ᠺᠦᠨ ᠪᠧᠢ ᠭᠤᠤᠯ ᠪᠠᠭ᠎ᠠ ᠰᠤᠷᠭᠠᠭᠤᠯᠢ ᠪᠤᠯ ᠬᠤᠳᠠ ᠬᠦᠳᠡᠭᠡ ᠶᠢᠨ ᠠᠭᠤᠯᠵᠠᠷ ᠬᠡᠰᠡᠭ ᠪᠤᠯᠬᠤ ᠵᠢᠷᠭᠠᠯ ᠤᠨ | ᠲᠠᠪᠠᠭ᠎ᠠ ᠬᠠᠭᠤᠴᠢᠨ ᠲᠤᠰᠬᠤᠨ ᠳᠤ ᠪᠠᠶᠢᠷᠢᠯᠠᠵᠤ ᠪᠤᠢ᠂ ᠲᠠᠷᠤᠢ ᠦᠨᠳᠦᠰᠦᠳᠡᠨ ᠵᠡᠬᠦᠨ ᠵᠠᠮ ᠪᠤᠯᠤᠨ ᠰᠤᠶᠤᠯ ᠪᠠᠷᠠᠭᠤᠨ | ᠵᠠᠮ ᠤᠨ ᠠᠭᠤᠯᠵᠠᠷ ᠬᠡᠰᠡᠭ ᠤᠨ ᠪᠠᠷᠠᠭᠤᠨ ᠬᠤᠶᠢᠳᠤ ᠴᠢᠭᠯᠡᠯ ᠳᠤ ᠪᠤᠢ᠃ ᠺᠦᠨ ᠪᠧᠢ ᠪᠠᠭ᠎ᠠ ᠰᠤᠷᠭᠠᠭᠤᠯᠢ ᠶᠢ 1963 | ᠤᠨ ᠳᠤ ᠪᠠᠶᠢᠭᠤᠯᠵᠤ᠂ ᠡᠵᠡᠯᠡᠬᠦ ᠲᠠᠯᠠᠪᠠᠢ 7074 ᠲᠡᠭᠰᠢ ᠲᠦᠷᠪᠡᠯᠵᠢᠨ ᠮᠧᠲᠷ᠂ ᠤᠤᠯ ᠨᠢ ᠪᠤᠭᠤᠳᠤ ᠬᠤᠳᠠ ᠶᠢᠨ | ᠵᠢᠦᠶᠤᠸᠠᠨ ᠲᠤᠭᠤᠷᠢᠭ ᠲᠤ ᠬᠠᠷᠢᠶᠠᠯᠠᠬᠳᠠᠵᠤ ᠪᠠᠶᠢᠬᠰᠠᠨ᠂ 2008 ᠤᠨ ᠳᠤ ᠲᠤᠭᠤᠷᠢᠭ ᠬᠤᠪᠢᠶᠠᠷᠢᠯᠠᠬᠰᠠᠨ ᠤ ᠲᠠᠷᠠᠭ᠎ᠠ | ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠬᠠᠷᠢᠶᠠᠯᠠᠯ ᠳᠤ ᠤᠷᠤᠪᠠ᠃ 2014 ᠤᠨ ᠤ 3 ᠰᠠᠷ᠎ᠠ ᠳᠤ ᠺᠦᠨ | ᠪᠧᠢ ᠭᠤᠤᠯ ᠪᠠᠭ᠎ᠠ ᠰᠤᠷᠭᠠᠭᠤᠯᠢ ᠬᠡᠵᠤ ᠨᠡᠷ᠎ᠡ ᠪᠠᠨ ᠬᠠᠯᠠᠵᠠᠢ᠃ ᠰᠤᠷᠭᠠᠭᠤᠯᠢ ᠶᠢᠨ ᠤᠳᠤ ᠪᠠᠶᠢᠭ᠎ᠠ ᠵᠢᠭᠠᠨ ᠰᠤᠷᠭᠠᠯᠳᠠ ᠶᠢᠨ | ᠠᠩᠬᠢ 17᠂ ᠰᠤᠷᠤᠬᠴᠢ 697 ᠪᠠᠶᠢᠵᠤ᠂ 47 ᠪᠠᠭᠰᠢ ᠲᠠᠢ᠃ ᠰᠤᠷᠭᠠᠭᠤᠯᠢ ᠶᠢᠨ ᠰᠤᠷᠤᠬᠴᠢ ᠶᠢᠨ ᠢᠷᠠᠯᠳᠠ ᠶᠢᠨ | ᠤᠯᠠᠩᠬᠢ ᠨᠢ ᠰᠤᠷᠭᠠᠭᠤᠯᠢ ᠶᠢᠨ ᠤᠢᠢᠷ᠎ᠠ ᠬᠠᠪᠢ ᠪᠠᠷ ᠰᠠᠭᠤᠷᠢᠰᠢᠵᠤ ᠪᠠᠶᠢᠭ᠎ᠠ ᠭᠠᠳᠠᠨ᠎ᠡ ᠤᠷᠤᠨ ᠠᠴᠠ ᠢᠷᠡᠭᠰᠡᠨ ᠠᠵᠢᠯ | ᠡᠷᠬᠢᠯᠡᠭᠰᠡᠳ ᠤᠨ ᠦᠷ᠎ᠠ ᠬᠡᠦᠬᠡᠳ ᠪᠤᠯᠤᠨ᠎ᠠ᠃ | ᠬᠡᠦᠬᠡᠳ ᠤᠳ ᠦᠨᠡᠨᠬᠦ ᠪᠠᠭ᠋ᠠᠷᠬᠠᠵᠤ ᠪᠢᠰᠢᠷᠡᠬᠦ ᠡᠰᠡᠬᠦ ᠪᠤᠯ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠲᠦᠪᠰᠢᠨ ᠢ | ᠬᠡᠮᠵᠢᠬᠦ ᠴᠢᠬᠤᠯᠠ ᠪᠠᠷᠢᠮᠵᠢᠶ᠎ᠠ ᠪᠤᠯᠤᠨ᠎ᠠ᠂ ᠺᠦᠨ ᠪᠧᠢ ᠪᠠᠭ᠎ᠠ ᠰᠤᠷᠭᠠᠭᠤᠯᠢ ︽ᠬᠦᠮᠦᠨ ᠢᠶᠠᠷ ᠦᠨᠳᠦᠰᠦ ᠪᠤᠯᠭᠠᠬᠤ︾ | ᠰᠤᠷᠭᠠᠨ ᠬᠦᠮᠦᠵᠢᠯ ᠤᠨ ᠦᠵᠡᠯ ᠰᠠᠨᠠᠭ᠎ᠠ ᠶᠢ ᠡᠷᠬᠢᠮᠯᠡᠵᠤ᠂ ︽ᠬᠡᠦᠬᠡᠳ ᠤᠳ ᠤᠨ ᠪᠠᠭ᠋ᠠᠷᠬᠠᠬᠤ ᠰᠤᠷᠭᠠᠭᠤᠯᠢ ᠶᠢ ᠡᠷᠬᠢᠯᠡᠬᠦ︾ | ᠪᠠᠷ ᠰᠤᠷᠭᠠᠭᠤᠯᠢ ᠡᠷᠬᠢᠯᠡᠬᠦ ᠬᠠᠷᠠᠯᠳᠠ ᠪᠠᠨ ᠪᠤᠯᠭᠠᠵᠤ᠂ ᠪᠡᠶ᠎ᠡ ᠳᠡᠭᠡᠨ ᠢᠳᠡᠬᠡᠯ ᠲᠠᠢ᠂ ᠪᠡᠶ᠎ᠠ ᠪᠠᠨ ᠲᠠᠭᠠᠭᠠᠬᠤ᠂ | ᠦᠪᠡᠷ ᠢ ᠪᠠᠨ ᠱᠠᠭᠠᠷᠳᠠᠬᠤ᠂ ᠦᠪᠡᠷ ᠢ ᠪᠠᠨ ᠬᠦᠴᠦᠷᠭᠡᠭᠵᠢᠬᠦᠯᠬᠦ᠂ ᠬᠠᠷᠢᠭᠤᠴᠠᠯᠭᠠᠳᠤ ᠤᠬᠠᠮᠰᠠᠷ ᠲᠠᠢ᠂ ᠡᠬᠦᠷᠬᠡᠯᠡᠯ ᠤᠨ | ᠵᠤᠷᠢᠭ ᠰᠠᠨᠠᠭ᠎ᠠ ᠲᠠᠢ ᠺᠦᠨ ᠪᠧᠢ ᠪᠠᠭ᠎ᠠ ᠰᠤᠷᠭᠠᠭᠤᠯᠢ ᠶᠢᠨ ᠰᠤᠷᠤᠬᠴᠢ ᠶᠢ ᠬᠦᠮᠦᠵᠢᠬᠦᠯᠬᠦ ᠪᠠᠷ ᠦᠪᠡᠷ ᠤᠨ ᠡᠬᠦᠷᠬᠡ ᠪᠠᠨ | ᠪᠤᠯᠭᠠᠵᠤ᠂ ᠰᠤᠷᠤᠬᠴᠢᠳ ᠤᠨ ᠪᠠᠶᠠᠷ ᠬᠦᠷ ᠲᠠᠢ ᠪᠠᠷ ᠦᠰᠦᠨ ᠪᠤᠶᠢᠵᠢᠬᠤ᠂ ᠪᠠᠭᠰᠢ ᠠᠵᠢᠯᠳᠠ ᠵᠤᠯ ᠵᠢᠷᠭᠠᠯ ᠲᠠᠢ ᠪᠠᠷ | ᠠᠵᠢᠯᠯᠠᠬᠤ᠂ ᠰᠤᠷᠭᠠᠭᠤᠯᠢ ᠤᠶᠤᠨ ᠤᠬᠠᠭᠠᠨ ᠢᠶᠠᠷ ᠬᠦᠮᠦᠨ ᠢ ᠬᠦᠮᠦᠵᠢᠬᠦᠯᠬᠦ ᠰᠤᠷᠭᠠᠭᠤᠯᠢ ᠡᠷᠬᠢᠯᠡᠬᠦ ᠬᠦᠰᠡᠯ ᠢ ᠴᠢᠷᠮᠠᠶᠢᠨ | ᠪᠡᠶᠡᠯᠡᠬᠦᠯᠵᠤ ᠪᠠᠶᠢᠨ᠎ᠠ᠃ | | | |