ᠪᠤᠭᠤᠳᠤ ᠬᠤᠳᠠ ᠶᠢᠨ ᠭᠤᠴᠢᠨ ᠲᠠᠪᠤᠳᠤᠭᠠᠷ ᠲᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2019/2/13
      ᠪᠤᠭᠤᠳᠤ ᠬᠤᠳᠠ ᠶᠢᠨ ᠭᠤᠴᠢᠨ ᠲᠠᠪᠤᠳᠤᠭᠠᠷ ᠲᠤᠮᠳᠠᠳᠤ ᠰᠤᠷᠭᠠᠭᠤᠯᠢ ᠪᠤᠯ ᠬᠦᠨᠳᠡᠯᠡᠨ ᠲᠤᠭᠤᠷᠢᠭ ᠤᠨ ᠵᠠᠯᠠᠭᠤᠴᠤᠳ ᠵᠠᠮ ᠪᠤᠯᠤᠨ ᠰᠢᠭᠤᠶᠢᠲᠤ ᠵᠠᠮ ᠤᠨ ᠠᠭᠤᠯᠵᠠᠷ ᠲᠤ ᠪᠠᠶᠢᠷᠢᠯᠠᠵᠤ ᠪᠠᠶᠢᠨ᠎ᠠ᠃ 1978 ᠤᠨ ᠳᠤ ᠪᠠᠶᠢᠭᠤᠯᠤᠬᠳᠠᠵᠤ᠂ 1989 ᠤᠨ ᠤ 9 ᠰᠠᠷ᠎ᠠ  ᠳᠤ ᠦᠨᠳᠦᠷ ᠲᠤᠮᠳᠠᠳᠤ ᠶᠢᠨ ᠬᠡᠯᠳᠡᠰ ᠢ ᠪᠦᠬᠦ᠋ᠢᠯᠡ ᠴᠤᠬᠴᠠ ᠪᠠᠷ ᠨᠢ ᠪᠤᠭᠤᠳᠤ ᠬᠤᠳᠠ ᠶᠢᠨ ᠬᠤᠷᠢᠨ ᠵᠢᠷᠭᠤᠳᠤᠭᠠᠷ ᠲᠤᠮᠳᠠᠳᠤ ᠰᠤᠷᠭᠠᠭᠤᠯᠢ ᠳᠤ ᠨᠡᠶᠢᠯᠡᠬᠦᠯᠵᠤ᠂ ᠪᠤᠭᠤᠳᠤ ᠶᠢᠨ ᠭᠤᠴᠢᠨ ᠲᠠᠪᠤᠳᠤᠭᠠᠷ ᠲᠤᠮᠳᠠᠳᠤ ᠰᠤᠷᠭᠠᠭᠤᠯᠢ ᠨᠢ ᠨᠢᠬᠡᠨ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠪᠤᠯᠵᠠᠢ᠃ 2013 ᠤᠨ ᠤ 6 ᠰᠠᠷ᠎ᠠ  ᠳᠤ ᠬᠤᠳᠠ᠂ ᠲᠤᠭᠤᠷᠢᠭ ᠬᠤᠶᠠᠷ ᠱᠠᠳᠤᠨ ᠤ ᠵᠠᠰᠠᠭ ᠤᠨ ᠤᠷᠳᠤᠨ ᠠᠴᠠ ᠪᠤᠭᠤᠳᠤ ᠬᠤᠳᠠ ᠶᠢᠨ ᠭᠤᠴᠢᠨ ᠲᠠᠪᠤᠳᠤᠭᠠᠷ ᠲᠤᠮᠳᠠᠳᠤ ᠰᠤᠷᠭᠠᠭᠤᠯᠢ ᠶᠢ ᠪᠦᠬᠦ᠋ᠢᠯᠡ ᠴᠤᠬᠴᠠ ᠪᠠᠷ ᠨᠢ ᠰᠢᠨᠡᠳᠭᠡᠨ ᠪᠦᠳᠦᠬᠡᠨ ᠪᠠᠶᠢᠭᠤᠯᠬᠤ ᠢᠨᠵᠧᠨᠧᠷᠢᠩ ᠢ ᠵᠦᠪᠰᠢᠶᠡᠷᠡᠵᠤ᠂ 2014 ᠤᠨ ᠤ ᠨᠠᠮᠤᠷ ᠪᠠᠷᠢᠯᠭ᠎ᠠ ᠲᠠᠭᠠᠤᠰᠴᠠᠢ᠃ ᠤᠳᠤ ᠶᠢᠨ ᠪᠤᠭᠤᠳᠤ ᠶᠢᠨ ᠭᠤᠴᠢᠨ ᠲᠠᠪᠤᠳᠤᠭᠠᠷ ᠲᠤᠮᠳᠠᠳᠤ ᠰᠤᠷᠭᠠᠭᠤᠯᠢ ᠨᠢ ᠲᠤᠬᠠᠢ ᠶᠢᠨ ᠦᠶ᠎ᠠ ᠶᠢᠨ ᠨᠢᠬᠡᠨ ᠡᠩ ᠤᠨ ᠰᠤᠷᠭᠠᠭᠤᠯᠢ ᠠᠴᠠ ᠪᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠷᠡᠳᠤ ᠰᠤᠷᠭᠠᠭᠤᠯᠢ᠂ ᠤᠯᠤᠰ ᠤᠨ ᠲᠡᠰ ᠤᠨ ᠲᠤᠷᠰᠢᠯᠳᠠ ᠶᠢᠨ ᠰᠤᠷᠭᠠᠭᠤᠯᠢ ᠪᠤᠯᠵᠤ ᠬᠦᠭᠵᠢᠵᠡᠢ᠃ ᠤᠳᠤ ᠶᠢᠨ ᠰᠤᠷᠭᠠᠭᠤᠯᠢ ᠶᠢᠨ ᠵᠡᠬᠢᠷᠦᠯ ᠨᠢ ᠯᠢᠦ ᠶᠦᠩ ᠴᠧᠩ ᠪᠤᠯᠤᠨ᠎ᠠ᠃      ᠰᠤᠷᠭᠠᠭᠤᠯᠢ ᠶᠢᠨ ᠡᠵᠡᠯᠡᠬᠦ ᠲᠡᠯᠡᠪᠡᠢ 16040 ᠲᠡᠭᠰᠢ ᠲᠦᠷᠪᠡᠯᠵᠢᠨ  ᠮᠧᠲᠷ᠂ ᠪᠠᠷᠢᠯᠭ᠎ᠠ ᠶᠢᠨ ᠲᠠᠯᠠᠪᠠᠢ 23116 ᠲᠡᠭᠰᠢ ᠲᠦᠷᠪᠡᠯᠵᠢᠨ  ᠮᠧᠲᠷ᠃ ᠤᠳᠤ 44 ᠵᠢᠭᠠᠨ ᠰᠤᠷᠭᠠᠯᠳᠠ ᠶᠢᠨ ᠠᠩᠬᠢ ᠲᠠᠢ᠂ 2200 ᠤᠷᠴᠢᠮ ᠰᠤᠷᠤᠬᠴᠢ ᠲᠠᠢ᠂ ᠪᠠᠭᠰᠢ ᠠᠵᠢᠯᠳᠠᠨ 190 ᠬᠦᠮᠦᠨ ᠪᠤᠢ᠂ ᠲᠤᠮᠳᠠ ᠲᠡᠬᠡᠳᠤ ᠵᠡᠷᠬᠡ ᠶᠢᠨ ᠪᠠᠭᠰᠢ ᠪᠠᠷᠤᠭ 72% ᠶᠢ ᠡᠵᠡᠯᠡᠵᠤ᠂ ᠰᠤᠷᠤᠯᠭ᠎ᠠ ᠶᠢᠨ ᠨᠠᠮᠳᠠᠷ ᠤᠨ ᠬᠢᠷᠢ ᠲᠠᠩᠴᠡᠭᠰᠡᠨ ᠨᠤᠷᠮ᠎ᠠ 100% ᠳᠤ ᠬᠦᠷᠴᠡᠢ᠃ ᠪᠠᠭᠰᠢ ᠶᠢᠨ ᠡᠩᠨᠡᠭᠡ ᠬᠦᠴᠦᠷᠭᠡᠭ᠂ ᠪᠠᠭᠰᠢ ᠶᠢᠨ ᠶᠤᠰᠤ ᠮᠤᠷᠠᠯ ᠡᠷᠬᠢᠮ ᠲᠡᠬᠡᠳᠤ᠂ ᠲᠤᠬᠠᠢᠢᠯᠠᠬᠰᠠᠨ ᠠᠵᠢᠯ ᠤᠨ ᠬᠡᠪ ᠪᠤᠯᠪᠠᠰᠤᠷᠠᠯ ᠦᠨᠳᠦᠷ᠂ ᠪᠦᠳᠦᠴᠡ ᠵᠦᠢ ᠵᠤᠬᠢᠰᠳᠡᠢ᠂ ᠴᠢᠳᠡᠪᠬᠢᠳᠤ ᠬᠢᠴᠢᠶᠡᠯᠯᠡᠭᠡ ᠶᠢᠨ ᠬᠡᠷ ᠪᠤᠯᠤᠨ ᠲᠤᠨᠤᠭ ᠲᠦᠬᠦᠬᠡᠷᠦᠮᠵᠢ ᠪᠦᠷᠢᠨ ᠬᠦᠢᠴᠡᠳ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号