ᠪᠤᠭᠤᠳᠤ ᠬᠤᠳᠠ ᠶᠢᠨ ᠲᠤᠯᠤᠳᠤᠭᠠᠷ ᠲᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2019/2/14
      ᠪᠤᠭᠤᠳᠤ ᠬᠤᠳᠠ ᠶᠢᠨ ᠲᠤᠯᠤᠳᠤᠭᠠᠷ ᠲᠤᠮᠳᠠᠳᠤ ᠰᠤᠷᠭᠠᠭᠤᠯᠢ ᠪᠤᠯ 1956 ᠤᠨ ᠳᠤ ᠪᠠᠶᠢᠭᠤᠯᠤᠬᠳᠠᠵᠤ᠂ ᠰᠤᠷᠭᠠᠭᠤᠯᠢ ᠪᠠᠶᠢᠭᠤᠯᠤᠬᠳᠠᠬᠰᠠᠨ ᠠᠩᠬᠠᠨ ᠤ ᠦᠶ᠎ᠠ ᠎ ᠳᠡᠭᠡᠨ ᠨᠢᠬᠡᠨ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠪᠠᠶᠢᠵᠤ᠂ 1974 ᠤᠨ ᠳᠤ ᠪᠦᠷᠢᠨ ᠲᠤᠮᠳᠠᠳᠤ ᠰᠤᠷᠭᠠᠭᠤᠯᠢ ᠪᠤᠯᠵᠤ᠂ 1996 ᠤᠨ ᠳᠤ ᠡᠩ ᠤᠨ ᠦᠨᠳᠦᠷ ᠲᠤᠮᠳᠠᠳᠤ ᠶᠢᠨ ᠰᠤᠷᠤᠬᠴᠢ ᠡᠯᠰᠡᠬᠦ ᠪᠠᠨ ᠵᠤᠬᠰᠤᠪᠠ᠃ 2002 ᠤᠨ ᠳᠤ ᠡᠩ ᠤᠨ ᠦᠨᠳᠦᠷ ᠲᠤᠮᠳᠠᠳᠤ ᠶᠢᠨ ᠰᠤᠷᠤᠬᠴᠢ ᠡᠯᠰᠡᠬᠦ ᠪᠠᠨ ᠰᠡᠷᠬᠦᠬᠡᠵᠤ᠂ 2012 ᠤᠨ ᠳᠤ ᠡᠩ ᠤᠨ ᠦᠨᠳᠦᠷ ᠲᠤᠮᠳᠠᠳᠤ ᠶᠢᠨ ᠰᠤᠷᠤᠬᠴᠢ ᠡᠯᠰᠡᠬᠦ ᠪᠠᠨ ᠵᠤᠬᠰᠤᠪᠠ᠃ ᠤᠳᠤ ᠪᠣᠯ ᠠᠩᠬ᠎ᠠ ᠵᠡᠷᠬᠡ ᠶᠢᠨ ᠲᠤᠮᠳᠠᠳᠤ ᠶᠢᠨ1  ᠎ ᠠᠴᠠ3 ᠤᠨ ᠤ 22 ᠵᠢᠭᠠᠨ ᠰᠤᠷᠭᠠᠯᠳᠠ ᠶᠢᠨ ᠠᠩᠬᠢ ᠲᠠᠢ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ  ᠪᠣᠯᠵᠠᠢ᠃      ᠰᠤᠷᠭᠠᠭᠤᠯᠢ ᠶᠢᠨ ᠡᠵᠡᠯᠡᠬᠦ ᠲᠡᠯᠡᠪᠡᠢ 27298 ᠲᠡᠭᠰᠢ ᠲᠦᠷᠪᠡᠯᠵᠢᠨ  ᠮᠧᠲᠷ᠂ ᠪᠠᠷᠢᠯᠭ᠎ᠠ ᠶᠢᠨ ᠲᠠᠯᠠᠪᠠᠢ 11084 ᠲᠡᠭᠰᠢ ᠲᠦᠷᠪᠡᠯᠵᠢᠨ  ᠮᠧᠲᠷ᠃ 300 ᠮᠧᠲᠷ ᠬᠤᠪᠠᠨᠴᠠᠷ ᠵᠢᠮ ᠲᠠᠢ ᠴᠠᠭᠠᠷᠢᠭ ᠬᠡᠯᠪᠡᠷᠢᠲᠦ᠂ 1 ᠬᠦᠯ ᠪᠦᠮᠪᠦᠭᠡ ᠶᠢᠨ ᠲᠠᠯᠠᠪᠤᠷ᠂ 1 ᠠᠯᠠᠭᠠᠳᠠᠬᠤ ᠪᠦᠮᠪᠦᠭᠡ ᠶᠢᠨ ᠲᠠᠯᠠᠪᠤᠷ᠂ 1 ᠰᠠᠬᠰᠤᠨ ᠪᠦᠮᠪᠦᠭᠡ ᠶᠢᠨ ᠲᠠᠯᠠᠪᠤᠷ᠂ 3 ᠬᠠᠭᠠᠰ ᠲᠠᠯᠠᠪᠠᠢ ᠰᠠᠬᠰᠤᠨ ᠪᠦᠮᠪᠦᠭᠡ ᠶᠢᠨ ᠲᠠᠯᠠᠪᠤᠷ᠂ 6 ᠦᠳᠦᠨ ᠪᠦᠮᠪᠦᠭᠡ ᠶᠢᠨ ᠲᠠᠯᠠᠪᠤᠷ︔ ᠬᠡᠷ ᠲᠤᠳᠤᠷᠠᠬᠢ 5 ᠬᠦᠮᠦᠨ ᠤ ᠲᠦᠷᠢᠮᠳᠤ ᠬᠦᠯ ᠪᠦᠮᠪᠦᠭᠡ ᠶᠢᠨ ᠤᠷᠳᠤᠨ 1᠂ ᠬᠡᠷ ᠲᠤᠳᠤᠷᠠᠬᠢ 12 ᠪᠦᠮᠪᠦᠭᠡ ᠶᠢᠨ ᠲᠠᠶᠢᠰᠠ ᠲᠠᠯᠪᠢᠬᠰᠠᠨ ᠫᠢᠩᠫᠤᠩ ᠪᠦᠮᠪᠦᠭᠡ ᠶᠢᠨ ᠤᠷᠳᠤᠨ 1᠂ ᠭᠡᠷ ᠤᠨ ᠭᠠᠳᠠᠨᠠᠬᠢ ᠫᠢᠩᠫᠤᠩ ᠪᠦᠮᠪᠦᠭᠡ ᠶᠢᠨ ᠲᠠᠶᠢᠰᠠ 8︔ ᠹᠢᠽᠢᠺ᠂ ᠬᠢᠮᠢ᠂ ᠠᠮᠢᠳᠤ ᠪᠤᠳᠠᠰ ᠤᠨ ᠲᠤᠷᠰᠢᠯᠳᠠ ᠶᠢᠨ ᠲᠠᠰᠤᠭ ᠲᠤᠰ ᠲᠤᠰ 2᠂ ᠹᠢᠽᠢᠺ ᠬᠢᠮᠢ ᠠᠮᠢᠳᠤ ᠪᠤᠳᠠᠰ ᠤᠨ ᠪᠡᠯᠡᠳᠬᠡᠯ ᠬᠡᠷ ᠵᠢᠴᠢ ᠬᠡᠮᠵᠢᠬᠦᠷᠯᠢᠭ ᠲᠤᠨᠤᠭ ᠤᠨ ᠬᠦᠮᠦᠷᠬᠡ ᠲᠤᠰ ᠲᠤᠰ 1︔ ᠲᠠᠭᠤᠤ ᠬᠦᠭᠵᠢᠮ ᠤᠨ ᠲᠤᠰᠬᠠᠢ ᠬᠢᠴᠢᠶᠡᠯ ᠤᠨ ᠬᠡᠷ 2᠂ ᠤᠷᠠᠨ ᠵᠢᠷᠤᠭ ᠤᠨ ᠲᠤᠰᠬᠠᠢ ᠬᠡᠷᠡᠭᠯᠡᠬᠦ  ᠬᠢᠴᠢᠶᠡᠯ ᠤᠨ ᠬᠡᠷ 1︔ ᠪᠦᠵᠢᠭ ᠤᠨ ᠬᠡᠷ 1᠂ ᠺᠤᠮᠫᠢᠦ᠋ᠲ᠋ᠧᠷ ᠤᠨ  ᠬᠢᠴᠢᠶᠡᠯ ᠤᠨ ᠬᠡᠷ 2 ᠪᠠᠶᠢᠵᠤ᠂ ᠨᠡᠶᠢᠳᠡ 110 ᠺᠤᠮᠫᠢᠦ᠋ᠲ᠋ᠧᠷ ᠲᠠᠢ᠂ ᠡᠯᠧᠺᠲᠷᠤᠨ ᠰᠢᠩᠬᠡᠬᠡᠵᠤ ᠨᠡᠪᠳᠡᠷᠡᠬᠦᠯᠬᠦ ᠬᠡᠷ 1᠂ ᠤᠯᠠᠨ ᠴᠢᠳᠡᠪᠬᠢᠳᠤ ᠬᠡᠷ 1︔ 100 K᠎ ᠶᠢᠨ ᠬᠡᠷᠡᠯ ᠰᠢᠷᠭᠡᠭᠳᠤ ᠰᠤᠷᠭᠠᠭᠤᠯᠢ ᠶᠢᠨ ᠬᠦᠷᠢᠶᠠᠨ ᠤ ᠰᠦᠯᠵᠢᠶ᠎ᠠ ᠲᠠᠢ᠂ ᠠᠯᠪᠠᠨ ᠬᠡᠷ ᠪᠦᠷᠢ ᠳᠤ ᠺᠤᠮᠫᠢᠦ᠋ᠲ᠋ᠧᠷ ᠲᠠᠢ︔ ᠰᠡᠳᠬᠢᠴᠡ ᠶᠢᠨ ᠯᠠᠪᠯᠠᠯᠭ᠎ᠠ ᠶᠢᠨ ᠬᠡᠷ ᠪᠤᠯᠤᠨ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠬᠡᠷ ᠲᠤᠰ ᠲᠤᠰ 1︔ ᠤᠯᠠᠨ ᠵᠠᠭᠤᠴᠢᠳᠤ  ᠬᠢᠴᠢᠶᠡᠯ ᠤᠨ ᠬᠡᠷ 22︔ ᠨᠤᠮ ᠤᠨ ᠰᠠᠩ ᠳᠤ ᠨᠢ 25942 ᠲᠡᠪᠳᠡᠷ ᠨᠤᠮ ᠬᠠᠳᠠᠭᠠᠯᠠᠵᠤ᠂ ᠤᠩᠰᠢᠯᠭ᠎ᠠ ᠶᠢᠨ ᠬᠡᠷ ᠲᠤ 66 ᠵᠦᠢᠯ ᠤᠨ ᠰᠤᠨᠢᠨ ᠰᠡᠳᠬᠦᠯ ᠵᠠᠬᠢᠶᠠᠯᠠᠵᠤ᠂ ᠰᠤᠷᠤᠬᠴᠢᠳ ᠤᠨ ᠨᠤᠮ ᠤᠩᠰᠢᠬᠤ ᠬᠡᠷ ᠪᠠᠶᠢᠭᠤᠯᠵᠠᠢ᠃     ᠰᠤᠷᠭᠠᠭᠤᠯᠢ ᠶᠢᠨ ᠤᠳᠤ ᠪᠠᠶᠢᠭ᠎ᠠ ᠰᠤᠷᠤᠬᠴᠢ 952 ᠬᠦᠮᠦᠨ᠂ ᠪᠠᠭᠰᠢ ᠠᠵᠢᠯᠳᠠᠨ 95 ᠬᠦᠮᠦᠨ᠂ ᠲᠤᠰᠬᠠᠢ ᠲᠤᠰᠢᠶᠠᠯ ᠲᠠᠢ ᠪᠠᠭᠰᠢ 87 ᠬᠦᠮᠦᠨ ᠪᠤᠢ᠃ ᠲᠤᠰᠬᠠᠢ ᠲᠤᠰᠢᠶᠠᠯ ᠲᠠᠢ ᠪᠠᠭᠰᠢ ᠶᠢᠨ ᠲᠤᠳᠤᠷ᠎ᠠ ᠠᠰᠫᠢᠷᠠᠨᠲ ᠤᠨ ᠰᠤᠷᠤᠯᠭ᠎ᠠ ᠶᠢᠨ ᠨᠠᠮᠳᠡᠷ ᠲᠠᠢ ᠬᠦᠮᠦᠨ 1᠂ ᠲᠡᠳ᠋ ᠳ᠋ᠤᠺᠲ᠋ᠤᠷ ᠤᠨ ᠡᠷᠳᠡᠮ ᠤᠨ ᠴᠤᠯᠠ ᠲᠠᠢ ᠬᠦᠮᠦᠨ 4 ᠪᠠᠶᠢᠵᠤ᠂ 5.7%᠎ ᠎ ᠶᠢ ᠡᠵᠡᠯᠡᠨ᠎ᠡ︔ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠲᠠᠢ ᠬᠦᠮᠦᠨ 69 ᠪᠠᠶᠢᠵᠤ᠂ 79.4%᠎ ᠎ ᠶᠢ ᠡᠵᠡᠯᠡᠨ᠎ᠡ︔ ᠲᠤᠰᠬᠠᠢ ᠮᠡᠷᠬᠡᠵᠢᠯ ᠤᠨ ᠲᠡᠬᠡᠳᠤ ᠰᠤᠷᠭᠠᠭᠤᠯᠢ ᠶᠢᠨ ᠰᠤᠷᠤᠯᠭ᠎ᠠ ᠶᠢᠨ ᠨᠡᠮᠳᠡᠷ ᠲᠠᠢ ᠬᠦᠮᠦᠨ 13 ᠬᠦᠮᠦᠨ᠂ 14.9%᠎ ᠎ ᠶᠢ ᠡᠵᠡᠯᠡᠨ᠎ᠡ︔ ᠲᠡᠬᠡᠳᠤ ᠵᠡᠷᠬᠡ ᠶᠢᠨ ᠪᠠᠭᠰᠢ 44 ᠬᠦᠮᠦᠨ᠂ 50.6%᠎ ᠎ ᠶᠢ ᠡᠵᠡᠯᠡᠨ᠎ᠡ︔ ᠨᠢᠬᠡᠳᠦᠬᠡᠷ ᠲᠡᠰ ᠤᠨ ᠪᠠᠭᠰᠢ 33 ᠬᠦᠮᠦᠨ᠂ 37.9%᠎ ᠎ ᠶᠢ ᠡᠵᠡᠯᠡᠨ᠎ᠡ︔ ᠦᠪᠡᠷᠳᠡᠬᠡᠨ ᠵᠠᠰᠠᠬᠤ ᠤᠷᠤᠨ ᠤ ᠵᠢᠭᠠᠨ ᠰᠤᠷᠭᠠᠯᠳᠠ ᠶᠢᠨ ᠴᠢᠳᠡᠪᠦᠷᠢᠳᠡᠨ 1︔ ᠪᠤᠭᠤᠳᠤ ᠬᠤᠳᠠ ᠶᠢᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 4︔ ᠪᠤᠭᠤᠳᠤ ᠬᠤᠳᠠ ᠶᠢᠨ ᠵᠢᠭᠠᠨ ᠰᠤᠷᠭᠠᠯᠳᠠ ᠶᠢᠨ ᠴᠢᠳᠡᠪᠦᠷᠢᠳᠡᠨ 3︔ ᠬᠦᠨᠳᠡᠯᠡᠨ ᠲᠤᠭᠤᠷᠢᠭ ᠤᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 11︔ ᠬᠦᠨᠳᠡᠯᠡᠨ ᠲᠤᠭᠤᠷᠢᠭ ᠤᠨ ᠲᠡᠰ ᠤᠨ ᠵᠢᠭᠠᠨ ᠰᠤᠷᠭᠠᠯᠳᠠ ᠶᠢᠨ ᠴᠢᠳᠡᠪᠦᠷᠢᠳᠡᠨ 19︔ ᠲᠤᠭᠤᠷᠢᠭ ᠠᠴᠠ ᠲᠡᠬᠡᠭᠰᠢᠬᠢ ᠡᠯ᠎ᠡ ᠲᠦᠷᠦᠯ ᠤᠨ ᠲᠠᠷᠢᠬᠦᠨ ᠤ ᠬᠤᠪᠢ ᠬᠦᠮᠦᠨ 60 ᠭᠠᠷᠤᠢ ᠪᠤᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号