ᠪᠤᠭᠤᠳᠤ ᠪᠤᠯᠤᠳ ᠤᠨ ᠬᠤᠶᠠᠳᠤᠭᠠᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/3/18
       ᠪᠤᠭᠤᠳᠤ ᠪᠤᠯᠤᠳ ᠤᠨ ᠺᠤᠮᠫᠠᠨᠢ ᠶᠢᠨ ᠬᠤᠶᠠᠳᠤᠭᠠᠷ ᠪᠠᠭ᠎ᠠ ᠰᠤᠷᠭᠠᠭᠤᠯᠢ ᠨᠢ ᠪᠤᠯᠤᠳ ᠲᠡᠮᠦᠷ ᠵᠡᠬᠡᠯᠢ ᠪᠤᠯᠤᠨ ᠡᠮᠦᠨ᠎ᠡ ᠫᠠᠢ ᠤᠨ ᠠᠭᠤᠯᠵᠠᠷ ᠤᠨ ᠡᠮᠦᠨ᠎ᠡ ᠬᠡᠰᠡᠭ ᠲᠤ ᠪᠠᠶᠢᠷᠢᠯᠠᠵᠤ᠂ 1957 ᠤᠨ ᠤ 9 ᠰᠠᠷ᠎ᠠ ᠳᠤ ᠪᠠᠶᠢᠭᠤᠯᠵᠠᠢ᠃ 1995 ᠤᠨ ᠳᠤ ᠰᠤᠷᠭᠠᠭᠤᠯᠢ ᠶᠢ ᠦᠬᠡᠷᠡᠴᠢᠯᠡᠨ ᠪᠠᠶᠢᠭᠤᠯᠵᠤ᠂ ᠦᠬᠡᠷᠡᠴᠢᠯᠠᠨ ᠪᠠᠶᠢᠭᠤᠯᠤᠬᠰᠠᠨ ᠤ ᠲᠠᠷᠠᠭ᠎ᠠ ᠰᠤᠷᠭᠠᠭᠤᠯᠢ ᠶᠢᠨ ᠡᠵᠡᠯᠡᠬᠦ ᠶᠡᠷᠦᠩᠬᠡᠢ ᠲᠠᠯᠠᠪᠠᠢ 9628 ᠲᠡᠭᠰᠢ ᠲᠦᠷᠪᠡᠯᠵᠢᠨ ᠮᠧᠲᠷ ᠪᠤᠯᠵᠤ᠂ ᠰᠤᠷᠭᠠᠭᠤᠯᠢ ᠶᠢᠨ ᠨᠤᠮ ᠤᠩᠰᠢᠯᠭ᠎ᠠ ᠶᠢᠨ  ᠬᠡᠷ᠂ ᠲᠠᠭᠤᠤ ᠬᠦᠭᠵᠢᠮ ᠤᠨ  ᠬᠢᠴᠢᠶᠡᠯ ᠤᠨ ᠬᠡᠷ᠂ ᠤᠷᠠᠨ ᠵᠢᠷᠤᠭ ᠤᠨ ᠬᠢᠴᠢᠶᠡᠯ ᠤᠨ ᠬᠡᠷ᠂ ᠤᠷᠠᠨ ᠪᠢᠴᠢᠯᠬᠡ ᠶᠢᠨ  ᠬᠢᠴᠢᠶᠡᠯ ᠤᠨ ᠬᠡᠷ᠂ ᠰᠢᠨᠵᠢᠯᠡᠬᠦ ᠤᠬᠠᠭᠠᠨ ᠮᠡᠷᠬᠡᠵᠢᠯ ᠤᠨ ᠲᠤᠷᠰᠢᠯᠳᠠ ᠶᠢᠨ ᠬᠡᠷ᠂ ᠺᠤᠮᠫᠢᠦ᠋ᠲ᠋ᠧᠷ ᠤᠨ ᠬᠢᠴᠢᠶᠡᠯ ᠤᠨ ᠬᠡᠷ᠂ ᠰᠡᠳᠬᠢᠴᠡ ᠶᠢᠨ ᠯᠠᠪᠯᠠᠯᠭ᠎ᠠ ᠶᠢᠨ ᠭᠡᠷ᠂ ᠰᠢᠩᠭᠡᠬᠡᠵᠤ ᠨᠡᠪᠳᠡᠷᠡᠬᠦᠯᠬᠦ ᠭᠡᠷ᠂ ᠤᠯᠠᠨ ᠴᠢᠳᠡᠪᠬᠢᠳᠤ ᠵᠢᠭᠠᠨ ᠰᠤᠷᠭᠠᠯᠳᠠ ᠶᠢᠨ ᠬᠡᠷ ᠵᠡᠷᠬᠡ ᠶᠢ ᠪᠠᠶᠢᠭᠤᠯᠵᠠᠢ᠃ ᠰᠤᠷᠭᠠᠭᠤᠯᠢ ᠶᠢᠨ ᠤᠳᠤ ᠪᠠᠶᠢᠭ᠎ᠠ ᠪᠠᠭᠰᠢ ᠠᠵᠢᠯᠳᠠᠨ 63 ᠬᠦᠮᠦᠨ᠂ ᠲᠤᠰᠬᠠᠢ ᠲᠤᠰᠢᠶᠠᠯ ᠲᠠᠢ ᠪᠠᠭᠰᠢ 60 ᠬᠦᠮᠦᠨ᠂ ᠰᠤᠷᠤᠭᠴᠢ 1078 ᠬᠦᠮᠦᠨ᠂ 24 ᠵᠢᠭᠠᠨ ᠰᠤᠷᠭᠠᠯᠳᠠ ᠶᠢᠨ ᠠᠩᠬᠢ ᠲᠠᠢ ᠪᠠᠶᠢᠵᠤ᠂ ᠴᠡᠪᠡᠷ ᠲᠤᠬᠢᠯᠢᠭ ᠰᠤᠷᠭᠠᠭᠤᠯᠢ ᠶᠢᠨ ᠤᠷᠴᠢᠨ ᠲᠤᠭᠤᠷᠢᠨ᠂ ᠲᠡᠷᠢᠬᠦᠨ ᠵᠡᠷᠬᠡ ᠶᠢᠨ ᠵᠢᠭᠠᠨ ᠰᠤᠷᠭᠠᠯᠳᠠ ᠶᠢᠨ ᠲᠦᠬᠦᠬᠡᠷᠦᠮᠵᠢ ᠨᠢ ᠰᠤᠷᠤᠬᠴᠢᠳ ᠤᠨ ᠪᠦᠬᠦ ᠲᠠᠯ᠎ᠠ ᠪᠠᠷ ᠬᠦᠭᠵᠢᠬᠦ ᠳᠤ ᠰᠠᠶᠢᠨ ᠰᠠᠶᠢᠬᠠᠨ ᠨᠦᠬᠦᠴᠡᠯ ᠢ ᠪᠦᠷᠢᠯᠳᠦᠬᠦᠯᠵᠤ ᠦᠭᠬᠦᠭᠰᠡᠨ ᠪᠠᠶᠢᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号