ᠪᠤᠭᠤᠳᠤ ᠪᠤᠯᠤᠳ ᠤᠨ ᠠᠷᠪᠠᠨ ᠨᠢᠬᠡᠳᠦᠬᠡᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/3/13
       ᠪᠤᠭᠤᠳᠤ ᠪᠤᠯᠤᠳ ᠤᠨ ᠠᠷᠪᠠᠨ ᠨᠢᠬᠡᠳᠦᠬᠡᠷ ᠪᠠᠭ᠎ᠠ ᠰᠤᠷᠭᠠᠭᠤᠯᠢ ᠪᠤᠯ ᠬᠦᠨᠳᠡᠯᠡᠨ ᠲᠤᠭᠤᠷᠢᠭ ᠤᠨ ᠪᠠᠶᠠᠨ ᠤᠪᠤᠭ᠎ᠠ ᠵᠠᠮ ᠠᠴᠠ ᠵᠡᠬᠦᠨᠰᠢ᠂ ᠨᠦᠬᠦᠷᠯᠡᠯ 24# ᠵᠡᠬᠡᠯᠢ ᠶᠢᠨ ᠲᠤᠳᠤᠷ᠎ᠠ ᠪᠠᠶᠢᠷᠢᠯᠠᠵᠤ ᠪᠠᠶᠢᠭ᠎ᠠ ᠨᠢᠬᠡᠨ ᠰᠤᠷᠭᠠᠭᠤᠯᠢ ᠡᠷᠬᠢᠯᠡᠬᠦ ᠴᠢᠭᠯᠡᠯ ᠲᠤᠳᠤ ᠳᠤᠳᠤᠷᠬᠠᠢ᠂ ᠤᠷᠴᠢᠨ ᠲᠤᠭᠤᠷᠢᠨ ᠭᠤᠶᠤ ᠰᠠᠶᠢᠬᠠᠨ᠂ ᠵᠤᠬᠢᠬᠤ ᠬᠡᠮᠵᠢᠶᠠᠨ ᠤ ᠨᠡᠶᠢᠬᠡᠮ ᠤᠨ ᠨᠦᠯᠦᠬᠡ ᠲᠠᠢ ᠪᠠᠭ᠎ᠠ ᠰᠤᠷᠭᠠᠭᠤᠯᠢ ᠪᠤᠯᠬᠤ ᠶᠤᠮ᠃ 1965 ᠤᠨ ᠤ 9 ᠰᠠᠷ᠎ᠠ ᠳᠤ ᠪᠠᠶᠢᠭᠤᠯᠵᠤ᠂ ᠰᠤᠷᠭᠠᠭᠤᠯᠢ ᠶᠢᠨ ᠡᠵᠡᠯᠡᠬᠦ ᠲᠠᠯᠠᠪᠠᠢ 6506 ᠲᠡᠭᠰᠢ ᠲᠦᠷᠪᠡᠯᠵᠢᠨ ᠮᠧᠲᠷ ᠪᠠᠶᠢᠵᠤ᠂ ᠤᠯᠠᠨ ᠵᠠᠭᠤᠴᠢᠳᠤ ᠬᠢᠴᠢᠶᠡᠯ ᠎ ᠤᠨ ᠬᠡᠷ᠂ ᠺᠤᠮᠫᠢᠦ᠋ᠲ᠋ᠧᠷ ᠤᠨ ᠲᠠᠰᠤᠭ᠂ ᠰᠢᠩᠭᠡᠬᠡᠵᠤ ᠨᠡᠪᠳᠡᠷᠡᠬᠦᠯᠬᠦ ᠭᠡᠷ᠂ ᠤᠷᠠᠨ ᠪᠢᠴᠢᠯᠬᠡ ᠶᠢᠨ  ᠬᠢᠴᠢᠶᠡᠯ ᠤᠨ ᠬᠡᠷ᠂ ᠲᠠᠭᠤᠤ ᠬᠦᠭᠵᠢᠮ ᠤᠨ ᠬᠢᠴᠢᠶᠡᠯ ᠤᠨ ᠬᠡᠷ᠂ ᠤᠷᠠᠨ ᠵᠢᠷᠤᠭ ᠤᠨ  ᠬᠢᠴᠢᠶᠡᠯ ᠤᠨ ᠬᠡᠷ ᠵᠡᠷᠬᠡ ᠶᠢ ᠢᠵᠢ ᠪᠦᠷᠢᠳᠦᠬᠦᠯᠵᠡᠢ᠃ ᠰᠤᠷᠭᠠᠭᠤᠯᠢ ᠶᠢᠨ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 24᠂ 66 ᠪᠠᠭᠰᠢ ᠲᠠᠢ᠂ 1024 ᠰᠤᠷᠤᠬᠴᠢ ᠲᠠᠢ᠃ ᠲᠤᠰ ᠰᠤᠷᠭᠠᠭᠤᠯᠢ ᠨᠢ ᠨᠢᠬᠡᠨ ᠰᠠᠯᠠᠭ᠎ᠠ ᠴᠤᠭ ᠵᠢᠪᠬᠤᠭ᠎ᠠ ᠪᠠᠳᠠᠷᠠᠩᠭᠤᠢ᠂ ᠡᠷᠡᠰ ᠬᠠᠳᠠᠭᠤ ᠵᠤᠷᠢᠭ ᠢᠶᠠᠷ ᠵᠢᠳᠬᠦᠯᠡᠨ ᠴᠢᠷᠮᠠᠶᠢᠳᠠᠭ ᠤᠳᠤᠷᠢᠳᠬᠤ ᠡᠩᠨᠡᠭᠡ ᠲᠠᠢ ᠪᠦᠬᠡᠳ ᠨᠢᠬᠡᠨ ᠰᠠᠯᠠᠭ᠎ᠠ ᠡᠷᠬᠢᠮ ᠲᠡᠬᠡᠳᠤ ᠶᠤᠰᠤ ᠮᠤᠷᠠᠯ ᠲᠠᠢ᠂ ᠲᠤᠬᠠᠢᠢᠯᠠᠬᠰᠠᠨ ᠠᠵᠢᠯ ᠳᠠᠭᠠᠨ ᠴᠠᠭᠠᠷᠠᠬᠰᠠᠨ ᠪᠠᠭᠰᠢ ᠶᠢᠨ ᠡᠩᠨᠡᠭᠡ ᠲᠠᠢ᠃ ︽ᠪᠦᠬᠦ ᠤᠯᠤᠰ ᠤᠨ ᠲᠦᠷᠦᠬᠦᠦ ᠪᠦᠯᠦᠭ ᠺᠢᠨᠣ᠋ ᠶᠢᠨ ᠬᠢᠴᠢᠶᠡᠯ ᠤᠨ ᠰᠢᠯᠢᠳᠡᠭ ᠲᠤᠷᠰᠢᠯᠳᠠ ᠶᠢᠨ ᠰᠤᠷᠭᠠᠭᠤᠯᠢ︾᠂ ︽ᠪᠦᠬᠦ ᠤᠯᠤᠰ ᠤᠨ ᠦᠰᠦᠭ ᠪᠢᠴᠢᠬᠦ ᠰᠤᠷᠭᠠᠨ ᠬᠦᠮᠦᠵᠢᠯ ᠤᠨ ᠰᠢᠯᠢᠳᠡᠭ ᠰᠤᠷᠭᠠᠭᠤᠯᠢ︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠤᠷᠰᠢᠯᠳᠠ ᠶᠢᠨ ᠰᠤᠷᠭᠠᠭᠤᠯᠢ︾ ᠵᠢᠴᠢ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠳᠤ ᠦᠶ᠎ᠠ ᠶᠢᠨ ᠮᠡᠷᠬᠡᠵᠢᠯ ᠤᠨ ᠰᠤᠷᠭᠠᠨ ᠬᠦᠮᠦᠵᠢᠯ ᠤᠨ ᠰᠢᠯᠢᠳᠡᠭ ᠰᠤᠷᠭᠠᠭᠤᠯᠢ︾ ᠪᠤᠯᠤᠬᠰᠠᠨ ᠤ ᠬᠤᠪᠢ ᠳᠤ᠂ ᠤᠯᠠᠨ ᠵᠢᠯ ᠤᠨ ᠲᠤᠷᠰᠢ᠂ ᠪᠤᠭᠤᠳᠤ ᠪᠤᠯᠤᠳ ᠤᠨ ᠠᠷᠪᠠᠨ ᠨᠢᠬᠡᠳᠦᠬᠡᠷ ᠪᠠᠭ᠎ᠠ ᠰᠤᠷᠭᠠᠭᠤᠯᠢ ᠨᠢ ᠢᠯᠡ ᠲᠤᠳᠤ ᠰᠤᠷᠭᠠᠭᠤᠯᠢ ᠡᠷᠬᠢᠯᠡᠬᠦ ᠦᠪᠡᠷᠮᠢᠴᠡ ᠤᠨᠴᠠᠯᠢᠭ ᠢ ᠪᠦᠷᠢᠯᠳᠦᠬᠦᠯᠵᠤ᠂ ᠨᠡᠯᠢᠶᠡᠳ ᠦᠨᠳᠦᠷ ᠨᠡᠶᠢᠬᠡᠮ ᠤᠨ ᠨᠡᠷ᠎ᠡ ᠬᠦᠨᠳᠤ ᠲᠠᠢ ᠪᠤᠯᠵᠠᠢ᠃ ᠭᠤᠶᠤ ᠰᠠᠶᠢᠬᠠᠨ ᠰᠤᠷᠭᠠᠭᠤᠯᠢ ᠶᠢᠨ ᠤᠷᠴᠢᠨ ᠲᠤᠭᠤᠷᠢᠨ᠂ ᠲᠡᠷᠢᠬᠦᠨ ᠵᠡᠷᠬᠡ ᠶᠢᠨ ᠵᠢᠭᠠᠨ ᠰᠤᠷᠭᠠᠯᠳᠠ ᠶᠢᠨ ᠲᠦᠬᠦᠬᠡᠷᠦᠮᠵᠢ ᠵᠢᠴᠢ ᠲᠡᠷᠢᠬᠦᠨ ᠤ ᠰᠤᠷᠭᠠᠨ ᠬᠦᠮᠦᠵᠢᠯ ᠤᠨ ᠤᠢᠢᠯᠠᠭᠠᠬᠳᠠᠬᠤᠨ ᠨᠢ ᠰᠤᠷᠤᠬᠴᠢᠳ ᠤᠨ ᠪᠦᠬᠦ ᠲᠠᠯ᠎ᠠ ᠪᠠᠷ ᠬᠦᠭᠵᠢᠬᠦ ᠳᠤ ᠰᠠᠶᠢᠨ ᠰᠠᠶᠢᠬᠠᠨ ᠨᠦᠬᠦᠴᠡᠯ ᠢ ᠬᠠᠩᠭᠠᠵᠤ ᠦᠭᠴᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号