ᠪᠤᠭᠤᠳᠤ ᠪᠤᠯᠤᠳ ᠤᠨ ᠺᠤᠮᠫᠠᠨᠢ ᠶᠢᠨ ᠠᠷᠪᠠᠨ ᠲᠤᠯᠤᠳᠤᠭᠠᠷ ᠪᠠᠭ᠎ᠠ ᠰᠤᠷᠭᠠᠭᠤᠯᠢ ᠨᠢ ᠬᠦᠨᠳᠡᠯᠡᠨ ᠲᠤᠭᠤᠷᠢᠭ ᠤᠨ | ᠪᠠᠭᠠᠴᠤᠳ ᠤᠨ ᠬᠤᠰᠢᠭᠤᠴᠢ ᠵᠠᠮ ᠤᠨ ᠪᠠᠷᠠᠭᠤᠨ ᠬᠡᠰᠡᠭ ᠲᠤ ᠪᠠᠶᠢᠷᠢᠯᠠᠵᠤ᠂ 1980 ᠤᠨ ᠳᠤ ᠪᠠᠶᠢᠭᠤᠯᠤᠬᠰᠠᠨ᠂ ᠨᠢᠬᠡᠨ | ᠰᠢᠯᠢᠳᠡᠭ ᠤᠯᠠᠮᠵᠢᠯᠠᠯ ᠲᠠᠢ᠂ ᠲᠦᠷᠦᠬᠦᠦ ᠪᠦᠯᠦᠭ ᠦᠪᠡᠷᠳᠡᠬᠡᠨ ᠵᠠᠰᠬᠠᠤ ᠤᠷᠤᠨ ᠤ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠵᠢᠱᠢᠶ᠎ᠠ ᠦᠵᠡᠬᠦᠯᠬᠦ ᠰᠤᠷᠭᠠᠭᠤᠯᠢ᠂ ᠲᠤᠷᠰᠢᠯᠳᠠ ᠶᠢᠨ ᠰᠤᠷᠭᠠᠭᠤᠯᠢ ᠪᠤᠯᠬᠤ ᠶᠤᠮ᠃ ᠰᠤᠷᠭᠠᠭᠤᠯᠢ ᠶᠢᠨ | ᠡᠵᠡᠯᠡᠬᠦ ᠲᠠᠯᠠᠪᠠᠢ 11663 ᠲᠡᠭᠰᠢ ᠲᠦᠷᠪᠡᠯᠵᠢᠨ ᠮᠧᠲᠷ᠃ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 24᠂ | ᠰᠤᠷᠤᠬᠴᠢ ᠮᠢᠩᠭ᠎ᠠ ᠭᠠᠷᠤᠢ ᠬᠦᠮᠦᠨ ᠪᠤᠯᠵᠤ᠂ ᠪᠠᠭᠰᠢ ᠠᠵᠢᠯᠳᠠᠨ 66 ᠬᠦᠮᠦᠨ ᠪᠠᠶᠢᠵᠤ᠂ ᠡᠬᠦᠨ ᠳᠤ᠂ ᠲᠡᠳ᠋ ᠲᠡᠬᠡᠳᠤ | ᠵᠡᠷᠬᠡ ᠶᠢᠨ ᠮᠡᠷᠬᠡᠵᠢᠯ ᠤᠨ ᠴᠤᠯᠠ ᠲᠠᠢ ᠬᠦᠮᠦᠨ 31᠂ ᠲᠤᠮᠳᠠ ᠵᠡᠷᠬᠡ ᠶᠢᠨ ᠮᠡᠷᠬᠡᠵᠢᠯ ᠤᠨ ᠴᠤᠯᠠ ᠲᠠᠢ ᠬᠦᠮᠦᠨ 20᠂ | ᠠᠩᠬ᠎ᠠ ᠵᠡᠷᠬᠡ ᠶᠢᠨ ᠮᠡᠷᠬᠡᠵᠢᠯ ᠤᠨ ᠴᠤᠯᠠ ᠲᠠᠢ ᠬᠦᠮᠦᠨ 12᠂ ᠮᠡᠷᠬᠡᠵᠢᠯ ᠤᠨ ᠴᠤᠯᠠ ᠥᠨᠡᠯᠡᠭᠡ ᠦᠬᠡᠢ ᠬᠦᠮᠦᠨ 2᠂ | ᠠᠵᠢᠯᠴᠢᠨ 1 ᠬᠦᠮᠦᠨ︔ ᠰᠤᠷᠭᠠᠨ ᠬᠦᠮᠦᠵᠢᠯ ᠤᠨ ᠲᠡᠳ᠋ ᠳ᠋ᠤᠺᠲ᠋ᠤᠷ 