ᠪᠤᠯᠤᠳ ᠲᠡᠮᠦᠷ ᠵᠡᠬᠡᠯᠢ ᠶᠢᠨ ᠭᠤᠷᠪᠠᠳᠤᠭᠠᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/3/29
      ᠬᠦᠨᠳᠡᠯᠡᠨ ᠲᠤᠭᠤᠷᠢᠭ ᠤᠨ ᠪᠤᠯᠤᠳ ᠲᠡᠮᠦᠷ ᠵᠡᠬᠡᠯᠢ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢ 1959 ᠤᠨ ᠳᠤ ᠪᠠᠶᠢᠭᠤᠯᠵᠤ᠂ ᠰᠤᠷᠭᠠᠭᠤᠯᠢ ᠶᠢᠨ ᠡᠵᠡᠯᠡᠬᠦ ᠲᠠᠯᠠᠪᠠᠢ 12000 ᠲᠡᠭᠰᠢ ᠲᠦᠷᠪᠡᠯᠵᠢᠨ ᠮᠧᠲᠷ᠃ ᠰᠤᠷᠭᠠᠭᠤᠯᠢ ᠨᠢ ᠰᠢᠨᠵᠢᠯᠡᠬᠦ ᠤᠬᠠᠭᠠᠨ ᠮᠡᠷᠬᠡᠵᠢᠯ ᠤᠨ ᠲᠤᠷᠰᠢᠯᠳᠠ ᠶᠢᠨ ᠬᠡᠷ᠂ ᠰᠡᠳᠬᠢᠴᠡ ᠶᠢᠨ ᠯᠠᠪᠯᠠᠯᠭ᠎ᠠ ᠶᠢᠨ ᠬᠡᠷ᠂ ᠲᠠᠭᠤᠤ ᠬᠦᠭᠵᠢᠮ ᠤᠨ ᠬᠡᠷ᠂ ᠤᠷᠠᠨ ᠵᠢᠷᠤᠭ ᠤᠨ ᠬᠡᠷ᠂ ᠺᠤᠮᠫᠢᠦ᠋ᠲ᠋ᠧᠷ ᠤᠨ ᠬᠡᠷ ᠵᠡᠷᠬᠡ ᠲᠤᠰᠬᠠᠢ ᠬᠡᠷᠡᠭᠯᠡᠬᠦ ᠠᠩᠬᠢ ᠶᠢᠨ ᠬᠡᠷ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠠᠮᠤᠷ ᠲᠦᠪᠰᠢᠨ ᠤ ᠲᠦᠬᠦᠬᠡᠷᠦᠮᠵᠢ ᠶᠢ ᠪᠦᠷᠢᠳᠦᠬᠦᠯᠵᠡᠢ᠃ ᠰᠤᠷᠭᠠᠭᠤᠯᠢ ᠨᠢ ᠨᠢᠬᠡᠨ ᠰᠠᠯᠠᠭ᠎ᠠ ︽ᠪᠦᠯᠬᠦᠮᠳᠡᠯ ᠲᠠᠢ᠂ ᠦᠨᠡᠨ ᠪᠤᠳᠠᠳᠠᠢ ᠶᠢ ᠡᠷᠬᠢᠮᠯᠡᠵᠤ᠂ ᠰᠢᠨ᠎ᠠ ᠶᠢ ᠡᠬᠦᠳᠬᠦ︾ ᠤᠳᠤᠷᠢᠳᠬᠤ ᠪᠠᠭ ᠪᠤᠯᠤᠨ ︽ᠰᠤᠷᠤᠬᠴᠢ ᠪᠠᠨ ᠬᠠᠶᠢᠷᠠᠯᠠᠬᠤ᠂ ᠵᠢᠭᠠᠨ ᠰᠤᠷᠭᠠᠯᠳᠠ ᠳᠤ ᠳᠤᠷᠠᠲᠠᠢ᠂ ᠬᠠᠳᠠᠭᠤᠵᠢᠯᠳᠠᠢ ᠰᠤᠳᠤᠯᠬᠤ᠂ ᠡᠬᠦᠳᠦᠨ ᠪᠦᠳᠦᠬᠡᠬᠦ ᠳᠡᠭᠡᠨ ᠭᠠᠷᠮᠠᠭᠠᠢ︾ ᠦᠨᠳᠦᠷ ᠬᠡᠪ ᠪᠤᠯᠪᠠᠰᠤᠷᠠᠯ ᠲᠠᠢ ᠪᠠᠭᠰᠢ ᠶᠢᠨ ᠡᠩᠨᠡᠭᠡ ᠲᠠᠢ᠃ 112 ᠪᠠᠭᠰᠢ ᠠᠵᠢᠯᠳᠠᠨ 41 ᠵᠢᠭᠠᠨ ᠰᠤᠷᠭᠠᠯᠳᠠ ᠶᠢᠨ ᠠᠩᠬᠢ᠂ 2270 ᠰᠤᠷᠤᠬᠴᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠡᠬᠦᠷᠬᠡ ᠶᠢ ᠡᠬᠦᠷᠬᠡᠯᠡᠵᠤ ᠪᠤᠢ᠃ ᠡᠬᠦᠨ ᠳᠤ᠂ ᠲᠤᠰᠬᠠᠢ ᠲᠤᠰᠢᠶᠠᠯ ᠲᠠᠢ ᠪᠠᠭᠰᠢ 109 ᠬᠦᠮᠦᠨ ᠪᠠᠶᠢᠵᠤ᠂ ᠪᠦᠬᠦ ᠪᠠᠭᠰᠢ ᠠᠵᠢᠯᠳᠠᠨ ᠤ ᠶᠡᠷᠦᠩᠬᠡᠢ ᠲᠤᠭ᠎ᠠ ᠶᠢᠨ 96.5% ᠶᠢ ᠡᠵᠡᠯᠡᠵᠤ᠂ ᠪᠠᠭᠰᠢ ᠪᠡ ᠰᠤᠷᠤᠬᠴᠢ ᠶᠢᠨ ᠬᠠᠷᠢᠴᠠᠯ 1᠄ 20᠂ ᠲᠤᠰᠬᠠᠢ ᠲᠤᠰᠢᠶᠠᠯ ᠲᠠᠢ ᠪᠠᠭᠰᠢ ᠶᠢᠨ ᠰᠤᠷᠤᠯᠭ᠎ᠠ ᠶᠢᠨ ᠨᠡᠮᠳᠡᠷ ᠤᠨ ᠬᠢᠷᠢ ᠲᠡᠩᠴᠡᠭᠰᠡᠨ ᠨᠤᠷᠮ᠎ᠠ 100% ᠳᠤ ᠬᠦᠷᠴᠡᠢ᠃ ᠰᠤᠷᠭᠠᠭᠤᠯᠢ ᠶᠢᠨ ᠤᠳᠤ ᠪᠠᠶᠢᠭ᠎ᠠ ᠤᠯᠤᠰ ᠤᠨ ᠲᠡᠰ ᠤᠨ ᠭᠤᠤᠯᠯᠠᠬᠴᠢ ᠪᠠᠭᠰᠢ 7᠂ ᠦᠪᠡᠷᠳᠡᠬᠡᠨ ᠵᠠᠰᠠᠬᠤ ᠤᠷᠤᠨ ᠤ ᠬᠢᠴᠢᠶᠠᠯ ᠰᠢᠨᠵᠢᠯᠡᠬᠡᠨ ᠤ ᠲᠠᠭᠠᠭᠤᠯᠤᠬᠴᠢ 1᠂ ᠦᠪᠡᠷᠳᠡᠬᠡᠨ ᠵᠠᠰᠬᠠᠤ ᠤᠷᠤᠨ ᠤ ᠭᠤᠤᠯᠯᠠᠬᠴᠢ ᠪᠠᠭᠰᠢ 2᠂ ᠦᠪᠡᠷᠳᠡᠬᠡᠨ ᠵᠠᠰᠠᠬᠤ ᠤᠷᠤᠨ ᠤ ᠵᠠᠯᠠᠭᠤ ᠪᠠᠭᠰᠢ ᠶᠢᠨ ᠦᠨᠳᠦᠰᠦᠨ ᠮᠡᠷᠬᠡᠵᠢᠯ ᠤᠨ ᠤᠷᠤᠯᠳᠤᠭᠠᠨ ᠳᠤ ᠱᠠᠩᠨᠠᠯ ᠤᠯᠤᠬᠰᠠᠨ ᠪᠠᠭᠰᠢ 8 ᠬᠦᠮᠦᠨ︔ ᠪᠤᠭᠤᠳᠤ ᠬᠤᠳᠠ ᠶᠢᠨ ᠨᠡᠷᠡᠳᠤ ᠪᠠᠭᠰᠢ 2᠂ ᠪᠤᠭᠤᠳᠤ ᠬᠤᠳᠠ ᠶᠢᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 12᠂ ᠪᠤᠭᠤᠳᠤ ᠬᠤᠳᠠ ᠶᠢᠨ ᠵᠢᠭᠠᠨ ᠰᠤᠷᠭᠠᠯᠳᠠ ᠶᠢᠨ ᠴᠢᠳᠡᠪᠦᠷᠢᠳᠠᠨ 9᠂ ᠪᠤᠭᠤᠳᠤ ᠬᠤᠳᠠ ᠶᠢᠨ ᠵᠠᠯᠠᠭᠤ ᠪᠠᠭᠰᠢ ᠶᠢᠨ ᠦᠨᠳᠦᠰᠦᠨ ᠮᠡᠷᠬᠡᠵᠢᠯ ᠤᠨ ᠤᠷᠤᠯᠳᠤᠭᠠᠨ ᠳᠤ ᠱᠠᠩᠨᠠᠯ ᠤᠯᠤᠬᠰᠠᠨ ᠪᠠᠭᠰᠢ 14︔ ᠬᠦᠨᠳᠡᠯᠡᠨ ᠲᠤᠭᠤᠷᠢᠭ ᠤᠨ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 15᠂ ᠬᠦᠨᠳᠡᠯᠡᠨ ᠲᠤᠭᠤᠷᠢᠭ ᠤᠨ ᠵᠢᠭᠠᠨ ᠰᠤᠷᠭᠠᠯᠳᠠ ᠶᠢᠨ ᠴᠢᠳᠡᠪᠦᠷᠢᠳᠡᠨ 27 ᠬᠦᠮᠦᠨ ᠪᠤᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号