ᠨᠠᠶᠢᠷᠠᠮᠳᠠᠯ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/3/28
      ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠨᠠᠶᠢᠷᠠᠮᠳᠠᠯ ᠪᠠᠭ᠎ᠠ ᠰᠤᠷᠭᠠᠭᠤᠯᠢ ᠶᠢ 1959 ᠤᠨ ᠳᠤ ᠪᠠᠶᠢᠭᠤᠯᠵᠤ᠂ ᠬᠡᠳᠦᠨ ᠤᠳᠠᠭ᠎ᠠ ᠶᠢᠨ ᠲᠤᠭᠤᠷᠢᠭ ᠬᠤᠪᠢᠶᠠᠷᠢᠯᠠᠯᠳᠠ ᠪᠠ ᠨᠡᠬᠦᠬᠦ ᠪᠠᠷ ᠲᠡᠮᠵᠢᠨ᠂ 2011 ᠤᠨ ᠤ 4 ᠰᠠᠷ᠎ᠠ  ᠎ ᠳᠤ ᠨᠠᠶᠢᠷᠠᠮᠳᠠᠯ ᠪᠠᠭ᠎ᠠ ᠰᠤᠷᠭᠠᠭᠤᠯᠢ ᠶᠢᠨ ᠰᠢᠨ᠎ᠠ ᠠᠰᠠᠷ ᠢ ᠦᠨᠳᠦᠰᠦᠨ ᠳᠤᠨᠢ ᠪᠠᠷᠢᠯᠭ᠎ᠠ ᠲᠠᠭᠤᠰᠬᠠᠵᠤ᠂ ᠪᠦᠬᠦ ᠪᠠᠭᠰᠢ ᠰᠤᠷᠤᠬᠴᠢᠳ ᠰᠠᠷᠠᠭᠤᠯ ᠲᠤᠩᠭᠠᠯᠠᠭ᠂ ᠪᠦᠷᠢᠨ ᠴᠢᠳᠡᠪᠬᠢᠳᠤ ᠰᠢᠨ᠎ᠠ ᠵᠢᠭᠠᠨ ᠰᠤᠷᠭᠠᠯᠳᠠ ᠶᠢᠨ ᠠᠰᠠᠷ ᠲᠤ ᠨᠡᠬᠦᠵᠤ ᠤᠷᠤᠵᠠᠢ ᠃ ᠰᠤᠷᠭᠠᠭᠤᠯᠢ ᠨᠢ ᠤᠳᠤ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠰᠤᠷᠭᠠᠭᠤᠯᠢ ᠶᠢᠨ ᠵᠠᠮ ᠪᠤᠯᠤᠨ ᠤᠳᠠᠨ ᠰᠡᠭᠦᠳᠡᠷᠲᠦ ᠵᠠᠮ ᠤᠨ ᠠᠭᠤᠯᠵᠠᠷ ᠵᠠᠮ ᠠᠴᠠ ᠪᠠᠷᠠᠭᠤᠨᠰᠢ 200 ᠮᠧᠲᠷ ᠤᠨ ᠬᠡᠰᠡᠭ ᠲᠠᠬᠢ ᠵᠠᠮ ᠤᠨ ᠡᠮᠦᠨ᠎ᠡ ᠪᠠᠶᠢᠷᠢᠯᠠᠵᠤ᠂ ᠬᠦᠭᠵᠢᠯᠳᠠ ᠶᠢᠨ ᠲᠠᠯᠳᠠ ᠬᠦᠴᠦᠨ ᠲᠠᠢ ᠤᠳᠤᠬᠢᠴᠢᠯᠠᠬᠰᠠᠨ ᠪᠠᠭ᠎ᠠ ᠰᠤᠷᠭᠠᠭᠤᠯᠢ ᠪᠤᠯᠤᠨ᠎ᠠ᠃     ᠰᠤᠷᠭᠠᠭᠤᠯᠢ ᠶᠢᠨ ᠡᠵᠡᠯᠡᠬᠦ ᠶᠡᠷᠦᠩᠬᠡᠢ ᠲᠠᠯᠠᠪᠠᠢ 35 ᠮᠦ ᠪᠠᠶᠢᠵᠤ᠂ ᠵᠢᠭᠠᠨ ᠰᠤᠷᠭᠠᠯᠳᠠ ᠶᠢᠨ ᠠᠰᠠᠷ ᠲᠤ ᠵᠠᠰᠠᠭ ᠤᠨ ᠤᠷᠳᠤᠨ ᠠᠴᠠ 2700 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠵᠢᠭᠠᠨ ᠰᠤᠷᠭᠠᠯᠳᠠ ᠶᠢᠨ ᠠᠰᠠᠷ ᠢᠶᠠᠨ ᠵᠢᠭᠠᠨ ᠰᠤᠷᠭᠠᠯᠳᠠ ᠶᠢᠨ ᠲᠤᠭᠤᠷᠢᠭ᠂ ᠠᠯᠪᠠᠯᠠᠬᠤ ᠲᠤᠭᠤᠷᠢᠭ᠂ ᠴᠢᠳᠡᠪᠬᠢᠳᠤ ᠲᠤᠭᠤᠷᠢᠭ ᠵᠡᠷᠬᠡ ᠭᠤᠷᠪᠠᠨ ᠲᠤᠭᠤᠷᠢᠭ ᠬᠤᠪᠢᠶᠠᠵᠠᠢ ᠃ ᠰᠤᠷᠭᠠᠭᠤᠯᠢ ᠨᠢ 25 ᠬᠦᠳᠡᠯᠬᠡᠬᠡᠨ ᠤ ᠬᠡᠷ ᠲᠠᠢ᠄ ᠰᠢᠨᠵᠢᠯᠡᠬᠦ ᠤᠬᠠᠭᠠᠨ ᠮᠡᠷᠬᠡᠵᠢᠯ ᠤᠨ ᠬᠡᠷ᠂ ᠪᠦᠵᠢᠭ ᠤᠨ ᠬᠡᠷ᠂ ᠰᠢᠩᠬᠡᠬᠡᠵᠤ ᠨᠡᠪᠳᠡᠷᠡᠬᠦᠯᠬᠦ ᠬᠡᠷ᠂ ᠤᠷᠠᠨ ᠵᠢᠷᠤᠭ ᠤᠨ ᠬᠡᠷ᠂ ᠨᠠᠶᠢᠷᠠᠯ ᠲᠠᠭᠤᠤ ᠶᠢᠨ ᠬᠡᠷ᠂ ᠺᠤᠮᠫᠢᠦ᠋ᠲ᠋ᠧᠷ ᠤᠨ ᠬᠡᠷ᠂ ᠪᠠᠭᠠᠴᠤᠳ ᠤᠨ ᠬᠤᠰᠢᠭᠤᠴᠢ ᠠᠩᠬᠢ ᠶᠢᠨ ᠬᠡᠷ᠂ ᠤᠷᠠᠨ ᠪᠢᠴᠢᠯᠬᠡ ᠶᠢᠨ ᠬᠡᠷ᠂ ᠬᠤᠷᠠᠯ ᠤᠨ ᠬᠡᠷ᠂ ᠨᠤᠮ ᠪᠢᠴᠢᠭ ᠤᠩᠰᠢᠯᠭ᠎ᠠ ᠶᠢᠨ ᠬᠡᠷ᠂  ᠴᠡᠭᠡᠮ ᠬᠤᠭᠤᠷ ᠤᠨ ᠬᠡᠷ᠂ ᠬᠡᠦᠬᠡᠳ ᠤᠨ ᠵᠢᠷᠤᠭ ᠤᠨ ᠬᠡᠷ᠂ ᠰᠡᠳᠬᠢᠴᠡ ᠶᠢᠨ ᠯᠠᠪᠯᠠᠯᠭ᠎ᠠ ᠶᠢᠨ ᠬᠡᠷ᠂ ᠪᠠᠶ᠎ᠠ ᠲᠠᠮᠢᠷ ᠤᠨ ᠤᠷᠳᠤᠨ᠂ ᠭᠠᠵᠠᠷ ᠲᠤᠤᠷᠠᠬᠢ ᠬᠦᠯ ᠪᠦᠮᠪᠦᠭᠡ ᠶᠢᠨ ᠬᠡᠷ᠂ ᠫᠢᠩᠫᠤᠩ ᠪᠦᠮᠪᠦᠭᠡ ᠶᠢᠨ ᠬᠡᠷ᠃ ᠡᠬᠦᠨ ᠠᠴᠠ ᠭᠠᠳᠠᠨ᠎ᠠ ᠪᠠᠰᠠ ᠠᠵᠢᠯᠳᠠᠨ ᠤ ᠠᠮᠠᠷᠠᠬᠤ ᠬᠡᠷ ᠵᠢᠴᠢ 2500 