ᠪᠤᠭᠤᠳᠤ ᠪᠤᠯᠤᠳ ᠤᠨ ᠲᠤᠯᠤᠳᠤᠭᠠᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/3/15
       ᠪᠤᠭᠤᠳᠤ ᠪᠤᠯᠤᠳ ᠤᠨ ᠺᠤᠮᠫᠠᠨᠢ ᠶᠢᠨ ᠲᠤᠯᠤᠳᠤᠭᠠᠷ ᠪᠠᠭ᠎ᠠ ᠰᠤᠷᠭᠠᠭᠤᠯᠢ ᠶᠢ 1964 ᠤᠨ ᠤ 9 ᠰᠠᠷ᠎ᠠ ᠳᠤ ᠪᠠᠶᠢᠭᠤᠯᠵᠤ᠂ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ‍ᠤᠨ‌ᠤᠳᠠᠨ ᠰᠡᠭᠦᠳᠡᠷᠲᠦ ᠲᠤᠮᠳᠠ ᠵᠠᠮ ᠤᠨ 21 ᠳ᠋ᠤᠭᠡᠷ ᠨᠤᠮᠧᠷ ᠲᠤ ᠪᠠᠶᠢᠷᠢᠯᠠᠵᠤ ᠪᠤᠢ᠃ ᠬᠠᠷᠢᠯᠴᠠᠬᠤ ᠤᠳᠠᠰᠤ᠄ 2126002᠃ 60 ᠵᠢᠯ ᠤᠨ ᠬᠠᠪᠤᠷ ᠨᠠᠮᠤᠷ ᠢ ᠦᠩᠬᠡᠷᠡᠬᠦᠯᠦᠭᠰᠡᠨ ᠲᠤᠰ ᠰᠤᠷᠭᠠᠭᠤᠯᠢ ᠦᠨᠦᠳᠦᠷ ᠪᠤᠯᠬᠤ ᠳᠤ᠂ ᠴᠡᠴᠡᠭ ᠬᠤᠸᠠᠷ ᠲᠡᠯᠬᠡᠷᠡᠨ ᠪᠤᠯᠵᠤᠮᠤᠷ ᠰᠢᠪᠠᠭᠤ ᠲᠤᠩᠭᠤᠳᠴᠤ᠂ ᠬᠦᠬᠡᠷᠡᠨ ᠨᠤᠭᠤᠭᠠᠷᠠᠬᠰᠠᠨ ᠭᠤᠶᠤ ᠰᠠᠶᠢᠬᠠᠨ ᠰᠤᠷᠭᠠᠭᠤᠯᠢ ᠶᠢᠨ ᠤᠷᠴᠢᠨ ᠲᠤᠭᠤᠷᠢᠨ ᠲᠠᠢ ᠪᠤᠯᠵᠤ᠂ ᠵᠢᠭᠠᠨ ᠰᠤᠷᠭᠠᠯᠳᠠ ᠶᠢᠨ ᠶᠠᠰᠤ ᠴᠢᠨᠡᠷ ᠡᠳᠦᠷ ᠠᠴᠠ ᠡᠳᠦᠷ ᠰᠠᠶᠢᠵᠢᠷᠠᠭᠠᠳ ᠰᠤᠷᠤᠬᠴᠢᠳ ᠤᠨ ᠰᠡᠳᠬᠢᠯ ᠳᠤ ᠲᠠᠭᠠᠯᠠᠬᠳᠠᠬᠠᠰᠠᠨ ᠰᠤᠷᠭᠠᠭᠤᠯᠢ ᠶᠢᠨ ᠬᠦᠷᠢᠶᠡᠯᠡᠩ ᠪᠤᠯᠵᠠᠢ᠃ ᠰᠤᠷᠭᠠᠭᠤᠯᠢ ᠶᠢᠨ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 26 ᠪᠠᠶᠢᠵᠤ᠂ 75 ᠪᠠᠭᠰᠢ ᠲᠠᠢ᠃ ᠡᠬᠦᠨ ᠳᠤ᠂ ᠲᠤᠮᠳᠠᠳᠤ ᠪᠠᠭ᠎ᠠ ᠰᠤᠷᠭᠠᠭᠤᠯᠢ ᠶᠢᠨ ᠲᠡᠬᠡᠳᠤ ᠵᠡᠷᠬᠡ ᠶᠢᠨ ᠪᠠᠭᠰᠢ 31᠂ ᠲᠤᠮᠳᠠᠳᠤ ᠪᠠᠭ᠎ᠠ ᠰᠤᠷᠭᠠᠭᠤᠯᠢ ᠶᠢᠨ ᠨᠢᠬᠡᠳᠦᠬᠡᠷ ᠲᠡᠰ ᠤᠨ ᠪᠠᠭᠰᠢ 26᠂ ᠲᠤᠮᠳᠠᠳᠤ ᠪᠠᠭ᠎ᠠ ᠰᠤᠷᠭᠠᠭᠤᠯᠢ ᠶᠢᠨ ᠬᠤᠶᠠᠳᠤᠭᠠᠷ ᠲᠡᠰ ᠤᠨ ᠪᠠᠭᠰᠢ 6 ᠬᠦᠮᠦᠨ ᠪᠤᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号