ᠪᠤᠭᠤᠳᠤ ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ 1966 ᠤᠨ ᠳᠤ ᠪᠠᠶᠢᠭᠤᠯᠤᠬᠳᠠᠵᠤ᠂ ᠪᠤᠭᠤᠳᠤ | ᠬᠤᠳᠠ ᠶᠢᠨ ᠬᠦᠨᠳᠡᠯᠡᠨ ᠲᠤᠭᠤᠷᠢᠭ ᠤᠨ ᠨᠥᠬᠦᠷᠯᠡᠯ ᠵᠡᠬᠡᠯᠢ ᠶᠢᠨ 19 ᠳ᠋ᠤᠭᠡᠷ ᠨᠤᠮᠧᠷ ᠲᠤ ᠪᠠᠶᠢᠷᠢᠯᠠᠵᠤ᠂ ᠪᠤᠭᠤᠳᠤ | ᠬᠤᠳᠠ ᠶᠢᠨ ᠪᠦᠬᠦᠯᠢ ᠡᠳᠦᠷ ᠤᠨ ᠲᠦᠷᠢᠮᠳᠤ ᠠᠩᠬ᠎ᠠ ᠵᠡᠷᠬᠡ ᠶᠢᠨ ᠨᠡᠷᠡᠳᠤ ᠰᠤᠷᠭᠠᠭᠤᠯᠢ ᠪᠠᠶᠢᠵᠤ᠂ ︽ᠤᠨᠴᠠ | ᠴᠢᠳᠡᠪᠦᠷᠢᠳᠡᠢ ᠰᠤᠷᠤᠬᠴᠢ ᠶᠢᠨ ᠰᠠᠭᠤᠷᠢᠨ᠂ ᠰᠢᠯᠢᠳᠡᠭ ᠰᠤᠷᠤᠬᠴᠢ ᠶᠢᠨ ᠦᠯᠦᠬᠡᠢ︾ ᠬᠡᠬᠦ ᠢᠷᠠᠭᠤ ᠠᠯᠳᠠᠷ ᠲᠠᠢ᠃ | ᠪᠤᠭᠤᠳᠤ ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠡᠵᠡᠯᠡᠬᠦ ᠲᠠᠯᠠᠪᠠᠢ 36000 ᠭᠠᠷᠤᠢ ᠲᠡᠭᠰᠢ | ᠲᠦᠷᠪᠡᠯᠵᠢᠨ ᠮᠧᠲᠷ᠂ ᠪᠠᠷᠢᠯᠭ᠎ᠠ ᠶᠢᠨ ᠲᠡᠯᠡᠪᠡᠢ 18600 ᠭᠠᠷᠤᠢ ᠲᠡᠭᠰᠢ ᠲᠦᠷᠪᠡᠯᠵᠢᠨ ᠮᠧᠲᠷ ᠪᠤᠯᠤᠨ᠎ᠠ᠃ ᠤᠳᠤ | ᠪᠠᠶᠢᠭ᠎ᠠ ᠵᠢᠭᠠᠨ ᠰᠤᠷᠭᠠᠯᠳᠠ ᠶᠢᠨ ᠠᠩᠬᠢ 48᠂ ᠰᠤᠷᠤᠬᠴᠢ 2375 ᠬᠦᠮᠦᠨ ᠪᠠᠶᠢᠨ᠎ᠠ᠃ ᠪᠠᠭᠰᠢ ᠠᠵᠢᠯᠳᠠᠨ 198 | ᠬᠦᠮᠦᠨ ᠪᠤᠢ᠂ ᠡᠬᠦᠨ ᠳᠤ ᠲᠡᠬᠡᠳᠤ ᠵᠡᠷᠬᠡ ᠶᠢᠨ ᠪᠠᠭᠰᠢ 99᠂ ᠲᠤᠮᠳᠠ ᠵᠡᠷᠬᠡ ᠶᠢᠨ ᠪᠠᠭᠰᠢ 53 ᠪᠤᠢ᠃ ᠪᠠᠭᠰᠢ | ᠠᠵᠢᠯᠳᠠᠨ ᠤ ᠲᠤᠳᠤᠷ᠎ᠠ ᠨᠠᠮ ᠤᠨ ᠬᠡᠰᠢᠬᠦᠨ 67 ᠬᠦᠮᠦᠨ᠂ ᠴᠦᠬᠡᠨ ᠲᠤᠭᠠᠳᠤ ᠦᠨᠳᠦᠰᠦᠳᠡᠨ 17 ᠬᠦᠮᠦᠨ ᠪᠤᠢ᠃ | ᠤᠢᠢᠷ᠎ᠠ ᠶᠢᠨ ᠵᠢᠯ ᠠᠴᠠ ᠨᠠᠭᠠᠰᠢ᠂ ᠪᠤᠭᠤᠳᠤ ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ ᠪᠠᠭᠰᠢ ᠶᠢᠨ | ᠡᠩᠨᠡᠭᠡ ᠪᠠᠨ ᠬᠦᠴᠦᠯᠡᠨ ᠬᠦᠴᠦᠷᠭᠡᠭᠵᠢᠬᠦᠯᠵᠤ᠂ ᠨᠢᠬᠡ ᠪᠦᠯᠦᠭ ᠨᠡᠷᠡᠳᠤ ᠪᠠᠭᠰᠢ ᠶᠢ ᠬᠦᠮᠦᠵᠢᠬᠦᠯᠵᠤ᠂ ᠦᠪᠡᠷᠳᠡᠬᠡᠨ ᠵᠠᠰᠠᠬᠤ | ᠤᠷᠤᠨ ᠤ ᠲᠡᠰ ᠤᠨ ᠪᠠᠭᠰᠢ ᠶᠢᠨ ᠶᠤᠰᠤ ᠮᠤᠷᠠᠯ ᠤᠨ ᠵᠢᠱᠢᠶᠡᠴᠢ 1᠂ ᠦᠪᠡᠷᠳᠡᠬᠡᠨ ᠵᠠᠰᠠᠬᠤ ᠤᠷᠤᠨ ᠤ ᠲᠡᠰ ᠤᠨ | ᠭᠤᠤᠯᠯᠠᠬᠴᠢ ᠪᠠᠭᠰᠢ 3᠂ ᠪᠤᠭᠤᠳᠤ ᠬᠤᠳᠠ ᠶᠢᠨ ᠭᠤᠤᠯᠯᠠᠬᠴᠢ ᠪᠠᠭᠰᠢ 16᠂ ᠬᠤᠳᠠ ᠶᠢᠨ ᠬᠢᠴᠢᠶᠡᠯ ᠰᠢᠨᠵᠢᠯᠡᠬᠡᠨ ᠤ | ᠲᠠᠭᠠᠭᠤᠯᠤᠬᠴᠢ 7᠂ ᠬᠤᠳᠠ ᠶᠢᠨ ᠲᠡᠰ ᠤᠨ ᠵᠢᠭᠠᠨ ᠰᠤᠷᠭᠠᠯᠳᠠ ᠶᠢᠨ ᠴᠢᠳᠡᠪᠦᠷᠢᠳᠡᠨ 7᠂ ᠬᠦᠨᠳᠡᠯᠡᠨ ᠲᠤᠭᠤᠷᠢᠭ ᠤᠨ | ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 22᠂ ᠬᠦᠨᠳᠡᠯᠡᠨ ᠲᠤᠭᠤᠷᠢᠭ ᠤᠨ ᠵᠢᠭᠠᠨ ᠰᠤᠷᠭᠠᠯᠳᠠ ᠶᠢᠨ ᠴᠢᠳᠡᠪᠦᠷᠢᠳᠠᠨ 32 | ᠂ ᠬᠤᠳᠠ ᠶᠢᠨ ᠲᠡᠰ ᠤᠨ ᠠᠩᠬᠢ ᠶᠢᠨ ᠡᠷᠬᠢᠯᠡᠭᠴᠢ ᠶᠢᠨ ᠲᠠᠭᠠᠭᠤᠯᠤᠬᠴᠢ 2 ᠬᠦᠮᠦᠨ ᠪᠤᠢ᠃ | ᠪᠤᠭᠤᠳᠤ ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ ︽ᠪᠦᠬᠦ ᠰᠤᠷᠤᠬᠴᠢᠳ ᠲᠤ ᠬᠠᠨᠳᠤᠨ᠂ | ᠰᠤᠷᠤᠭᠴᠢᠳ ᠤᠨ ᠬᠡᠪ ᠪᠤᠯᠪᠠᠰᠤᠷᠠᠯ ᠢ ᠪᠦᠬᠦ ᠲᠠᠯ᠎ᠠ ᠪᠠᠷ ᠲᠡᠬᠡᠭᠰᠢᠯᠡᠬᠦᠯᠬᠦ︾ ᠰᠤᠷᠭᠠᠨ ᠬᠦᠮᠦᠵᠢᠯ ᠤᠨ ᠤᠢᠢᠯᠠᠭᠠᠬᠳᠠᠬᠤᠨ ᠢ | ᠪᠠᠷᠢᠮᠳᠠᠯᠠᠵᠤ᠂ ︽ᠤᠯᠤᠰ ᠤᠨ ᠰᠤᠷᠭᠠᠨ ᠬᠦᠮᠦᠵᠢᠯ ᠤᠨ ᠴᠢᠭᠯᠡᠯᠲᠡ ᠳᠤ ᠬᠠᠷᠢᠭᠤᠴᠠᠬᠤ᠂ ᠨᠡᠶᠢᠬᠡᠮ ᠪᠠ ᠬᠡᠷ ᠤᠨ | ᠠᠬᠠᠮᠠᠳ ᠲᠤ ᠬᠠᠷᠢᠭᠤᠴᠠᠬᠤ᠂ ᠰᠤᠷᠤᠬᠴᠢᠳ ᠲᠤ ᠬᠠᠷᠢᠭᠤᠴᠠᠬᠤ︾ ᠰᠤᠷᠭᠠᠨ ᠬᠦᠮᠦᠵᠢᠯ ᠤᠨ ᠵᠠᠷᠴᠢᠮ ᠢ ᠪᠠᠷᠢᠮᠳᠠᠯᠠᠵᠤ᠂ | ᠲᠡᠭᠡᠷ᠎ᠡ ᠨᠢᠬᠡ ᠲᠡᠰ ᠤᠨ ᠰᠤᠷᠭᠠᠭᠤᠯᠢ ᠳᠤ ᠨᠡᠩ ᠰᠠᠶᠢᠨ ᠴᠢᠳᠡᠪᠦᠷᠢᠳᠡᠨ ᠢ ᠬᠦᠮᠦᠵᠢᠬᠦᠯᠦᠨ ᠬᠥᠷᠭᠡᠵᠦ᠂ ᠪᠤᠭᠤᠳᠤ | ᠪᠤᠯᠤᠳ ᠤᠨ ᠭᠤᠷᠪᠠᠳᠤᠭᠠᠷ ᠲᠤᠮᠳᠠᠳᠤ ᠰᠤᠷᠭᠠᠭᠤᠯᠢ ᠨᠢ ᠰᠤᠷᠤᠬᠴᠢᠳ ᠲᠤ ᠮᠤᠷᠠᠯ ᠤᠶᠤᠨ ᠲᠠᠮᠢᠷ ᠭᠤᠸ᠎ᠠ ᠰᠠᠶᠢᠬᠠᠨ | ᠬᠦᠳᠡᠯᠮᠦᠷᠢ ᠵᠡᠷᠬᠡ ᠪᠦᠬᠦ ᠲᠠᠯ᠎ᠠ ᠪᠠᠷ ᠬᠦᠮᠦᠵᠢᠬᠦ ᠰᠠᠶᠢᠨ ᠰᠠᠶᠢᠬᠠᠨ ᠤᠷᠴᠢᠨ ᠢ ᠪᠦᠷᠢᠯᠳᠦᠬᠦᠯᠵᠤ ᠦᠭᠴᠡᠢ᠃ | | | |