ᠪᠤᠭᠤᠳᠤ ᠪᠤᠯᠤᠳ ᠤᠨ ᠶᠢᠰᠦᠳᠦᠬᠡᠷ ᠲᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2019/3/4
      ᠪᠤᠭᠤᠳᠤ ᠪᠤᠯᠤᠳ ᠤᠨ ᠺᠤᠮᠫᠠᠨᠢ ᠶᠢᠨ ᠶᠢᠰᠦᠳᠦᠬᠡᠷ ᠲᠤᠮᠳᠠᠳᠤ ᠰᠤᠷᠭᠠᠭᠤᠯᠢ᠂ ᠲᠦᠬᠦᠮ ᠨᠠᠷᠠᠶᠢᠳᠦᠯ ᠨᠢ ᠪᠤᠭᠤᠳᠤ ᠪᠤᠯᠤᠳ ᠤᠨ ᠶᠢᠰᠦᠳᠦᠬᠡᠷ ᠲᠤᠮᠳᠠᠳᠤ ᠰᠤᠷᠭᠠᠭᠤᠯᠢ᠂ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ  ᠨᠥᠬᠦᠷᠯᠡᠯ  ᠵᠡᠬᠡᠯᠢ ᠶᠢᠨ 128 ᠳ᠋ᠤᠭᠡᠷ ᠨᠤᠮᠧᠷ ᠲᠤ ᠪᠠᠶᠢᠷᠢᠯᠠᠵᠤ ᠪᠤᠢ᠃ ᠲᠤᠰ ᠰᠤᠷᠭᠠᠭᠤᠯᠢ 1995 ᠤᠨ ᠤ 7 ᠰᠠᠷ᠎ᠠ ᠳᠤ ᠪᠠᠶᠢᠭᠤᠯᠤᠬᠳᠠᠵᠤ᠂ ᠤᠤᠯ ᠨᠢ 1964 ᠤᠨ ᠳᠤ ᠪᠠᠶᠢᠭᠤᠯᠤᠬᠳᠠᠬᠰᠠᠨ ᠪᠤᠭᠤᠳᠤ ᠪᠤᠯᠤᠳ ᠤᠨ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠠᠩᠬ᠎ᠠ ᠲᠤᠮᠳᠠᠳᠤ ᠶᠢᠨ ᠬᠡᠯᠳᠡᠰ ᠪᠠᠶᠢᠵᠤ᠂ ᠪᠤᠭᠤᠳᠤ ᠪᠤᠯᠤᠳ ︵ᠪᠦᠯᠦᠭᠯᠡᠯ︶᠎ ᠤᠨ ᠰᠤᠷᠭᠠᠨ ᠬᠦᠮᠦᠵᠢᠯ ᠤᠨ ᠭᠠᠵᠠᠷ ᠲᠤ ᠬᠠᠷᠢᠶᠠᠯᠠᠬᠳᠠᠵᠤ ᠪᠠᠶᠢᠬᠰᠠᠨ ᠢᠶᠠᠨ 1995 ᠤᠨ ᠤ 7 ᠰᠠᠷ᠎ᠠ ᠳᠤ ᠤᠤᠯ ᠤᠨ ᠪᠤᠭᠤᠳᠤ ᠪᠤᠯᠤᠳ ᠤᠨ ᠨᠢᠬᠡᠳᠦᠬᠡᠷ ᠲᠤᠮᠳᠠᠳᠤ ᠰᠤᠷᠭᠠᠭᠤᠯᠢ ᠶᠢᠨ ᠪᠠᠶᠢᠬᠰᠠᠨ ᠭᠠᠵᠠᠷ ᠨᠡᠬᠦᠨ ᠢᠷᠡᠵᠤ᠂ 2005 ᠤᠨ ᠤ 1 ᠰᠠᠷ᠎ᠠ ᠎ ᠳᠤ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠬᠠᠮᠢᠶᠠᠷᠤᠯᠳᠠ ᠳᠤ ᠬᠠᠷᠢᠶᠠᠯᠠᠬᠳᠠᠪᠠ᠃      ᠪᠤᠭᠤᠳᠤ ᠪᠤᠯᠤᠳ  ᠤᠨ ᠶᠢᠰᠦᠳᠦᠬᠡᠷ ᠲᠤᠮᠳᠠᠳᠤ ᠰᠤᠷᠭᠠᠭᠤᠯᠢ ᠪᠤᠯ ᠨᠢᠬᠡᠨ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠪᠠᠶᠢᠵᠤ᠂ ᠡᠵᠡᠯᠡᠬᠦ ᠲᠠᠯᠠᠪᠠᠢ 2.6 ᠲᠦᠮᠡᠨ ᠲᠡᠭᠰᠢ ᠲᠦᠷᠪᠡᠯᠵᠢᠨ ᠮᠧᠲᠷ ᠤᠷᠴᠢᠮ ᠪᠠᠶᠢᠵᠤ᠂ ᠪᠠᠷᠢᠯᠭ᠎ᠠ ᠶᠢᠨ ᠲᠠᠯᠠᠪᠠᠢ 1.4 ᠲᠦᠮᠡᠨ ᠲᠡᠭᠰᠢ ᠲᠦᠷᠪᠡᠯᠵᠢᠨ  ᠮᠧᠲᠷ᠃ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 42᠂ ᠰᠤᠷᠤᠬᠴᠢ 2000 ᠬᠦᠮᠦᠨ ᠪᠤᠢ᠃ ᠪᠠᠭᠰᠢ 170 ᠬᠦᠮᠦᠨ ᠪᠤᠢ᠂ ᠡᠬᠦᠨ ᠳᠤ ᠠᠰᠫᠢᠷᠠᠨᠲ ᠤᠨ ᠰᠤᠷᠤᠯᠭ᠎ᠠ ᠶᠢᠨ ᠨᠠᠮᠳᠡᠷ ︵ᠰᠤᠷᠭᠠᠨ ᠬᠦᠮᠦᠵᠢᠯ ᠤᠨ ᠲᠡᠳ᠋ ᠳ᠋ᠤᠺᠲ᠋ᠤᠷ ᠢ ᠪᠠᠭᠳᠠᠭᠠᠨ᠎ᠠ︶᠎ ᠲᠠᠢ ᠬᠦᠮᠦᠨ 35᠂ ᠲᠤᠭᠤᠷᠢᠭ ᠤᠨ ᠱᠠᠳᠤᠨ ᠠᠴᠠ ᠲᠡᠬᠡᠭᠰᠢᠬᠢ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ᠂ ᠵᠢᠭᠠᠨ ᠰᠤᠷᠭᠠᠯᠳᠠ ᠶᠢᠨ ᠴᠢᠳᠡᠪᠦᠷᠢᠳᠡᠨ 25 ᠬᠦᠮᠦᠨ ᠪᠤᠢ᠃ 20 ᠭᠠᠷᠤᠢ ᠵᠢᠯ ᠤᠨ ᠲᠤᠷᠰᠢ᠂ ᠲᠤᠰ ᠰᠤᠷᠭᠠᠭᠤᠯᠢ ᠶᠢᠨ 20 ᠭᠠᠷᠤᠢ ᠨᠥᠬᠦᠳ ᠤᠷᠢᠳ ᠬᠤᠵᠢᠳ ᠬᠤᠳᠠ᠂ ᠲᠤᠭᠤᠷᠢᠭ ᠤᠨ ᠡᠯ᠎ᠡ ᠰᠤᠷᠭᠠᠭᠤᠯᠢ ᠶᠢᠨ ᠤᠳᠤᠷᠢᠳᠬᠤ ᠪᠠᠶᠢᠷᠢᠨ ᠳᠤ ᠭᠠᠷᠴᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号