᠠᠯᠳᠤᠭᠤᠯᠤᠨ᠂ ᠦᠨᠳᠦᠷ ᠲᠡᠪᠳᠠᠮᠵᠢᠳᠤ ᠶᠠᠪᠤᠳᠠᠯ ᠢ ᠬᠦᠢᠴᠡᠳᠬᠡᠬᠦ ᠪᠠᠷ ᠶᠡᠭᠡ ᠲᠢᠩᠬᠢᠮ ᠳᠤ ᠶᠡᠷᠦᠩᠬᠡᠶᠢᠯᠡᠨ | ᠠᠰᠠᠭᠤᠨ ᠯᠠᠪᠯᠠᠭ᠎ᠠ ᠶᠢᠨ ᠦᠢᠯᠡᠴᠢᠯᠡᠬᠡᠨ ᠤ ᠲᠠᠪᠴᠠᠩ ᠨᠡᠮᠡᠨ ᠲᠤᠬᠢᠷᠠᠭᠤᠯᠵᠦ᠂ ᠲᠤᠰᠬᠠᠢ ᠬᠦᠮᠦᠨ ᠲᠤᠬᠢᠷᠠᠭᠤᠯᠤᠨ | ᠤᠯᠠᠨ ᠲᠦᠮᠡᠨ ᠤ ᠠᠰᠠᠭᠤᠨ ᠯᠠᠪᠯᠠᠭ᠎ᠠ ᠳᠤ ᠬᠠᠷᠢᠭᠤᠯᠳᠠ ᠦᠭᠴᠤ᠂ ᠤᠯᠠᠨ ᠲᠦᠮᠡᠨ ᠤ ᠮᠦᠷᠯᠡᠵᠦ ᠬᠦᠯᠢᠶᠡᠬᠦ ᠪᠠ | ᠨᠠᠭᠠᠰᠢ ᠴᠠᠭᠠᠰᠢ ᠬᠦᠶᠦᠬᠦ ᠶᠢ ᠬᠠᠮᠤᠬ ᠤᠨ ᠶᠡᠭᠡ ᠬᠡᠮᠵᠢᠶ᠎ᠠ ᠪᠠᠷ ᠪᠠᠭᠠᠰᠬᠠᠬᠰᠨᠨ ᠪᠠᠶᠢᠨ᠎ᠠ᠃ ᠬᠠᠮᠳᠤ ᠳᠤᠨᠢ᠂ | ᠦᠢᠯᠡᠴᠢᠯᠡᠬᠡᠨ ᠤ ᠬᠠᠯᠠᠮᠰᠢᠯ ᠤᠳᠠᠰᠤ ᠲᠤᠬᠢᠷᠠᠭᠤᠯᠵᠦ᠂ ᠬᠦᠢᠴᠡᠳᠬᠡᠬᠦ ᠬᠡᠮᠵᠢᠶ᠎ᠠ ᠪᠠᠷ ᠶᠡᠭᠡ ᠰᠠᠯᠠᠭ᠎ᠠ ᠮᠦᠴᠢᠷ ᠢ | ᠱᠠᠯᠠᠪᠳᠠᠭᠤᠯᠤᠨ ᠰᠦᠯᠵᠢᠶᠡᠨ ᠲᠡᠭᠡᠷ᠎ᠠ ᠶᠠᠪᠤᠳᠠᠯ ᠬᠦᠢᠴᠡᠳᠬᠡᠬᠦ ᠶᠡᠭᠡ ᠲᠢᠩᠬᠢᠮ᠂ ᠰᠠᠯᠠᠭ᠎ᠠ ᠮᠦᠴᠢᠷ ᠤᠨ | ᠶᠡᠷᠦᠩᠬᠡᠶᠢᠯᠡᠭᠰᠡᠨ ᠰᠦᠯᠵᠢᠶ᠎ᠠ᠂ ᠭᠠᠷ ᠤᠳᠠᠰᠤᠨ ᠤ APP᠂ ᠵᠢᠷᠬᠢᠶ᠎ᠡ ᠶᠢᠨ ᠤᠯᠠᠨ ᠨᠡᠶᠢᠳᠡ ᠶᠢᠨ ᠲᠠᠪᠴᠠᠩ᠂ | ᠬᠠᠯᠠᠮᠰᠢᠯ ᠤᠳᠠᠰᠤ᠂ ᠲᠦᠷᠬᠡᠨ ᠲᠠᠮᠵᠢᠭᠤᠯᠭ᠎ᠠ ᠶᠢᠨ ᠦᠢᠯᠡᠴᠢᠯᠡᠭᠡ ᠵᠡᠷᠬᠡ ᠤᠯᠠᠨ ᠠᠷᠭ᠎ᠠ ᠵᠠᠮ ᠢᠶᠠᠷ ᠲᠠᠮᠵᠢᠵᠦ᠂ | ᠤᠯᠠᠨ ᠲᠦᠮᠡᠨ ᠤ ᠰᠦᠯᠵᠢᠶᠡᠨ ᠲᠡᠭᠡᠷ᠎ᠠ ︵ᠤᠳᠠᠰᠤ︶ ᠠᠰᠠᠭᠤᠨ ᠯᠠᠪᠯᠠᠬᠤ᠂ ᠰᠦᠯᠵᠢᠶᠡᠨ ᠲᠡᠭᠡᠷ᠎ᠠ ︵ᠤᠳᠠᠰᠤ︶ | ᠤᠷᠢᠳᠴᠢᠯᠠᠨ ᠪᠤᠯᠵᠤᠬᠤ᠂ ᠰᠦᠯᠵᠢᠶᠡᠨ ᠲᠡᠭᠡᠷ᠎ᠠ ᠶᠠᠪᠤᠳᠠᠯ ᠬᠦᠢᠴᠡᠳᠬᠡᠬᠦ᠂ ᠲᠦᠷᠬᠡᠨ ᠲᠠᠮᠵᠢᠭᠤᠯᠭ᠎ᠠ ᠶᠢ ᠬᠦᠷᠬᠡᠬᠦ ᠶᠢ | ᠬᠦᠲᠦᠯᠦᠨ ᠵᠢᠯᠤᠭᠤᠳᠤᠬᠰᠠᠨ ᠪᠠ ᠲᠤᠬᠢᠷᠠᠭᠤᠯᠵᠦ᠂ ᠠᠵᠦ ᠠᠬᠤᠢᠢᠯᠠᠯ ᠤᠯᠠᠨ ᠲᠦᠮᠡᠨ ᠤ ᠶᠠᠪᠤᠳᠠᠯ | ᠬᠦᠢᠴᠡᠳᠬᠡᠬᠦ ᠳᠤ ᠲᠦᠬᠦᠮ ᠦᠵᠡᠬᠦᠯᠵᠦ᠂ ᠠᠵᠦ ᠠᠬᠤᠢᠢᠯᠠᠯ ᠤᠯᠠᠨ ᠲᠦᠮᠡᠨ ᠤ ᠲᠠᠷᠤᠭᠠᠰᠤ ᠶᠢ ᠬᠦᠩᠬᠡᠷᠡᠭᠦᠯᠦᠭᠰᠡᠨ | ᠪᠠᠶᠢᠨ᠎ᠠ᠃ | ᠬᠦᠲᠦᠯᠦᠭᠴᠢ᠄ ᠬᠤᠳᠠ ᠶᠢᠨ ᠠᠷᠠᠳ ᠤᠨ ᠶᠡᠭᠡ ᠲᠢᠩᠬᠢᠮ ᠨᠢ 20 ᠭᠠᠷᠤᠢ ᠴᠤᠩᠬᠤᠪᠴᠢ ᠨᠢᠬᠡᠴᠢ ᠲᠠᠢ | ᠬᠤᠯᠪᠤᠬᠳᠠᠵᠦ᠂ ᠲᠠᠨ ᠤ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠲᠦᠪ ᠨᠢ ᠠᠵᠢᠯ ᠤᠨ ᠰᠤᠷᠳᠠᠯ᠂ ᠠᠵᠢᠯ ᠤᠨ | ᠴᠢᠳᠠᠮᠵᠢ ᠶᠢ ᠬᠢᠨᠠᠨ ᠬᠠᠮᠢᠶᠠᠷᠬᠤ ᠲᠠᠯ᠎ᠠ ᠪᠠᠷ ᠶᠠᠮᠠᠷ ᠠᠷᠭ᠎ᠠ ᠠᠪᠴᠠᠯ ᠠᠪᠴᠤ ᠪᠠᠶᠢᠬᠤ ᠪᠤᠢ︖ | ᠵᠤᠴᠢᠨ᠄ ᠬᠤᠳᠠ ᠶᠢᠨ ᠠᠷᠠᠳ ᠤᠨ ᠶᠡᠭᠡ ᠲᠢᠩᠬᠢᠮ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ | ᠪᠤᠯᠤᠬᠰᠠᠨ ᠤ ᠬᠤᠪᠢ ᠳᠤ᠂ ᠡᠳᠦᠷ ᠲᠤᠳᠤᠮ ᠤᠨ ᠬᠢᠨᠠᠨ ᠬᠠᠮᠢᠶᠠᠷᠤᠯᠳᠠ ᠶᠢᠨ ᠶᠠᠪᠤᠴᠠ ᠲᠤᠮᠳᠠ᠂ ᠪᠢᠳᠡ ︽ | ᠡᠳᠦᠷ ᠲᠤ ᠨᠢᠬᠡ ᠤᠳᠠᠭ᠎ᠠ ᠲᠤᠭᠤᠷᠢᠨ ᠪᠠᠶᠢᠴᠠᠭᠠᠬᠤ᠂ ᠭᠠᠷᠠᠬ ᠲᠤ ᠨᠢᠬᠡ ᠤᠳᠠᠭ᠎ᠠ ᠮᠡᠳᠡᠭᠳᠡᠬᠦ᠂ ᠰᠠᠷ᠎ᠠ ᠳᠤ ᠨᠢᠬᠡ | ᠤᠳᠠᠭ᠎ᠠ ᠠᠳᠠᠯᠢᠳᠬᠠᠬᠤ︾ ᠠᠵᠢᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠶᠡᠭᠡ ᠲᠢᠩᠬᠢᠮ ᠤᠨ | ᠪᠠᠶᠢᠳᠠᠯ ᠢ ᠲᠤᠬᠳᠠᠮᠠᠯ ᠬᠤᠭᠤᠴᠠᠭ᠎ᠠ ᠲᠠᠢ ᠪᠠᠷ ᠪᠦᠬᠦ ᠲᠤᠭᠤᠷᠢᠬ ᠲᠤ ᠮᠡᠳᠡᠭᠳᠡᠵᠦ᠂ ᠲᠤᠭᠤᠷᠢᠬ ᠤᠨ ᠨᠠᠮ ᠤᠨ | ᠬᠤᠷᠢᠶ᠎ᠠ᠂ ᠲᠤᠭᠤᠷᠢᠬ ᠤᠨ ᠵᠠᠰᠠᠬ ᠤᠨ ᠤᠷᠳᠤᠨ ᠤ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠳᠤ ᠮᠡᠳᠡᠬᠦᠯᠵᠦ ᠪᠠᠶᠢᠨ᠎ᠠ᠃ ᠡᠬᠦᠨ ᠢᠶᠠᠷ ᠪᠠᠷᠠᠬᠤ ᠦᠬᠡᠢ ︽ᠵᠠᠰᠠᠬ ᠤᠨ ᠶᠠᠪᠤᠳᠠᠯ ᠤᠨ | ᠦᠢᠯᠡᠴᠢᠯᠡᠬᠡᠨ ᠤ ᠲᠦᠪ ᠤᠨ ᠦᠢᠯᠡᠴᠢᠯᠡᠭᠡ ᠶᠢᠨ ᠵᠠᠭᠠᠯᠳᠤᠯᠭ᠎ᠠ ᠶᠢ ᠰᠢᠢᠳᠪᠦᠷᠢᠯᠡᠬᠦ ᠲᠦᠷᠢᠮᠵᠢᠬᠦᠯᠦᠯ︾ ︵ | ᠤᠯᠤᠰ ᠤᠨ ᠪᠠᠷᠢᠮᠵᠢᠶ᠎ᠠ ᠶᠢᠨ GB/T36113-2018︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ︽ | ᠬᠦᠨᠳᠡᠯᠡᠨ ᠲᠤᠭᠤᠷᠢᠬ ᠤᠨ ᠬᠤᠳᠠ ᠶᠢᠨ ᠠᠷᠠᠳ ᠤᠨ ᠶᠡᠭᠡ ᠲᠢᠩᠬᠢᠮ ᠤᠨ ᠵᠠᠭᠠᠯᠳᠤᠯᠭ᠎ᠠ ᠶᠢ ᠰᠢᠢᠳᠪᠦᠷᠢᠯᠡᠬᠦ ᠲᠦᠷᠢᠮ | ︾ ᠢ ᠲᠡᠬᠦᠯᠳᠡᠷᠵᠢᠬᠦᠯᠦᠨ᠂ ᠰᠦᠯᠵᠢᠶᠡᠨ ᠲᠡᠭᠡᠷᠡᠬᠢ ᠪᠠ ᠪᠤᠳᠠᠳᠠᠢ ᠡᠯᠧᠺᠲᠷᠤᠨ ᠬᠢᠨᠠᠨ ᠪᠠᠶᠢᠴᠠᠭᠠᠯᠳᠠ ᠶᠢᠨ ᠠᠵᠢᠯ ᠢ | ᠪᠦᠬᠦ ᠲᠠᠯ᠎ᠠ ᠪᠠᠷ ᠬᠡᠷᠡᠭᠵᠢᠬᠦᠯᠵᠦ᠂ ᠰᠦᠯᠵᠢᠶᠡᠨ ᠲᠡᠭᠡᠷᠡᠬᠢ ᠪᠠ ᠪᠤᠳᠠᠳᠠᠢ ᠵᠠᠭᠠᠯᠳᠤᠯᠭ᠎ᠠ ᠢᠯᠡᠴᠢᠯᠡᠭᠡ ᠬᠢᠬᠦ ᠠᠷᠭ᠎ᠠ | ᠵᠠᠮ ᠢ ᠰᠢᠯᠤᠭᠤᠳᠬᠠᠵᠦ᠂ ᠬᠤᠳᠠ ᠶᠢᠨ ᠠᠷᠠᠳ ᠤᠨ ᠶᠡᠭᠡ ᠲᠢᠩᠬᠢᠮ ᠤᠨ ᠲᠤᠰᠬᠠᠢ ᠠᠵᠢᠯ ᠤᠨ ᠵᠠᠭᠠᠯᠳᠤᠯᠭ᠎ᠠ ᠶᠢᠨ | ᠬᠠᠯᠠᠮᠰᠢᠯ ᠤᠳᠠᠰᠤ 5990371 ᠶᠢ ᠨᠡᠮᠡᠨ ᠲᠤᠬᠢᠷᠠᠭᠤᠯᠵᠦ᠂ ︽ᠨᠢᠬᠡ ᠤᠳᠠᠰᠤᠨ ᠨᠤᠮᠧᠷ ᠨᠢ ᠭᠠᠳᠠᠨᠠᠬᠢ ᠳᠤ | ᠬᠠᠨᠳᠤᠬᠤ᠂ ᠨᠢᠬᠡᠳᠦᠯᠳᠡᠢ ᠬᠤᠪᠢᠶᠠᠨ ᠲᠤᠮᠢᠯᠠᠬᠤ᠂ ᠬᠤᠪᠢᠳᠠᠬᠰᠠᠨ ᠰᠠᠯᠠᠭ᠎ᠠ ᠮᠦᠴᠢᠷ ᠤᠨ ᠬᠢᠨ ᠬᠦᠢᠴᠡᠳᠬᠡᠬᠦ᠂ | ᠨᠢᠬᠡᠳᠦᠯᠳᠡᠢ ᠬᠢᠨᠠᠨ ᠬᠠᠮᠢᠶᠠᠷᠬᠤ︾ ᠶᠢ ᠪᠡᠶᠡᠯᠡᠬᠦᠯᠦᠭᠰᠡᠨ ᠪᠠᠶᠢᠨ᠎ᠠ᠃ ︽ᠰᠤᠷᠳᠠᠯ ᠤᠨ ᠪᠠᠶᠢᠭᠤᠯᠤᠯᠳᠠ ᠶᠢᠨ | ᠰᠠᠨᠠᠯ ᠤᠨ ᠬᠠᠶᠢᠷᠴᠠᠬ︾ ᠲᠤᠬᠢᠷᠠᠭᠤᠯᠵᠦ᠂ ᠡᠯᠧᠺᠲᠷᠤᠨ ᠯᠠᠪᠯᠠᠨ ᠪᠠᠶᠢᠴᠠᠭᠠᠯᠳᠠ ᠶᠢᠨ ᠮᠠᠰᠢᠨ ᠪᠠ ᠵᠢᠷᠬᠢᠶ᠎ᠠ ᠶᠢᠨ | ᠤᠯᠠᠨ ᠨᠡᠶᠢᠳᠡ ᠶᠢᠨ ᠲᠠᠪᠴᠠᠩ ᠤᠨ ᠬᠠᠨᠤᠮᠵᠢ ᠶᠢ ᠦᠨᠡᠯᠡᠬᠦ ᠴᠢᠳᠠᠮᠵᠢ ᠪᠠ ᠤᠯᠠᠨ ᠲᠦᠮᠡᠨ ᠤ ᠰᠠᠨᠠᠯ ᠢᠶᠠᠨ | ᠢᠯᠡᠳᠬᠡᠬᠦ ᠴᠤᠩᠬᠤᠪᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠨᠡᠶᠢᠬᠡᠮ ᠤᠨ ᠬᠢᠨᠠᠯᠳᠠ ᠶᠢ ᠴᠢᠩᠭᠠᠳᠬᠠᠨ᠂ | ᠤᠯᠠᠨ ᠲᠦᠮᠡᠨ ᠤ ᠲᠤᠰᠬᠠᠬᠰᠠᠨ ᠠᠰᠠᠭᠤᠳᠠᠯ ᠢ ᠴᠠᠬ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠦ ᠰᠢᠢᠳᠪᠦᠷᠢᠯᠡᠭᠰᠡᠨ | ᠪᠠᠶᠢᠨ᠎ᠠ᠃ | ᠬᠦᠲᠦᠯᠦᠭᠴᠢ᠄ ᠮᠠᠨ ᠤ ᠲᠤᠭᠤᠷᠢᠬ ︽ᠢᠨᠲ᠋ᠧᠷ ᠰᠦᠯᠵᠢᠶ᠎ᠠ + ᠵᠠᠰᠠᠬ ᠤᠨ ᠶᠠᠪᠤᠳᠠᠯ ᠤᠨ ᠦᠢᠯᠡᠴᠢᠯᠡᠭᠡ︾ | ᠶᠢᠨ ᠦᠬᠡᠷᠡᠴᠢᠯᠡᠯᠳᠡ ᠶᠢ ᠠᠬᠢᠭᠤᠯᠬᠤ ᠲᠠᠯ᠎ᠠ ᠪᠠᠷ ᠶᠠᠮᠠᠷ ᠰᠠᠶᠢᠨ ᠠᠷᠭ᠎ᠠ ᠬᠢᠳᠡᠯ ᠲᠠᠢ ᠪᠤᠢ︖ | ᠵᠤᠴᠢᠨ᠄ ︽ᠢᠨᠲ᠋ᠧᠷ ᠰᠦᠯᠵᠢᠶ᠎ᠠ + ᠵᠠᠰᠠᠬ ᠤᠨ ᠶᠠᠪᠤᠳᠠᠯ ᠤᠨ ᠦᠢᠯᠡᠴᠢᠯᠡᠭᠡ︾ ᠨᠢ ︽ᠲᠠᠯᠪᠢᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠴᠢᠬᠤᠯᠠ ᠨᠢᠬᠡ ᠭᠤᠬᠴᠤᠭ᠎ᠠ ᠪᠤᠯᠤᠬᠰᠠᠨ ᠤ ᠬᠤᠪᠢ ᠳᠤ᠂ | ᠪᠠᠰᠠ ᠴᠤ ᠪᠢᠳᠡᠨ ᠤ ᠭᠤᠤᠯᠳᠠᠯᠭ᠎ᠠ ᠲᠠᠢ ᠠᠵᠢᠯ ᠤᠨ ᠨᠢᠬᠡ ᠪᠠᠶᠢᠵᠦ᠂ ᠬᠤᠳᠠ ᠶᠢᠨ ᠶᠠᠪᠤᠳᠠᠯ ᠤᠨ ᠦᠢᠯᠡᠴᠢᠯᠡᠬᠡᠨ ᠤ | ᠲᠦᠪ ᠤᠨ ᠪᠡᠶ᠎ᠠ ᠶᠢᠨ ᠬᠡᠷᠡᠴᠢᠯᠡᠯᠳᠡ ᠶᠢᠨ ᠲᠠᠪᠴᠠᠩ᠂ ᠡᠯᠧᠺᠲᠷᠤᠨ ᠦᠨᠡᠮᠯᠡᠯ ᠤᠨ ᠰᠡᠬᠦᠳᠡᠷ ᠤᠨ ᠬᠦᠮᠦᠷᠬᠡ ᠪᠠ | ᠵᠠᠰᠠᠬ ᠤᠨ ᠶᠠᠪᠤᠳᠠ ᠤᠨ ᠳ᠋ᠠᠶᠢᠲ᠋ᠠ ᠶᠢᠨ ᠬᠠᠮᠳᠤ ᠪᠠᠷ ᠡᠳ᠋ᠯᠡᠵᠦ ᠰᠤᠯᠢᠯᠴᠠᠬᠤ ᠲᠠᠪᠴᠠᠩ ᠢ ᠪᠠᠶᠢᠭᠤᠯᠬᠤ ᠠᠴᠠ ᠡᠮᠦᠨ᠎ᠠ᠂ | ᠪᠢᠳᠡᠨ ᠪᠤᠳᠠᠳᠤ ᠴᠤᠬᠴᠠ ᠶᠢᠨ ᠶᠡᠭᠡ ᠲᠢᠩᠬᠢᠮ ᠬᠢᠬᠡᠳ ᠰᠦᠯᠵᠢᠶᠡᠨ ᠲᠡᠭᠡᠷᠡᠬᠢ ᠶᠡᠭᠡ ᠲᠢᠩᠬᠢᠮ ᠤᠨ ᠰᠦᠯᠵᠢᠶᠡᠨ | ᠲᠡᠭᠡᠷᠡᠬᠢ ᠪᠠ ᠪᠤᠳᠠᠳᠠᠢ ᠠᠭᠤᠰᠤᠯᠴᠠᠭ᠎ᠠ ᠶᠢ ᠴᠢᠨᠠᠬᠰᠢᠳᠠ ᠠᠬᠢᠭᠤᠯᠵᠦ᠂ ᠮᠡᠳᠡᠭᠡ ᠵᠠᠩᠬᠢ ᠶᠢᠨ ᠳ᠋ᠠᠶᠢᠲ᠋ᠠ ᠶᠢ | ᠬᠠᠮᠳᠤ ᠪᠠᠷ ᠡᠳ᠋ᠯᠡᠬᠦ ᠶᠢ ᠠᠬᠢᠭᠤᠯᠤᠨ᠂ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃ ᠨᠢᠬᠡ ᠳᠤ᠂ ᠵᠢᠷᠬᠢᠶ᠎ᠠ ᠶᠢᠨ | ᠤᠯᠠᠨ ᠨᠡᠶᠢᠳᠡ ᠶᠢᠨ ᠲᠠᠪᠴᠠᠩ ᠢ ᠪᠦᠬᠦ ᠲᠠᠯ᠎ᠠ ᠪᠠᠷ ᠲᠡᠰ ᠲᠡᠪᠰᠢᠬᠦᠯᠵᠦ᠂ ᠵᠢᠷᠬᠢᠶ᠎ᠠ ᠶᠢᠨ ᠤᠯᠠᠨ ᠨᠡᠶᠢᠳᠡ ᠶᠢᠨ | ᠲᠠᠪᠴᠠᠩ᠂ ᠰᠦᠯᠵᠢᠶᠡᠨ ᠲᠡᠬᠡᠷᠡᠬᠢ ᠶᠡᠭᠡ ᠲᠢᠩᠬᠢᠮ ᠵᠡᠷᠬᠡ ᠲᠠᠪᠴᠠᠩ ᠳᠤ ᠲᠦᠰᠢᠭᠯᠡᠨ᠂ ᠦᠢᠯᠡᠴᠢᠯᠡᠬᠡᠨ ᠤ | ᠶᠠᠪᠤᠳᠠᠯ ᠤᠨ ᠨᠠᠷᠢᠨ ᠲᠠᠩᠰᠠ ᠶᠢ ᠮᠡᠳᠡᠭᠳᠡᠬᠦ ᠲᠦᠷᠢᠮ ᠢ ᠬᠡᠷᠡᠭᠵᠢᠬᠦᠯᠪᠡ︔ ᠬᠤᠶᠠᠷ ᠲᠤ᠂ 44 ᠵᠦᠢᠯ ᠤᠨ | ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠶᠠᠪᠤᠳᠠᠯ ᠢ ᠰᠦᠯᠵᠢᠶᠡᠨ ᠲᠡᠭᠡᠷ᠎ᠠ ᠤᠷᠢᠳᠴᠢᠯᠠᠨ ᠬᠢᠨᠠᠬᠤ ᠴᠢᠳᠠᠮᠵᠢ ᠶᠢ | ᠲᠤᠬᠢᠷᠠᠭᠤᠯᠪᠠ︔ ᠭᠤᠷᠪᠠ ᠳᠤ᠂ ᠰᠦᠯᠵᠢᠶᠡᠨ ᠲᠡᠬᠡᠷᠡᠬᠢ ︽ᠪᠡᠶ᠎ᠠ ᠶᠢᠨ ᠦᠨᠡᠮᠯᠡᠯ ᠬᠢᠯᠬᠡᠬᠦ ᠳᠤ ᠤᠷᠢᠳᠴᠢᠯᠠᠨ | ᠪᠤᠯᠵᠤᠬᠤ︾ ᠦᠢᠯᠡᠴᠢᠯᠡᠭᠡ ᠵᠢᠴᠢ ᠤᠷᠤᠰᠢᠨ ᠠᠮᠢᠳᠤᠷᠠᠬᠤ ᠬᠡᠷᠡᠴᠢᠯᠡᠯᠳᠡ ᠶᠢᠨ ᠰᠢᠰᠲ᠋ᠧᠮ ᠢ ᠨᠡᠬᠡᠬᠡᠨ ᠡᠬᠦᠳᠪᠡ︔ | ᠲᠦᠷᠪᠡ ᠳᠤ᠂ ᠠᠰᠠᠭᠤᠨ ᠯᠠᠪᠯᠠᠭ᠎ᠠ ᠶᠢᠨ ᠲᠠᠪᠴᠠᠩ ᠢᠶᠠᠷ ᠲᠠᠮᠵᠢᠵᠦ ᠬᠦᠲᠦᠯᠦᠨ ᠲᠠᠭᠠᠭᠤᠯᠬᠤ ᠶᠢ ᠲᠠᠨᠢᠯᠴᠠᠭᠤᠯᠬᠤ᠂ | ᠲᠤᠰᠬᠠᠢ ᠬᠦᠮᠦᠨ ᠪᠦᠬᠦ ᠶᠠᠪᠤᠴᠠ ᠶᠢ ᠬᠠᠪᠰᠤᠷᠤᠨ ᠵᠢᠯᠤᠭᠤᠳᠬᠤ ᠵᠡᠷᠬᠡ ᠠᠷᠭ᠎ᠠ ᠬᠡᠯᠪᠡᠷᠢ ᠪᠠᠷ ᠠᠵᠦ ᠠᠬᠤᠢᠢᠯᠠᠯ | ᠤᠯᠠᠨ ᠲᠦᠮᠡᠨ ᠤ ᠲᠤᠬᠠᠢᠢᠯᠠᠬᠰᠠᠨ ᠠᠵᠢᠯ ᠢᠶᠠᠨ ᠬᠦᠢᠴᠡᠳᠬᠡᠬᠦ ᠶᠢ ᠰᠦᠯᠵᠢᠶᠡᠨ ᠲᠡᠭᠡᠷ᠎ᠠ ᠲᠠᠮᠵᠢᠵᠦ ᠪᠡᠶ᠎ᠠ ᠪᠠᠨ | ᠲᠠᠭᠠᠭᠠᠵᠦ ᠭᠤᠶᠤᠴᠢᠯᠠᠨ ᠮᠡᠳᠡᠬᠦᠯᠬᠦ᠂ ᠵᠢᠷᠬᠢᠶ᠎ᠠ ᠶᠢᠨ ᠤᠯᠠᠨ ᠨᠡᠶᠢᠳᠡ ᠶᠢᠨ ᠲᠠᠪᠴᠠᠩ᠂ ᠠᠵᠢᠯ ᠲᠦᠷᠦᠯ ᠤᠨ | ᠰᠠᠯᠠᠭ᠎ᠠ ᠮᠦᠴᠢᠷ ᠤᠨ ᠭᠠᠷ ᠤᠳᠠᠰᠤᠨ ᠤ ᠰᠢᠯᠵᠢᠶ᠎ᠠ ᠵᠡᠷᠬᠡ ᠪᠠᠷ ᠲᠠᠮᠵᠢᠵᠦ ᠪᠡᠶᠡᠯᠡᠬᠦᠯᠬᠦ ᠶᠢ ᠢᠳᠡᠪᠬᠢᠳᠡᠢ ᠬᠦᠲᠦᠯᠦᠨ | ᠵᠢᠯᠤᠭᠤᠳᠴᠤ᠂ ︽ᠢᠨᠲ᠋ᠧᠷ ᠰᠦᠯᠵᠢᠶ᠎ᠠ + ᠵᠠᠰᠠᠬ ᠤᠨ ᠶᠠᠪᠤᠳᠠᠯ ᠤᠨ ᠦᠢᠯᠡᠴᠢᠯᠡᠭᠡ︾ ᠶᠢ ᠦᠪ ᠦᠨᠡᠨ ᠬᠦ ᠠᠷᠠᠳ | ᠤᠯᠠᠨ ᠳᠤ ᠠᠰᠢᠬ ᠬᠦᠷᠳᠡᠭᠡᠭᠰᠡᠨ ᠪᠠᠶᠢᠨ᠎ᠠ᠃ | ᠬᠦᠲᠦᠯᠦᠭᠴᠢ᠄ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠲᠦᠪ ᠨᠢ ᠬᠤᠳᠠᠯᠳᠤᠭ᠎ᠠ ᠡᠷᠬᠢᠯᠡᠬᠦ ᠤᠷᠴᠢᠨ | ᠨᠦᠬᠦᠴᠡᠯ ᠢ ᠰᠢᠯᠢᠳᠡᠭᠵᠢᠬᠦᠯᠬᠦ ᠲᠠᠯ᠎ᠠ ᠪᠠᠷ ᠶᠠᠮᠠᠷ ᠠᠷᠭ᠎ᠠ ᠠᠪᠴᠠᠯ ᠠᠪᠴᠤ ᠪᠠᠶᠢᠬᠤ ᠪᠤᠢ︖ | ᠵᠤᠴᠢᠨ᠄ ᠦᠢᠯᠡᠴᠢᠯᠡᠬᠡᠨ ᠤ ᠶᠠᠰᠤ ᠴᠢᠨᠠᠷ ᠢ ᠲᠡᠭᠡᠭᠰᠢᠯᠡᠬᠦᠯᠦᠨ᠂ ᠬᠤᠳᠠᠯᠳᠤᠭ᠎ᠠ ᠡᠷᠬᠢᠯᠡᠬᠦ ᠤᠷᠴᠢᠨ | ᠨᠦᠬᠦᠴᠡᠯ ᠢ ᠰᠢᠯᠢᠳᠡᠭᠵᠢᠬᠦᠯᠵᠦ᠂ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠲᠡᠭᠡᠭᠰᠢᠯᠡᠬᠦᠯᠬᠦ ᠪᠤᠯ ᠶᠡᠷᠦ ᠨᠢ | ᠮᠠᠨ ᠤ ᠲᠤᠭᠤᠷᠢᠬ ᠤᠨ ᠲᠠᠰᠤᠷᠠᠯᠳᠠ ᠦᠬᠡᠢ ᠴᠢᠷᠮᠠᠶᠢᠬᠤ ᠴᠢᠭᠯᠡᠯ ᠪᠤᠯᠤᠬᠰᠠᠭᠠᠷ ᠢᠷᠡᠵᠦ᠂ ᠵᠠᠰᠠᠬ ᠤᠨ ᠶᠠᠪᠤᠳᠠᠯ ᠤᠨ | ᠦᠢᠯᠡᠴᠢᠯᠡᠬᠡᠨ ᠤ ᠲᠦᠪ ᠨᠢ ᠡᠬᠦᠨ ᠤ ᠲᠤᠳᠤᠷᠠᠬᠢ ᠴᠢᠬᠤᠯᠠ ᠪᠦᠷᠢᠯᠳᠦᠬᠦᠨ ᠬᠡᠰᠡᠭ ᠪᠤᠯᠤᠬᠰᠠᠨ ᠤ ᠬᠤᠪᠢ ᠳᠤ᠂ | ᠠᠷᠠᠳ ᠲᠤ ᠠᠰᠢᠬ ᠬᠦᠷᠳᠡᠬᠡᠬᠦ ᠤᠯᠠᠨ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠠᠢ᠃ | ᠨᠢᠬᠡ ᠳᠤ᠂ ᠢᠳᠡᠬᠡᠨ ᠤᠮᠳᠠᠭᠠᠨ ᠤ ᠦᠢᠯᠡᠴᠢᠯᠡᠭᠡ᠂ ᠡᠮᠴᠢᠯᠡᠬᠡᠨ ᠤ ᠪᠠᠶᠢᠭᠤᠯᠤᠮᠵᠢ ︵︽ᠵᠢᠵᠢᠭ ᠬᠤᠭᠤᠯᠠᠨ ᠬᠡᠷ᠂ | ᠵᠢᠵᠢᠭ ᠡᠮ ᠤᠨ ᠲᠡᠯᠬᠡᠬᠦᠷ᠂ ᠵᠢᠵᠢᠭ ᠡᠮᠴᠢᠯᠡᠬᠡᠨ ᠤ ᠲᠠᠰᠤᠬ︾︶ ᠶᠢ ᠬᠢᠨᠠᠨ ᠵᠦᠪᠰᠢᠶᠡᠷᠡᠬᠦ ᠶᠢ ᠲᠦᠪᠯᠡᠷᠡᠬᠦᠯᠬᠦ | ᠦᠢᠯᠡᠴᠢᠯᠡᠭᠡ ᠭᠠᠷᠭᠠᠵᠠᠢ᠃ ︽ᠨᠢᠬᠡ ᠤᠳᠠᠭ᠎ᠠ ᠮᠡᠳᠡᠭᠳᠡᠬᠦ᠂ ᠨᠢᠬᠡ ᠬᠠᠭᠤᠳᠠᠰᠤ ᠬᠦᠰᠦᠨᠦᠭ᠂ ᠨᠢᠬᠡ ᠢᠵᠢ | ᠮᠠᠲ᠋ᠧᠷᠢᠶᠠᠯ︾ ᠲᠦᠪᠯᠡᠷᠡᠬᠦᠯᠤᠨ ᠬᠦᠢᠴᠡᠳᠬᠡᠬᠦ ᠵᠠᠬᠪᠤᠷ ᠢ ᠬᠡᠷᠡᠭᠯᠡᠵᠦ᠂ ᠶᠠᠪᠤᠳᠠᠯ ᠬᠦᠢᠴᠡᠳᠬᠡᠬᠦ ᠪᠦᠬᠦ ᠭᠤᠬᠴᠤᠭ᠎ᠠ᠂ | ᠬᠡᠷᠡᠭᠰᠡᠬᠦ ᠪᠦᠬᠦ ᠮᠠᠲ᠋ᠧᠷᠢᠶᠠᠯ ᠢ ᠨᠢᠬᠡ ᠬᠠᠭᠤᠳᠠᠰᠤ ᠬᠦᠰᠦᠨᠦᠭ ᠢᠶᠠᠷ ᠲᠤᠳᠤᠷᠬᠠᠢ ᠨᠠᠷᠢᠨ ᠵᠢᠭᠰᠠᠭᠠᠵᠦ᠂ ᠨᠢᠬᠡ ᠯᠡ | ᠤᠳᠠᠭ᠎ᠠ ᠳᠤ ᠠᠵᠦ ᠠᠬᠤᠢᠢᠯᠠᠯ ᠪᠠ ᠤᠯᠠᠨ ᠲᠦᠮᠡᠨ ᠳᠤ ᠰᠠᠶᠢᠳᠤᠷ ᠮᠡᠳᠡᠭᠳᠡᠵᠦ ᠪᠠᠶᠢᠨ᠎ᠠ᠃ ᠬᠤᠶᠠᠷ ᠲᠤ᠂ ᠲᠦᠷᠦᠯ | ᠵᠦᠢᠯ ᠢ ᠬᠦᠯᠢᠶᠡᠨ ᠠᠪᠬᠤ ᠴᠠᠬ ᠬᠤᠭᠤᠴᠠᠭ᠎ᠠ ᠶᠢ ᠴᠢᠨᠠᠬᠰᠢᠳᠠ ᠪᠠᠭᠠᠰᠬᠠᠬᠤ ᠠᠵᠢᠯᠯᠠᠭ᠎ᠠ ᠶᠢ ᠬᠡᠷᠡᠭᠵᠢᠬᠦᠯᠪᠡ᠃ | ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠲᠦᠪ ᠲᠠᠢ ᠬᠠᠮᠳᠤ ᠪᠠᠷ ᠦᠢᠯᠡᠴᠢᠯᠡᠭᠡ ᠶᠢ ᠵᠤᠯᠭᠠᠭᠤᠯᠬᠤ ᠲᠤᠰᠬᠠᠢ | ᠲᠠᠯᠠᠪᠤᠷ ᠬᠤᠷᠠᠯ ᠢ ᠵᠤᠬᠢᠶᠠᠨ ᠪᠠᠶᠢᠭᠤᠯᠬᠤ ᠬᠡᠯᠪᠡᠷᠢ ᠪᠠᠷ ᠲᠠᠮᠵᠢᠵᠦ᠂ ᠬᠤᠳᠠ᠂ ᠲᠤᠭᠤᠷᠢᠬ ᠬᠤᠶᠠᠷ ᠱᠠᠳᠤᠨ ᠤ | ᠨᠡᠶᠢᠳᠡ 20 ᠭᠠᠷᠤᠢ ᠰᠠᠯᠠᠭ᠎ᠠ ᠮᠦᠴᠢᠷ ᠨᠢ ᠲᠤᠬᠠᠢ ᠶᠢᠨ ᠲᠠᠯᠠᠪᠠᠢ ᠳᠤ ᠨᠤᠳᠤᠬᠰᠢᠬᠰᠠᠨ ᠲᠦᠷᠦᠯ ᠵᠦᠢᠯ ᠤᠨ | ᠡᠷᠡᠬᠡᠯᠵᠡᠭᠡ ᠶᠢ ᠲᠠᠶᠢᠯᠵᠦ᠂ ᠴᠢᠭᠯᠡᠬᠦᠯᠦᠯᠳᠤ ᠴᠢᠨᠠᠷᠳᠠᠢ᠂ ᠬᠡᠷᠡᠭᠵᠢᠬᠦᠯᠦᠯᠳᠤ ᠴᠢᠨᠠᠷᠳᠠᠢ ᠰᠠᠨᠠᠯ ᠢ ᠲᠤᠷᠠᠳᠤᠬᠰᠠᠨ | ᠪᠠᠶᠢᠨ᠎ᠠ᠃ ᠲᠤᠭᠤᠷᠢᠬ ᠤᠨ ᠲᠤᠰ ᠱᠠᠳᠤᠨ ᠤ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠶᠠᠪᠤᠳᠠᠯ ᠳᠤ | ᠬᠤᠯᠪᠤᠬᠳᠠᠬᠰᠠᠨ ᠢ ᠬᠠᠮᠢᠶ᠎ᠠ ᠪᠦᠬᠦᠢ ᠨᠢᠬᠡᠴᠢ ᠬᠡᠨ ᠠᠴᠠ ᠤᠷᠢᠳᠠᠵᠦ ᠠᠰᠠᠭᠤᠪᠠᠯ ᠬᠡᠨ ᠬᠠᠷᠢᠭᠤᠴᠠᠬᠤ ᠵᠠᠷᠴᠢᠮ | ᠶᠤᠰᠤᠭᠠᠷ᠂ ᠠᠵᠦ ᠠᠬᠤᠢᠢᠯᠠᠯ ᠢ ᠵᠢᠯᠤᠭᠤᠳᠤᠨ ᠶᠠᠪᠤᠳᠠᠯ ᠢ ᠬᠦᠢᠴᠡᠳᠬᠡᠵᠦ ᠪᠠᠶᠢᠨ᠎ᠠ᠃ ᠲᠤᠭᠤᠷᠢᠬ ᠤᠨ ᠲᠤᠰ | ᠱᠠᠳᠤᠨ ᠤ ᠡᠷᠬᠡ ᠶᠢᠨ ᠬᠦᠷᠢᠶ᠎ᠠ ᠬᠡᠪᠴᠢᠶᠡᠨ ᠳᠤ ᠦᠬᠡᠢ ᠶᠢ ᠨᠢ᠂ ᠲᠡᠰ ᠲᠠᠷᠠᠭᠠᠯᠠᠯ ᠢᠶᠠᠷ ᠬᠦᠲᠦᠯᠦᠨ ᠵᠢᠯᠤᠭᠤᠳᠬᠤ | ᠵᠡᠷᠬᠡ ᠠᠷᠭ᠎ᠠ ᠬᠡᠯᠪᠡᠷᠢ ᠪᠠᠷ ᠲᠠᠮᠵᠢᠵᠦ᠂ ᠶᠠᠪᠤᠳᠠᠯ ᠬᠦᠢᠴᠡᠳᠬᠡᠬᠦ ᠳᠤ ᠬᠠᠮᠵᠢᠨ ᠲᠤᠰᠠᠯᠠᠵᠦ ᠪᠠᠶᠢᠨ᠎ᠠ᠃ ᠭᠤᠷᠪᠠ ᠳᠤ᠂ | ︽ᠨᠢᠬᠡ ᠴᠤᠩᠬᠤᠪᠴᠢ ᠳᠤ ᠬᠦᠯᠢᠶᠡᠨ ᠠᠪᠬᠤ᠂ ᠨᠢᠬᠡ ᠬᠡᠯᠬᠢᠶ᠎ᠠ ᠳᠤ ᠬᠦᠢᠴᠡᠳᠬᠡᠬᠦ︾ ᠵᠠᠬᠪᠤᠷ ᠢ ᠶᠡᠭᠡ ᠪᠠᠷ | ᠬᠡᠷᠡᠭᠵᠢᠬᠦᠯᠵᠦ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠴᠢᠨᠠᠬᠰᠢᠳᠠ ᠠᠬᠢᠭᠤᠯᠵᠦ᠂ | ᠵᠠᠬ᠎ᠠ ᠲᠡᠯᠬᠡᠬᠦᠷ ᠲᠤ ᠤᠷᠤᠬᠤ ᠪᠠᠷᠢᠮᠵᠢᠶ᠎ᠠ ᠶᠢ ᠲᠤᠷᠤᠬᠰᠢᠯᠠᠭᠤᠯᠤᠨ᠂ ᠠᠵᠦ ᠠᠬᠤᠢᠢᠯᠠᠯ ᠳᠤ ᠬᠤᠪᠢᠶᠠᠷᠢ ᠲᠢᠩᠬᠢᠮ | ᠲᠤᠬᠢᠷᠠᠭᠤᠯᠤᠨ ᠠᠵᠦ ᠠᠬᠤᠢᠢᠯᠠᠯ ᠡᠷᠬᠢᠯᠡᠬᠦ ᠦᠢᠯᠡᠴᠢᠯᠡᠬᠡᠨ ᠤ ᠲᠤᠰᠬᠠᠢ ᠲᠤᠭᠤᠷᠢᠬ ᠭᠠᠷᠭᠠᠵᠦ᠂ ᠲᠠᠮᠠᠭ᠎ᠠ ᠰᠡᠶᠢᠯᠬᠦ᠂ | ᠪᠠᠩᠬᠢ᠂ ᠲᠦᠷᠬᠡᠨ ᠲᠠᠮᠵᠢᠭᠤᠯᠭ᠎ᠠ ᠵᠡᠷᠬᠡ ᠦᠢᠯᠡᠴᠢᠯᠡᠭᠡ ᠶᠢ ᠤᠷᠤᠭᠤᠯᠤᠨ ᠠᠪᠴᠢᠷᠠᠵᠦ᠂ ᠠᠵᠦ ᠠᠬᠤᠢᠢᠯᠠᠯ ᠤᠨ | ᠲᠠᠩᠰᠠᠯᠠᠭᠤᠯᠬᠤ᠂ ᠲᠠᠮᠠᠭ᠎ᠠ ᠰᠡᠶᠢᠯᠵᠦ ᠵᠤᠬᠢᠶᠠᠬᠤ᠂ ᠪᠠᠩᠬᠢ ᠶᠢᠨ ᠲᠠᠩᠰᠠ ᠨᠡᠬᠡᠬᠡᠬᠦ᠂ ᠭᠠᠶᠢᠯᠢ ᠶᠢᠨ ᠶᠠᠪᠤᠳᠠᠯ ᠢ | ᠬᠦᠯᠢᠶᠡᠨ ᠠᠪᠬᠤ ᠵᠡᠷᠬᠡ ᠲᠤᠬᠠᠢᠢᠯᠠᠬᠰᠠᠨ ᠠᠵᠢᠯ ᠢ ᠲᠦᠪᠯᠡᠷᠡᠬᠦᠯᠦᠨ ᠬᠦᠢᠴᠡᠳᠭᠡᠭᠰᠡᠨ ᠪᠠᠶᠢᠨ᠎ᠠ᠃ ᠶᠡᠭᠡ | ᠲᠢᠩᠬᠢᠮ ᠳᠤ ᠰᠦᠯᠵᠢᠶᠡᠨ ᠲᠡᠬᠡᠷ᠎ᠠ ᠲᠤᠬᠠᠢᠢᠯᠠᠬᠰᠠᠨ ᠠᠵᠢᠯ ᠬᠦᠢᠴᠡᠳᠬᠡᠬᠦ ᠶᠢ ᠬᠦᠲᠦᠯᠦᠨ ᠵᠢᠯᠤᠭᠤᠳᠬᠤ ᠲᠤᠭᠤᠷᠢᠬ | ᠲᠤᠬᠢᠷᠠᠭᠤᠯᠤᠨ᠂ ᠲᠤᠰᠬᠠᠢ ᠬᠦᠮᠦᠨ ᠢᠶᠠᠷ ᠠᠵᠦ ᠠᠬᠤᠢᠢᠯᠠᠯ ᠤᠨ ᠠᠰᠠᠭᠤᠨ ᠯᠠᠪᠯᠠᠬᠤ᠂ ᠭᠤᠶᠤᠴᠢᠯᠠᠭ᠎ᠠ ᠶᠢ | ᠬᠦᠯᠢᠶᠠᠨ ᠠᠪᠬᠤ᠂ ᠠᠦ᠋ᠲ᠋ᠣ᠋ ᠪᠠᠷ ᠬᠦᠢᠴᠡᠳᠬᠡᠬᠦ᠂ ᠪᠢᠴᠢᠭ ᠮᠠᠲ᠋ᠧᠷᠢᠶᠠᠯ ᠢ ᠲᠠᠮᠵᠢᠭᠤᠯᠬᠤ ᠵᠡᠷᠬᠡ ᠠᠵᠢᠯ ᠢ ᠪᠦᠬᠦ | ᠶᠠᠪᠤᠴᠠ ᠪᠠᠷ ᠨᠢ ᠬᠠᠷᠢᠭᠤᠴᠠᠭᠤᠯᠵᠦ᠂ ᠨᠢᠬᠡ ᠤᠳᠠᠭ᠎ᠠ ᠳᠤ ᠲᠤᠰᠢᠶᠠᠬᠤ᠂ ᠢᠵᠢᠯ ᠠᠯᠬᠤᠮ ᠢᠶᠠᠷ ᠬᠦᠢᠴᠡᠳᠬᠡᠬᠦ᠂ | ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ᠂ ᠬᠤᠭᠤᠴᠠᠭ᠎ᠠ ᠲᠤᠬᠳᠠᠭᠠᠨ ᠬᠦᠢᠴᠡᠳᠬᠡᠬᠦ ᠲᠠᠭᠤᠰᠬᠠᠬᠤ ︽ᠨᠢᠬᠡ | ᠴᠤᠩᠬᠤᠪᠴᠢ ᠳᠤ ᠬᠦᠯᠢᠶᠡᠨ ᠠᠪᠬᠤ᠂ ᠨᠢᠬᠡ ᠬᠡᠯᠬᠢᠶ᠎ᠠ ᠳᠤ ᠬᠦᠢᠴᠡᠳᠬᠡᠬᠦ︾ ᠵᠠᠬᠪᠤᠷ ᠢ ᠪᠡᠶᠡᠯᠡᠬᠦᠯᠦᠨ᠂ ᠠᠵᠦ | ᠠᠬᠤᠢᠢᠯᠠᠯ ᠡᠷᠬᠢᠯᠡᠬᠦ ᠴᠠᠬ ᠬᠤᠭᠤᠴᠠᠭ᠎ᠠ ᠶᠢ 5 ᠠᠵᠢᠯᠯᠠᠬᠤ ᠡᠳᠦᠷ ᠪᠤᠯᠭᠠᠨ ᠪᠤᠭᠤᠨᠢᠰᠬᠠᠵᠦ᠂ ᠠᠵᠦ ᠠᠬᠤᠢᠢᠯᠠᠯ | ᠡᠷᠬᠢᠯᠡᠬᠦ ᠦᠷ᠎ᠠ ᠪᠦᠲᠦᠮᠵᠢ ᠶᠢ ᠦᠨᠡᠨ ᠬᠦ ᠲᠡᠭᠡᠭᠰᠢᠯᠡᠬᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ | ᠴᠢᠨᠠᠬᠰᠢᠳᠠ ᠰᠢᠯᠢᠳᠡᠭᠵᠢᠬᠦᠯᠦᠭᠰᠡᠨ ᠪᠠᠶᠢᠨ᠎ᠠ᠃ ᠲᠦᠷᠪᠡ ᠳᠤ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ | ᠠᠰᠠᠭᠤᠨ ᠯᠠᠪᠯᠠᠭ᠎ᠠ ᠶᠢ ᠵᠦᠪᠳᠡᠯᠴᠡᠨ ᠵᠤᠬᠢᠴᠠᠭᠤᠯᠬᠤ᠂ ᠬᠠᠮᠳᠤᠷᠠᠭᠤᠯᠵᠦ ᠬᠢᠨᠠᠨ ᠵᠦᠪᠰᠢᠶᠡᠷᠡᠬᠦ ᠵᠡᠷᠬᠡ | ᠦᠢᠯᠡᠴᠢᠯᠡᠬᠡᠨ ᠤ ᠲᠤᠬᠳᠠᠴᠠ ᠶᠢ ᠪᠠᠶᠢᠭᠤᠯᠬᠤ ᠶᠢᠨ ᠬᠠᠮᠳᠤ᠂ ︽ᠬᠤᠤᠰ ᠠᠮᠠᠷᠠᠯᠳᠠ ᠶᠢᠨ ᠦᠢᠯᠡᠴᠢᠯᠡᠭᠡ︾ ︽ | ᠴᠠᠬ ᠢ ᠤᠷᠳᠤᠰᠬᠠᠬᠤ ᠦᠢᠯᠡᠴᠢᠯᠡᠭᠡ︾ ︽ᠡᠬᠦᠳᠡᠨ ᠳᠤᠨᠢ ᠬᠦᠷᠬᠦ ᠦᠢᠯᠡᠴᠢᠯᠡᠭᠡ︾ ᠶᠢᠨ ᠬᠦᠯᠢᠶᠡᠨ ᠠᠪᠬᠤ | ᠬᠦᠷᠢᠶ᠎ᠠ ᠬᠡᠪᠴᠢᠶ᠎ᠠ ᠶᠢ ᠴᠢᠨᠠᠬᠰᠢᠳᠠ ᠦᠷᠬᠡᠳᠬᠡᠵᠦ᠂ ︽ᠬᠡᠳᠦᠷᠡᠬᠦ ᠳᠡᠭᠡᠨ ᠨᠢᠬᠡ ᠤᠳᠠᠭ᠎ᠠ ᠬᠦᠶᠦᠬᠦ︾ ᠵᠡᠷᠬᠡ | ᠵᠢᠷᠭᠤᠭᠠᠨ ᠲᠦᠷᠦᠯ ᠤᠨ ᠤᠯᠠᠨ ᠨᠡᠶᠢᠳᠡ ᠶᠢᠨ ᠦᠢᠯᠡᠴᠢᠯᠡᠬᠡᠨ ᠤ ᠶᠠᠪᠤᠳᠠᠯ ᠤᠨ ᠨᠠᠷᠢᠨ ᠲᠠᠩᠰᠠ ᠶᠢ ᠵᠤᠬᠢᠶᠠᠬᠰᠠᠨ | ᠪᠠᠶᠢᠨ᠎ᠠ᠃ | ᠬᠦᠲᠦᠯᠦᠭᠴᠢ᠄ ᠲᠠᠷᠠᠭᠠᠴᠢ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠴᠢᠭᠯᠡᠯ | ᠪᠠ ᠭᠤᠤᠯᠳᠠᠯᠭ᠎ᠠ ᠨᠢ ᠶᠠᠭᠤ ᠪᠤᠢ︖ | ᠵᠤᠴᠢᠨ᠄ ᠶᠡᠷᠦᠩᠬᠡᠢ ᠰᠠᠶᠢᠳ ᠯᠢ ᠺᠧ ᠴᠢᠶᠠᠩ ᠤᠨ 2018 ᠤᠨ ᠤ 12 ᠰᠠᠷ᠎ᠠ ᠶᠢᠨ 24 ᠤ ᠡᠳᠦᠷ | ᠡᠷᠬᠢᠯᠡᠨ ᠬᠤᠷᠠᠯᠳᠤᠭᠤᠯᠤᠬᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ᠂ ᠵᠠᠬ᠎ᠠ | ᠲᠡᠯᠬᠡᠬᠦᠷ ᠤᠨ ᠤᠷᠢᠶᠠᠯᠠᠯ ᠪᠠ ᠬᠦᠴᠢᠷᠳᠡᠯ ᠴᠡᠭ ᠡᠪᠡᠷᠰᠢᠶᠡᠯ ᠴᠡᠭ ᠲᠤ ᠴᠢᠭᠯᠡᠬᠦᠯᠦᠨ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠬᠤᠳᠠᠯᠳᠤᠭ᠎ᠠ ᠡᠷᠬᠢᠯᠡᠬᠦ ᠤᠷᠴᠢᠨ | ᠨᠦᠬᠦᠴᠡᠯ ᠢ ᠰᠢᠯᠢᠳᠡᠭᠵᠢᠬᠦᠯᠦᠨ᠂ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠪᠠ ᠨᠡᠶᠢᠬᠡᠮ ᠤᠨ ᠪᠦᠲᠦᠬᠡᠯᠴᠢ | ᠬᠦᠴᠦᠨ ᠢ ᠴᠢᠨᠠᠬᠰᠢᠳᠠ ᠪᠠᠳᠠᠷᠠᠭᠠᠨ᠎ᠠ ᠬᠡᠵᠦ ᠴᠢᠬᠤᠯᠠᠴᠢᠯᠠᠬᠰᠠᠨ ᠪᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ | ︾ ᠦᠬᠡᠷᠡᠴᠢᠯᠡᠯᠳᠡ ᠶᠢᠨ ᠠᠵᠢᠯ ᠤᠨ ᠡᠮᠦᠨ᠎ᠠ ᠹᠷᠤᠨᠲ ᠪᠤᠯᠤᠬᠰᠠᠨ ᠤ ᠬᠤᠪᠢ ᠳᠤ᠂ ᠵᠠᠰᠠᠬ ᠤᠨ ᠶᠠᠪᠤᠳᠠᠯ ᠤᠨ | ᠦᠢᠯᠡᠴᠢᠯᠡᠬᠡᠨ ᠤ ᠲᠦᠪ ᠨᠢ ᠦᠷᠬᠦᠯᠵᠢᠯᠡᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠵᠠᠰᠠᠬ ᠢ ᠴᠤᠮᠬᠠᠳᠬᠠᠨ ᠡᠷᠬᠡ ᠶᠢ ᠲᠠᠯᠪᠢᠬᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠠᠷᠠᠳ ᠲᠤ ᠠᠰᠢᠬᠳᠠᠢ ᠨᠡᠩ ᠤᠯᠠᠨ ᠲᠦᠷᠦ ᠶᠢᠨ | ᠪᠤᠳᠤᠯᠭ᠎ᠠ ᠶᠢ ᠬᠠᠩᠭᠠᠵᠦ᠂ ᠠᠵᠦ ᠠᠬᠤᠢᠢᠯᠠᠯ ᠳᠤ ᠶᠡᠭᠡ ᠲᠢᠩᠬᠢᠮ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠶᠡᠭᠡ ᠲᠢᠩᠬᠢᠨ ᠲᠤᠬᠢᠷᠠᠭᠤᠯᠤᠨ᠂ ︽ᠨᠢᠬᠡ ᠬᠠᠭᠠᠯᠭ᠎ᠠ ᠨᠢᠬᠡ ᠴᠤᠩᠬᠤᠪᠴᠢ︾ ᠶᠢᠨ ᠦᠬᠡᠷᠡᠴᠢᠯᠡᠯᠳᠡ ᠶᠢ | ᠬᠡᠷᠡᠭᠵᠢᠬᠦᠯᠵᠦ᠂ ︽ᠰᠠᠭᠠᠳ ᠦᠬᠡᠢ ᠨᠡᠪᠲᠡᠷᠡᠬᠦ ᠵᠠᠮ︾ ᠢ ᠦᠷᠬᠦᠯᠵᠢᠯᠡᠨ ᠪᠠᠶᠢᠭᠤᠯᠤᠨ ᠨᠡᠪᠲᠡᠷᠡᠬᠦᠯᠵᠦ᠂ ︽ᠨᠢᠬᠡ | ᠴᠤᠩᠬᠤᠪᠴᠢ ᠳᠤ ᠬᠦᠯᠢᠶᠡᠨ ᠠᠪᠬᠤ᠂ ᠨᠢᠬᠡ ᠬᠡᠯᠬᠢᠶ᠎ᠠ ᠳᠤ ᠬᠦᠢᠴᠡᠳᠬᠡᠵᠦ ᠲᠠᠭᠤᠰᠬᠠᠬᠤ︾᠂ ᠵᠠᠰᠠᠬ ᠤᠨ | ᠶᠠᠪᠤᠳᠠᠯ ᠤᠨ ᠦᠢᠯᠡᠴᠢᠯᠡᠭᠡ ᠶᠢᠨ ᠪᠠᠷᠢᠮᠵᠢᠶᠠᠵᠢᠭᠤᠯᠤᠯᠳᠠ ᠶᠢᠨ ᠪᠦᠲᠦᠬᠡᠨ ᠪᠠᠶᠢᠭᠤᠯᠤᠯᠳᠠ ᠵᠡᠷᠬᠡ ᠰᠢᠷᠢᠰ | ᠦᠬᠡᠷᠡᠴᠢᠯᠡᠯᠳᠡ ᠶᠢᠨ ᠠᠷᠭ᠎ᠠ ᠠᠪᠴᠠᠯ ᠢ ᠢᠵᠢᠯ ᠠᠯᠬᠤᠮ ᠢᠶᠠᠷ ᠠᠬᠢᠭᠤᠯᠬᠤ ᠶᠢᠨ ᠬᠠᠮᠳᠤ᠂ ᠠᠵᠦ | ᠦᠢᠯᠡᠳᠪᠦᠷᠢ ᠶᠢᠨ ᠲᠦᠷᠦᠯ ᠵᠦᠢᠯ ᠢ ᠬᠠᠮᠳᠤᠷᠠᠭᠤᠯᠵᠦ ᠬᠢᠨᠠᠨ ᠵᠦᠪᠰᠢᠶᠡᠷᠡᠬᠦ ᠵᠡᠷᠬᠡ ᠭᠤᠤᠯᠳᠠᠯᠭ᠎ᠠ ᠴᠠᠷᠠᠭ᠎ᠠ ᠳᠤ | ᠨᠢᠬᠡᠳᠦᠯᠳᠡᠢ ᠲᠦᠷᠢᠮᠵᠢᠩᠬᠦᠢ ᠱᠠᠭᠠᠷᠳᠠᠯᠭ᠎ᠠ ᠶᠤᠰᠤᠭᠠᠷ᠂ ᠨᠢᠬᠡ ᠰᠠᠯᠠᠭ᠎ᠠ ᠮᠦᠴᠢᠷ ᠲᠦᠷᠦᠬᠦᠯᠡᠨ᠂ ᠬᠠᠮᠳᠤᠷᠠᠭᠤᠯᠵᠦ | ᠬᠢᠨᠠᠨ ᠵᠦᠪᠰᠢᠶᠡᠷᠡᠬᠦ᠂ ᠬᠤᠭᠤᠴᠠᠭ᠎ᠠ ᠲᠤᠭᠳᠠᠭᠠᠵᠦ ᠬᠦᠢᠴᠡᠳᠬᠡᠵᠦ ᠲᠠᠭᠤᠰᠬᠠᠬᠤ ᠶᠢ ᠬᠡᠷᠡᠭᠵᠢᠬᠦᠯᠦᠨ᠂ ᠮᠡᠳᠡᠭᠳᠡᠬᠦ | ᠠᠮᠠᠯᠳᠠᠯᠭ᠎ᠠ᠂ ᠤᠷᠤᠨ ᠪᠦᠰᠡ ᠶᠢᠨ ᠰᠢᠯᠭᠠᠨ ᠦᠨᠡᠯᠡᠬᠦ ᠪᠠ ᠬᠠᠮᠳᠤᠷᠠᠭᠤᠯᠵᠦ ᠬᠢᠨᠠᠬᠤ᠂ ᠬᠠᠮᠳᠤᠷᠠᠵᠦ ᠰᠢᠯᠭᠠᠨ | ᠬᠤᠷᠢᠶᠠᠬᠤ ᠵᠡᠷᠬᠡ ᠲᠦᠷᠢᠮ ᠢ ᠬᠡᠷᠡᠭᠵᠢᠬᠦᠯᠦᠨ᠂ ︽ᠨᠢᠬᠡ ᠤᠳᠠᠭ᠎ᠠ ᠮᠡᠳᠡᠭᠳᠡᠬᠦ᠂ ᠨᠢᠬᠡ ᠬᠠᠭᠤᠳᠠᠰᠤ ᠬᠦᠰᠦᠨᠦᠭ᠂ | ᠨᠢᠬᠡ ᠢᠵᠢ ᠪᠢᠴᠢᠭ ᠮᠠᠲ᠋ᠧᠷᠢᠶᠠᠯ︾ ᠤᠨ ︽ᠲᠦᠪᠯᠡᠷᠡᠭᠰᠡᠨ ᠦᠢᠯᠡᠴᠢᠯᠡᠭᠡ︾ ᠶᠢ ᠵᠠᠬᠪᠤᠷ ᠢ ᠪᠡᠶᠡᠯᠡᠬᠦᠯᠬᠦ ᠶᠢᠨ | ᠤᠯᠠᠮ ᠢᠶᠠᠷ ᠠᠵᠦ ᠠᠬᠤᠢᠢᠯᠠᠯ ᠤᠨ ᠦᠢᠯᠡᠰ ᠪᠤᠰᠬᠠᠵᠦ ᠪᠡᠯᠡ ᠤᠷᠤᠭᠤᠯᠬᠤ ᠳᠤ ᠨᠡᠩ ᠲᠦᠬᠦᠮ ᠦᠵᠡᠬᠦᠯᠬᠦ ᠪᠤᠯᠤᠨ᠎ᠠ | ᠃ | |