ᠪᠤᠭᠤᠳᠤ  ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2019/2/19
      ᠪᠤᠭᠤᠳᠤ  ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ 1966 ᠤᠨ ᠳᠤ ᠪᠠᠶᠢᠭᠤᠯᠤᠬᠳᠠᠵᠤ᠂ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠨᠥᠬᠦᠷᠯᠡᠯ ᠵᠡᠬᠡᠯᠢ ᠶᠢᠨ 19 ᠳ᠋ᠤᠭᠡᠷ ᠨᠤᠮᠧᠷ ᠲᠤ ᠪᠠᠶᠢᠷᠢᠯᠠᠵᠤ᠂ ᠪᠤᠭᠤᠳᠤ ᠬᠤᠳᠠ ᠶᠢᠨ ᠪᠦᠬᠦᠯᠢ ᠡᠳᠦᠷ ᠤᠨ ᠲᠦᠷᠢᠮᠳᠤ ᠠᠩᠬ᠎ᠠ ᠵᠡᠷᠬᠡ ᠶᠢᠨ ᠨᠡᠷᠡᠳᠤ ᠰᠤᠷᠭᠠᠭᠤᠯᠢ ᠪᠠᠶᠢᠵᠤ᠂ ︽ᠤᠨᠴᠠ ᠴᠢᠳᠡᠪᠦᠷᠢᠳᠡᠢ ᠰᠤᠷᠤᠬᠴᠢ ᠶᠢᠨ ᠰᠠᠭᠤᠷᠢᠨ᠂ ᠰᠢᠯᠢᠳᠡᠭ ᠰᠤᠷᠤᠬᠴᠢ ᠶᠢᠨ ᠦᠯᠦᠬᠡᠢ︾ ᠬᠡᠬᠦ ᠢᠷᠠᠭᠤ ᠠᠯᠳᠠᠷ ᠲᠠᠢ᠃       ᠪᠤᠭᠤᠳᠤ ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠡᠵᠡᠯᠡᠬᠦ ᠲᠠᠯᠠᠪᠠᠢ 36000 ᠭᠠᠷᠤᠢ ᠲᠡᠭᠰᠢ ᠲᠦᠷᠪᠡᠯᠵᠢᠨ  ᠮᠧᠲᠷ᠂ ᠪᠠᠷᠢᠯᠭ᠎ᠠ ᠶᠢᠨ ᠲᠡᠯᠡᠪᠡᠢ 18600 ᠭᠠᠷᠤᠢ ᠲᠡᠭᠰᠢ ᠲᠦᠷᠪᠡᠯᠵᠢᠨ ᠮᠧᠲᠷ ᠪᠤᠯᠤᠨ᠎ᠠ᠃ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 48᠂ ᠰᠤᠷᠤᠬᠴᠢ 2375 ᠬᠦᠮᠦᠨ ᠪᠠᠶᠢᠨ᠎ᠠ᠃ ᠪᠠᠭᠰᠢ ᠠᠵᠢᠯᠳᠠᠨ 198 ᠬᠦᠮᠦᠨ ᠪᠤᠢ᠂ ᠡᠬᠦᠨ ᠳᠤ ᠲᠡᠬᠡᠳᠤ ᠵᠡᠷᠬᠡ ᠶᠢᠨ ᠪᠠᠭᠰᠢ 99᠂ ᠲᠤᠮᠳᠠ ᠵᠡᠷᠬᠡ ᠶᠢᠨ ᠪᠠᠭᠰᠢ 53 ᠪᠤᠢ᠃ ᠪᠠᠭᠰᠢ ᠠᠵᠢᠯᠳᠠᠨ ᠤ ᠲᠤᠳᠤᠷ᠎ᠠ ᠨᠠᠮ ᠤᠨ ᠬᠡᠰᠢᠬᠦᠨ 67 ᠬᠦᠮᠦᠨ᠂ ᠴᠦᠬᠡᠨ ᠲᠤᠭᠠᠳᠤ ᠦᠨᠳᠦᠰᠦᠳᠡᠨ 17 ᠬᠦᠮᠦᠨ ᠪᠤᠢ᠃ ᠤᠢᠢᠷ᠎ᠠ ᠶᠢᠨ ᠵᠢᠯ ᠠᠴᠠ ᠨᠠᠭᠠᠰᠢ᠂ ᠪᠤᠭᠤᠳᠤ ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ ᠪᠠᠭᠰᠢ ᠶᠢᠨ ᠡᠩᠨᠡᠭᠡ ᠪᠠᠨ ᠬᠦᠴᠦᠯᠡᠨ ᠬᠦᠴᠦᠷᠭᠡᠭᠵᠢᠬᠦᠯᠵᠤ᠂ ᠨᠢᠬᠡ ᠪᠦᠯᠦᠭ ᠨᠡᠷᠡᠳᠤ ᠪᠠᠭᠰᠢ ᠶᠢ ᠬᠦᠮᠦᠵᠢᠬᠦᠯᠵᠤ᠂ ᠦᠪᠡᠷᠳᠡᠬᠡᠨ ᠵᠠᠰᠠᠬᠤ ᠤᠷᠤᠨ ᠤ ᠲᠡᠰ ᠤᠨ ᠪᠠᠭᠰᠢ ᠶᠢᠨ ᠶᠤᠰᠤ ᠮᠤᠷᠠᠯ ᠤᠨ ᠵᠢᠱᠢᠶᠡᠴᠢ 1᠂ ᠦᠪᠡᠷᠳᠡᠬᠡᠨ ᠵᠠᠰᠠᠬᠤ ᠤᠷᠤᠨ ᠤ ᠲᠡᠰ ᠤᠨ ᠭᠤᠤᠯᠯᠠᠬᠴᠢ ᠪᠠᠭᠰᠢ 3᠂ ᠪᠤᠭᠤᠳᠤ ᠬᠤᠳᠠ ᠶᠢᠨ ᠭᠤᠤᠯᠯᠠᠬᠴᠢ ᠪᠠᠭᠰᠢ 16᠂ ᠬᠤᠳᠠ ᠶᠢᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 7᠂ ᠬᠤᠳᠠ ᠶᠢᠨ ᠲᠡᠰ ᠤᠨ ᠵᠢᠭᠠᠨ ᠰᠤᠷᠭᠠᠯᠳᠠ ᠶᠢᠨ ᠴᠢᠳᠡᠪᠦᠷᠢᠳᠡᠨ 7᠂ ᠬᠦᠨᠳᠡᠯᠡᠨ ᠲᠤᠭᠤᠷᠢᠭ ᠤᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 22᠂ ᠬᠦᠨᠳᠡᠯᠡᠨ ᠲᠤᠭᠤᠷᠢᠭ ᠤᠨ ᠵᠢᠭᠠᠨ ᠰᠤᠷᠭᠠᠯᠳᠠ ᠶᠢᠨ ᠴᠢᠳᠡᠪᠦᠷᠢᠳᠠᠨ 32 ᠂ ᠬᠤᠳᠠ ᠶᠢᠨ ᠲᠡᠰ ᠤᠨ ᠠᠩᠬᠢ ᠶᠢᠨ ᠡᠷᠬᠢᠯᠡᠭᠴᠢ ᠶᠢᠨ ᠲᠠᠭᠠᠭᠤᠯᠤᠬᠴᠢ 2 ᠬᠦᠮᠦᠨ ᠪᠤᠢ᠃       ᠪᠤᠭᠤᠳᠤ ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ ︽ᠪᠦᠬᠦ ᠰᠤᠷᠤᠬᠴᠢᠳ ᠲᠤ ᠬᠠᠨᠳᠤᠨ᠂ ᠰᠤᠷᠤᠭᠴᠢᠳ ᠤᠨ ᠬᠡᠪ ᠪᠤᠯᠪᠠᠰᠤᠷᠠᠯ ᠢ ᠪᠦᠬᠦ ᠲᠠᠯ᠎ᠠ ᠪᠠᠷ ᠲᠡᠬᠡᠭᠰᠢᠯᠡᠬᠦᠯᠬᠦ︾ ᠰᠤᠷᠭᠠᠨ ᠬᠦᠮᠦᠵᠢᠯ ᠤᠨ ᠤᠢᠢᠯᠠᠭᠠᠬᠳᠠᠬᠤᠨ ᠢ ᠪᠠᠷᠢᠮᠳᠠᠯᠠᠵᠤ᠂ ︽ᠤᠯᠤᠰ ᠤᠨ ᠰᠤᠷᠭᠠᠨ ᠬᠦᠮᠦᠵᠢᠯ ᠤᠨ ᠴᠢᠭᠯᠡᠯᠲᠡ ᠳᠤ ᠬᠠᠷᠢᠭᠤᠴᠠᠬᠤ᠂ ᠨᠡᠶᠢᠬᠡᠮ ᠪᠠ ᠬᠡᠷ ᠤᠨ ᠠᠬᠠᠮᠠᠳ ᠲᠤ ᠬᠠᠷᠢᠭᠤᠴᠠᠬᠤ᠂ ᠰᠤᠷᠤᠬᠴᠢᠳ ᠲᠤ ᠬᠠᠷᠢᠭᠤᠴᠠᠬᠤ︾ ᠰᠤᠷᠭᠠᠨ ᠬᠦᠮᠦᠵᠢᠯ ᠤᠨ ᠵᠠᠷᠴᠢᠮ ᠢ ᠪᠠᠷᠢᠮᠳᠠᠯᠠᠵᠤ᠂ ᠲᠡᠭᠡᠷ᠎ᠡ ᠨᠢᠬᠡ ᠲᠡᠰ ᠤᠨ ᠰᠤᠷᠭᠠᠭᠤᠯᠢ ᠳᠤ ᠨᠡᠩ ᠰᠠᠶᠢᠨ ᠴᠢᠳᠡᠪᠦᠷᠢᠳᠡᠨ ᠢ ᠬᠦᠮᠦᠵᠢᠬᠦᠯᠦᠨ  ᠬᠥᠷᠭᠡᠵᠦ᠂ ᠪᠤᠭᠤᠳᠤ ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ ᠨᠢ ᠰᠤᠷᠤᠬᠴᠢᠳ ᠲᠤ ᠮᠤᠷᠠᠯ ᠤᠶᠤᠨ ᠲᠠᠮᠢᠷ ᠭᠤᠸ᠎ᠠ ᠰᠠᠶᠢᠬᠠᠨ ᠬᠦᠳᠡᠯᠮᠦᠷᠢ ᠵᠡᠷᠬᠡ ᠪᠦᠬᠦ ᠲᠠᠯ᠎ᠠ ᠪᠠᠷ ᠬᠦᠮᠦᠵᠢᠬᠦ ᠰᠠᠶᠢᠨ ᠰᠠᠶᠢᠬᠠᠨ ᠤᠷᠴᠢᠨ ᠢ ᠪᠦᠷᠢᠯᠳᠦᠬᠦᠯᠵᠤ ᠦᠭᠴᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号