ᠪᠤᠭᠤᠳᠤ ᠪᠤᠯᠤᠳ ᠤᠨ ᠺᠤᠮᠫᠠᠨᠢ ᠶᠢᠨ ᠶᠢᠰᠦᠳᠦᠬᠡᠷ ᠲᠤᠮᠳᠠᠳᠤ ᠰᠤᠷᠭᠠᠭᠤᠯᠢ᠂ ᠲᠦᠬᠦᠮ ᠨᠠᠷᠠᠶᠢᠳᠦᠯ ᠨᠢ ᠪᠤᠭᠤᠳᠤ | ᠪᠤᠯᠤᠳ ᠤᠨ ᠶᠢᠰᠦᠳᠦᠬᠡᠷ ᠲᠤᠮᠳᠠᠳᠤ ᠰᠤᠷᠭᠠᠭᠤᠯᠢ᠂ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠨᠥᠬᠦᠷᠯᠡᠯ | ᠵᠡᠬᠡᠯᠢ ᠶᠢᠨ 128 ᠳ᠋ᠤᠭᠡᠷ ᠨᠤᠮᠧᠷ ᠲᠤ ᠪᠠᠶᠢᠷᠢᠯᠠᠵᠤ ᠪᠤᠢ᠃ ᠲᠤᠰ ᠰᠤᠷᠭᠠᠭᠤᠯᠢ 1995 ᠤᠨ ᠤ 7 ᠰᠠᠷ᠎ᠠ ᠳᠤ | ᠪᠠᠶᠢᠭᠤᠯᠤᠬᠳᠠᠵᠤ᠂ ᠤᠤᠯ ᠨᠢ 1964 ᠤᠨ ᠳᠤ ᠪᠠᠶᠢᠭᠤᠯᠤᠬᠳᠠᠬᠰᠠᠨ ᠪᠤᠭᠤᠳᠤ ᠪᠤᠯᠤᠳ ᠤᠨ ᠬᠤᠶᠠᠳᠤᠭᠠᠷ ᠲᠤᠮᠳᠠᠳᠤ | ᠰᠤᠷᠭᠠᠭᠤᠯᠢ ᠶᠢᠨ ᠠᠩᠬ᠎ᠠ ᠲᠤᠮᠳᠠᠳᠤ ᠶᠢᠨ ᠬᠡᠯᠳᠡᠰ ᠪᠠᠶᠢᠵᠤ᠂ ᠪᠤᠭᠤᠳᠤ ᠪᠤᠯᠤᠳ ︵ᠪᠦᠯᠦᠭᠯᠡᠯ︶ ᠤᠨ ᠰᠤᠷᠭᠠᠨ | ᠬᠦᠮᠦᠵᠢᠯ ᠤᠨ ᠭᠠᠵᠠᠷ ᠲᠤ ᠬᠠᠷᠢᠶᠠᠯᠠᠬᠳᠠᠵᠤ ᠪᠠᠶᠢᠬᠰᠠᠨ ᠢᠶᠠᠨ 1995 ᠤᠨ ᠤ 7 ᠰᠠᠷ᠎ᠠ ᠳᠤ ᠤᠤᠯ ᠤᠨ ᠪᠤᠭᠤᠳᠤ | ᠪᠤᠯᠤᠳ ᠤᠨ ᠨᠢᠬᠡᠳᠦᠬᠡᠷ ᠲᠤᠮᠳᠠᠳᠤ ᠰᠤᠷᠭᠠᠭᠤᠯᠢ ᠶᠢᠨ ᠪᠠᠶᠢᠬᠰᠠᠨ ᠭᠠᠵᠠᠷ ᠨᠡᠬᠦᠨ ᠢᠷᠡᠵᠤ᠂ 2005 ᠤᠨ ᠤ 1 ᠰᠠᠷ᠎ᠠ | ᠳᠤ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠬᠠᠮᠢᠶᠠᠷᠤᠯᠳᠠ ᠳᠤ ᠬᠠᠷᠢᠶᠠᠯᠠᠬᠳᠠᠪᠠ᠃ | ᠪᠤᠭᠤᠳᠤ ᠪᠤᠯᠤᠳ ᠤᠨ ᠶᠢᠰᠦᠳᠦᠬᠡᠷ ᠲᠤᠮᠳᠠᠳᠤ ᠰᠤᠷᠭᠠᠭᠤᠯᠢ ᠪᠤᠯ ᠨᠢᠬᠡᠨ ᠠᠩᠬ᠎ᠠ ᠵᠡᠷᠬᠡ ᠶᠢᠨ ᠲᠤᠮᠳᠠᠳᠤ | ᠰᠤᠷᠭᠠᠭᠤᠯᠢ ᠪᠠᠶᠢᠵᠤ᠂ ᠡᠵᠡᠯᠡᠬᠦ ᠲᠠᠯᠠᠪᠠᠢ 2.6 ᠲᠦᠮᠡᠨ ᠲᠡᠭᠰᠢ ᠲᠦᠷᠪᠡᠯᠵᠢᠨ ᠮᠧᠲᠷ ᠤᠷᠴᠢᠮ ᠪᠠᠶᠢᠵᠤ᠂ ᠪᠠᠷᠢᠯᠭ᠎ᠠ ᠶᠢᠨ | ᠲᠠᠯᠠᠪᠠᠢ 1.4 ᠲᠦᠮᠡᠨ ᠲᠡᠭᠰᠢ ᠲᠦᠷᠪᠡᠯᠵᠢᠨ ᠮᠧᠲᠷ᠃ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 42᠂ | ᠰᠤᠷᠤᠬᠴᠢ 2000 ᠬᠦᠮᠦᠨ ᠪᠤᠢ᠃ ᠪᠠᠭᠰᠢ 170 ᠬᠦᠮᠦᠨ ᠪᠤᠢ᠂ ᠡᠬᠦᠨ ᠳᠤ ᠠᠰᠫᠢᠷᠠᠨᠲ ᠤᠨ ᠰᠤᠷᠤᠯᠭ᠎ᠠ ᠶᠢᠨ ᠨᠠᠮᠳᠡᠷ | ︵ᠰᠤᠷᠭᠠᠨ ᠬᠦᠮᠦᠵᠢᠯ ᠤᠨ ᠲᠡᠳ᠋ ᠳ᠋ᠤᠺᠲ᠋ᠤᠷ ᠢ ᠪᠠᠭᠳᠠᠭᠠᠨ᠎ᠠ︶ ᠲᠠᠢ ᠬᠦᠮᠦᠨ 35᠂ ᠲᠤᠭᠤᠷᠢᠭ ᠤᠨ ᠱᠠᠳᠤᠨ ᠠᠴᠠ | ᠲᠡᠬᠡᠭᠰᠢᠬᠢ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ᠂ ᠵᠢᠭᠠᠨ ᠰᠤᠷᠭᠠᠯᠳᠠ ᠶᠢᠨ ᠴᠢᠳᠡᠪᠦᠷᠢᠳᠡᠨ 25 ᠬᠦᠮᠦᠨ ᠪᠤᠢ᠃ | 20 ᠭᠠᠷᠤᠢ ᠵᠢᠯ ᠤᠨ ᠲᠤᠷᠰᠢ᠂ ᠲᠤᠰ ᠰᠤᠷᠭᠠᠭᠤᠯᠢ ᠶᠢᠨ 20 ᠭᠠᠷᠤᠢ ᠨᠥᠬᠦᠳ ᠤᠷᠢᠳ ᠬᠤᠵᠢᠳ ᠬᠤᠳᠠ᠂ | ᠲᠤᠭᠤᠷᠢᠭ ᠤᠨ ᠡᠯ᠎ᠡ ᠰᠤᠷᠭᠠᠭᠤᠯᠢ ᠶᠢᠨ ᠤᠳᠤᠷᠢᠳᠬᠤ ᠪᠠᠶᠢᠷᠢᠨ ᠳᠤ ᠭᠠᠷᠴᠠᠢ᠃ | | | |