ᠲᠡᠭᠰᠢ ᠲᠦᠷᠪᠡᠯᠵᠢᠨ ᠮᠧᠲᠷ ᠤᠨ ᠭᠠᠵᠠᠷ ᠲᠤᠤᠷᠠᠬᠢ ᠲᠡᠷᠬᠡᠨ ᠵᠤᠬᠰᠤᠭᠠᠯ᠂ ᠰᠦᠯᠢᠶᠤᠤ ᠭᠤᠮ ᠤᠨ ᠲᠠᠮᠢᠷ ᠤᠨ ᠲᠠᠯᠠᠪᠤᠷ ᠲᠠᠢ ᠪᠠᠶᠢᠵᠤ ᠪᠦᠬᠦ ᠲᠤᠨᠤᠭ ᠲᠦᠬᠦᠬᠡᠷᠦᠮᠵᠢ ᠶᠢ ᠴᠦᠮ ᠤᠳᠤᠬᠢᠴᠢᠯᠠᠬᠰᠠᠨ ᠪᠠᠷᠢᠮᠵᠢᠶ᠎ᠠ ᠪᠠᠷ ᠪᠦᠳᠦᠬᠡᠨ ᠪᠠᠶᠢᠭᠤᠯᠪᠠ᠃       ᠤᠳᠤ᠂ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠩᠬᠢ 29 ᠪᠤᠯᠵᠤ᠂ ᠰᠤᠷᠭᠠᠭᠤᠯᠢ ᠳᠤ ᠪᠠᠶᠢᠭ᠎ᠠ ᠰᠤᠷᠤᠬᠴᠢ 1290 ᠤᠷᠴᠢᠮ ᠪᠤᠯᠵᠠᠢ᠃ 68 ᠪᠠᠭᠰᠢ ᠠᠵᠢᠯᠳᠠᠨ ᠲᠠᠢ᠂ ᠲᠤᠰᠬᠠᠢ ᠲᠤᠰᠢᠶᠠᠯ ᠲᠠᠢ ᠪᠠᠭᠰᠢ ᠶᠢᠨ ᠲᠤᠳᠤᠷ᠎ᠠ ᠲᠡᠳ᠋ ᠳ᠋ᠤᠺᠲ᠋ᠤᠷᠠᠨᠲ 6᠂ ᠵᠢᠩᠬᠢᠨᠢ ᠠᠩᠬᠢ ᠶᠢᠨ ᠰᠤᠷᠤᠯᠭ᠎ᠠ ᠶᠢᠨ ᠨᠡᠮᠳᠡᠷ ᠲᠠᠢ ᠨᠢ 52᠂  ᠲᠡᠭᠡᠳᠤ ᠰᠤᠷᠭᠠᠭᠤᠯᠢ ᠶᠢᠨ ᠰᠤᠷᠤᠯᠭ᠎ᠠ ᠶᠢᠨ ᠨᠡᠮᠳᠡᠷ ᠲᠠᠢ 9 ᠬᠦᠮᠦᠨ᠃ ᠡᠬᠦᠨ ᠳᠤ᠂ ᠲᠤᠮᠳᠠ ᠵᠡᠷᠬᠡ ᠠᠴᠠ ᠲᠡᠬᠡᠭᠰᠢ ᠮᠡᠷᠬᠡᠵᠢᠯ ᠤᠨ ᠴᠤᠯᠠ ᠲᠠᠢ ᠪᠠᠭᠰᠢ 36᠂ ᠦᠪᠡᠷᠳᠡᠬᠡᠨ ᠵᠠᠰᠠᠬᠤ ᠤᠷᠤᠨ ᠤ ᠬᠢᠴᠢᠶᠠᠯ  ᠲᠦᠷᠦᠯ ᠤᠨ ᠲᠠᠭᠠᠭᠤᠯᠤᠬᠴᠢ 1᠂ ᠪᠤᠭᠤᠳᠤ ᠬᠤᠳᠠ ᠶᠢᠨ ᠨᠡᠷᠡᠳᠤ ᠪᠠᠭᠰᠢ 1᠂ ᠬᠤᠳᠠ ᠶᠢᠨ ᠲᠡᠰ ᠤᠨ ᠬᠢᠴᠢᠶᠡᠯ ᠲᠥᠷᠥᠯ ᠤᠨ ᠲᠠᠭᠠᠭᠤᠯᠤᠬᠴᠢ 1᠂ ᠬᠤᠳᠠ ᠶᠢᠨ ᠲᠡᠰ ᠤᠨ ᠵᠢᠭᠠᠨ ᠰᠤᠷᠭᠠᠯᠳᠠ ᠶᠢᠨ ᠴᠢᠳᠡᠪᠦᠷᠢᠳᠠᠨ 1᠂ ᠬᠦᠨᠳᠡᠯᠡᠨ ᠲᠤᠭᠤᠷᠢᠭ ᠤᠨ ᠲᠡᠰ ᠤᠨ ᠬᠢᠴᠢᠶᠡᠯ ᠲᠥᠷᠥᠯ ᠤᠨ ᠲᠠᠭᠠᠭᠤᠯᠤᠬᠴᠢ 3᠂ ᠬᠦᠨᠳᠡᠯᠡᠨ ᠲᠤᠭᠤᠷᠢᠭ ᠤᠨ ᠲᠡᠰ ᠤᠨ ᠵᠢᠭᠠᠨ ᠰᠤᠷᠭᠠᠯᠳᠠ ᠶᠢᠨ ᠴᠢᠳᠡᠪᠦᠷᠢᠳᠡᠨ 3 ᠬᠦᠮᠦᠨ᠂ ᠬᠦᠨᠳᠡᠯᠡᠨ ᠲᠤᠭᠤᠷᠢᠭ ᠤᠨ ᠲᠡᠰ ᠤᠨ ᠵᠠᠯᠠᠭᠤ ᠪᠠᠭᠰᠢ ᠶᠢᠨ ᠦᠨᠳᠦᠰᠦᠨ ᠮᠡᠷᠬᠡᠵᠢᠯ ᠤᠨ ᠤᠷᠤᠯᠳᠤᠭᠠᠨ ᠳᠤ ᠨᠢᠬᠡᠳᠦᠬᠡᠷ ᠲᠡᠰ ᠤᠨ ᠱᠠᠩᠨᠠᠯ ᠤᠯᠤᠬᠰᠠᠨ ᠬᠦᠮᠦᠨ 4 ᠪᠤᠢ᠃ ᠤᠢᠢᠷ᠎ᠠ ᠶᠢᠨ ᠵᠢᠯ ᠠᠴᠠ ᠨᠠᠭᠠᠰᠢ᠂ ᠤᠯᠠᠨ ᠪᠠᠭᠰᠢ ᠨᠡᠷ ᠤᠨ ᠵᠢᠭᠠᠨ ᠰᠤᠷᠭᠠᠯᠳᠠ ᠶᠢᠨ ᠰᠤᠳᠤᠯᠤᠯᠳᠠ ᠶᠢᠨ ᠦᠬᠦᠯᠡᠯ ᠨᠢ ᠤᠯᠤᠰ ᠤᠨ ᠲᠡᠰ ᠤᠨ᠂ ᠮᠤᠵᠢ ᠶᠢᠨ ᠲᠡᠰ ᠤᠨ ᠰᠡᠳᠬᠦᠯ ᠳᠤ ᠨᠡᠶᠢᠳᠡᠯᠡᠭᠳᠡᠭᠰᠡᠨ ᠪᠦᠬᠡᠳ ᠡᠯ᠎ᠡ ᠲᠡᠰ ᠤᠨ ᠱᠠᠩᠨᠠᠯ ᠬᠦᠬᠢᠬᠦᠯᠦᠯ ᠢ ᠬᠦᠷᠳᠡᠭᠰᠡᠨ ᠪᠠᠶᠢᠨ᠎ᠠ᠃ ᠪᠠᠭᠰᠢ ᠶᠢᠨ ᠡᠩᠨᠡᠬᠡᠨ ᠤ ᠪᠦᠳᠦᠴᠡ ᠤᠯᠠᠨ ᠡᠰᠢᠵᠢᠵᠤ᠂ ᠤᠤᠯ ᠤᠨ ᠡᠾᠧ ᠫᠢᠩ ᠪᠠᠭ᠎ᠠ ᠰᠤᠷᠭᠠᠭᠤᠯᠢ ᠶᠢᠨ ᠪᠠᠭᠰᠢ ᠵᠢᠴᠢ ᠤᠯᠠᠨ ᠠᠬ᠎ᠠ ᠲᠡᠬᠦᠦ ᠰᠤᠷᠭᠠᠭᠤᠯᠢ ᠠᠴᠠ ᠲᠤᠬᠢᠷᠠᠭᠤᠯᠤᠬᠰᠠᠨ ᠪᠠᠭᠰᠢ ᠨᠡᠷ ᠲᠠᠢ ᠬᠠᠮᠳᠤᠷᠠᠭᠤᠯᠤᠨ ᠦᠨᠦᠳᠦᠷ ᠤᠨ ᠡᠶ᠎ᠡ ᠵᠤᠬᠢᠴᠠᠩᠭᠤᠢ ᠬᠦᠭᠵᠢᠭᠰᠡᠨ ᠲᠤᠮᠤ ᠬᠡᠷ ᠪᠦᠯᠢ ᠶᠢ ᠲᠠᠬᠢᠨ ᠪᠦᠷᠢᠯᠳᠦᠬᠦᠯᠦᠭᠰᠡᠨ ᠶᠤᠮ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号