2 ᠬᠦᠮᠦᠨ᠂ ᠵᠢᠩᠬᠢᠨᠢ ᠠᠩᠬᠢ ᠶᠢᠨ ᠰᠤᠷᠤᠯᠭ᠎ᠠ ᠶᠢᠨ | ᠨᠡᠮᠳᠡᠷ ᠲᠠᠢ ᠬᠦᠮᠦᠨ 50᠂ ᠲᠤᠰᠬᠠᠢ ᠮᠡᠷᠬᠡᠵᠢᠯ ᠤᠨ ᠲᠡᠬᠡᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ ᠬᠦᠮᠦᠨ | 10᠂ ᠲᠤᠮᠳᠠ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠪᠤᠯᠤᠨ ᠲᠤᠮᠳᠠ ᠵᠡᠷᠬᠡ ᠶᠢᠨ ᠪᠠᠭᠰᠢ ᠶᠢᠨ | ᠰᠤᠷᠭᠠᠭᠤᠯᠢ ᠶᠢᠨ ᠰᠤᠷᠤᠯᠭ᠎ᠠ ᠶᠢᠨ ᠨᠡᠮᠳᠡᠷ ᠲᠠᠢ ᠬᠦᠮᠦᠨ 4 ᠪᠤᠢ᠃ ᠦᠪᠦᠷ ᠮᠤᠩᠭᠤᠯ ᠤᠨ ᠵᠠᠯᠠᠭᠤ ᠪᠠᠭᠰᠢ ᠶᠢᠨ | ᠦᠨᠳᠦᠰᠦᠨ ᠮᠡᠷᠬᠡᠵᠢᠯ ᠤᠨ ᠤᠷᠤᠯᠳᠤᠭᠠᠨ ᠤ ᠱᠠᠩᠨᠠᠯ ᠢ ᠬᠦᠷᠳᠡᠭᠰᠡᠨ ᠪᠠᠭᠰᠢ 3᠂ ᠪᠤᠭᠤᠳᠤ ᠬᠤᠳᠠ ᠶᠢᠨ ᠵᠠᠯᠠᠭᠤ | ᠪᠠᠭᠰᠢ ᠶᠢᠨ ᠦᠨᠳᠦᠰᠦᠨ ᠮᠡᠷᠬᠡᠵᠢᠯ ᠤᠨ ᠤᠷᠤᠯᠳᠤᠭᠠᠨ ᠤ ᠱᠠᠩᠨᠠᠯ ᠢ ᠬᠦᠷᠳᠡᠭᠰᠡᠨ ᠪᠠᠭᠰᠢ 3᠂ ᠪᠤᠭᠤᠳᠤ ᠬᠤᠳᠠ ᠶᠢᠨ | ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 3 ᠬᠦᠮᠦᠨ᠂ ᠬᠦᠨᠳᠡᠯᠡᠨ ᠲᠤᠭᠤᠷᠢᠭ ᠤᠨ ᠬᠢᠴᠢᠶᠡᠯ ᠰᠢᠨᠵᠢᠯᠡᠬᠡᠨ ᠤ | ᠲᠠᠭᠠᠭᠤᠯᠤᠬᠴᠢ 10 ᠬᠦᠮᠦᠨ᠂ ᠪᠤᠭᠤᠳᠤ ᠬᠤᠳᠠ ᠶᠢᠨ ᠵᠢᠭᠠᠨ ᠰᠤᠷᠭᠠᠯᠳᠠ ᠶᠢᠨ ᠴᠢᠳᠡᠪᠦᠷᠢᠳᠡᠨ 3᠂ ᠬᠦᠨᠳᠡᠯᠡᠨ | ᠲᠤᠭᠤᠷᠢᠭ ᠤᠨ ᠵᠢᠭᠠᠨ ᠰᠤᠷᠭᠠᠯᠳᠠ ᠶᠢᠨ ᠴᠢᠳᠡᠪᠦᠷᠢᠳᠡᠨ 2᠂ ᠨᠠᠮ ᠤᠨ ᠬᠡᠰᠢᠬᠦᠨ ᠪᠠᠭᠰᠢ 26 ᠬᠦᠮᠦᠨ ᠪᠤᠢ᠃ | | | |