ᠪᠤᠯᠤᠳ ᠲᠡᠮᠦᠷ ᠵᠡᠬᠡᠯᠢ ᠶᠢᠨ ᠲᠦᠷᠪᠡᠳᠦᠬᠡᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/3/5
      ᠪᠤᠯᠤᠳ ᠲᠡᠮᠦᠷ ᠤᠨ ᠲᠦᠷᠪᠡᠳᠦᠬᠡᠷ ᠪᠠᠭ᠎ᠠ ᠰᠤᠷᠭᠠᠭᠤᠯᠢ ᠪᠤᠯ ᠬᠦᠨᠳᠡᠯᠡᠨ ᠲᠤᠭᠤᠷᠢᠭ ᠤᠨ ᠤᠯᠠᠭᠠᠨ ᠵᠠᠮ ᠤᠨ 13 ᠳ᠋ᠤᠭᠠᠷ ᠨᠤᠮᠧᠷ ᠲᠤ ᠪᠠᠶᠢᠷᠢᠯᠠᠵᠤ᠂ ᠪᠦᠬᠦ᠋ᠢᠯᠡ ᠨᠠᠷᠠᠶᠢᠳᠦᠯ ᠨᠢ ᠪᠤᠯᠤᠳ ᠲᠡᠮᠦᠷ ᠵᠡᠬᠡᠯᠢ ᠶᠢᠨ ᠲᠦᠷᠪᠡᠳᠦᠬᠡᠷ ᠪᠠᠭ᠎ᠠ ᠰᠤᠷᠭᠠᠭᠤᠯᠢ ᠪᠤᠯᠤᠨ᠎ᠠ᠃ 1962 ᠤᠨ ᠳᠤ ᠪᠠᠶᠢᠭᠤᠯᠵᠤ᠂ 2009 ᠤᠨ ᠤ 9 ᠰᠠᠷ᠎ᠠ ᠳᠤ᠂ ᠤᠤᠯ ᠤᠨ ᠠᠷᠠᠳ ᠪᠠᠭ᠎ᠠ ᠰᠤᠷᠭᠠᠭᠤᠯᠢ ᠯᠤᠭ᠎ᠠ ᠪᠦᠬᠦ᠋ᠢᠯᠡ ᠴᠤᠬᠴᠠ ᠪᠠᠷ ᠨᠠᠶᠢᠯᠡᠬᠦᠯᠵᠤ᠂ ᠨᠢᠬᠡ ᠰᠤᠷᠭᠠᠭᠤᠯᠢ ᠬᠤᠶᠠᠷ ᠲᠤᠭᠤᠷᠢᠭ ᠤᠨ ᠰᠤᠷᠭᠠᠭᠤᠯᠢ ᠡᠷᠬᠢᠯᠡᠬᠦ ᠵᠠᠬᠪᠤᠷ ᠢ ᠪᠦᠷᠢᠯᠳᠦᠬᠦᠯᠪᠠ᠃ ᠰᠤᠷᠭᠠᠭᠤᠯᠢ ᠶᠢᠨ ᠡᠵᠡᠯᠡᠬᠦ ᠲᠠᠯᠠᠪᠠᠢ 18434 ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 10792 ᠲᠡᠭᠰᠢ ᠲᠦᠷᠪᠡᠯᠵᠢᠨ ᠮᠧᠲᠷ᠃ ᠪᠦᠬᠦ ᠰᠤᠷᠭᠠᠭᠤᠯᠢ ᠶᠢᠨ ᠪᠠᠭᠰᠢ ᠠᠵᠢᠯᠳᠠᠨ ᠤ ᠲᠤᠭ᠎ᠠ 125᠂ ᠰᠤᠷᠤᠯᠭ᠎ᠠ ᠶᠢᠨ ᠨᠡᠮᠳᠡᠷ ᠤᠨ ᠬᠢᠷᠢ ᠲᠡᠩᠴᠡᠭᠰᠡᠨ ᠨᠤᠷᠮ᠎ᠠ 100%᠃ ᠡᠬᠦᠨ ᠳᠤ ᠵᠢᠩᠬᠢᠨᠢ ᠠᠩᠬᠢ ᠶᠢᠨ ᠰᠤᠷᠤᠯᠭ᠎ᠠ ᠶᠢᠨ ᠨᠡᠮᠳᠡᠷ ᠵᠢᠴᠢ ᠲᠡᠭᠡᠭᠰᠢᠬᠢ ᠬᠦᠮᠦᠨ 110 ᠪᠠᠶᠢᠵᠤ᠂ ᠪᠦᠬᠦ ᠬᠦᠮᠦᠨ ᠤ 88% ᠶᠢ ᠡᠵᠡᠯᠡᠨ᠎ᠠ︔ ᠲᠤᠮᠳᠠᠳᠤ ᠰᠤᠷᠭᠠᠭᠤᠯᠢ ᠶᠢᠨ ᠲᠡᠬᠡᠳᠤ ᠵᠡᠷᠬᠡ ᠶᠢᠨ ᠪᠠᠭᠰᠢ 44᠂ ᠤᠯᠤᠰ ᠤᠨ ᠲᠡᠰ ᠤᠨ᠂ ᠦᠪᠡᠷᠳᠡᠬᠡᠨ ᠵᠠᠰᠠᠬᠤ ᠤᠷᠤᠨ ᠤ ᠲᠡᠰ ᠤᠨ ᠭᠤᠤᠯᠯᠠᠬᠴᠢ ᠪᠠᠭᠰᠢ ᠲᠤᠰ ᠲᠤᠰ 1᠂ ᠬᠤᠳᠠ᠂ ᠲᠤᠭᠤᠷᠢᠭ ᠤᠨ ᠱᠠᠳᠤᠨ ᠤ ᠭᠤᠤᠯᠯᠠᠬᠴᠢ ᠪᠠᠭᠰᠢ 46︔ ᠬᠤᠳᠠ ᠲᠤᠭᠤᠷᠢᠭ ᠤᠨ ᠱᠠᠳᠤᠨ ᠤ ᠬᠢᠴᠢᠶᠠᠯ ᠰᠢᠨᠵᠢᠯᠡᠬᠡᠨ ᠤ ᠲᠠᠭᠠᠭᠤᠯᠤᠬᠴᠢ 24᠂ ᠵᠢᠭᠠᠨ ᠰᠤᠷᠭᠠᠯᠳᠠ ᠶᠢᠨ ᠴᠢᠳᠡᠪᠦᠷᠢᠳᠡᠨ 38 ᠬᠦᠮᠦᠨ ᠪᠤᠢ᠃ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 45᠂ ᠰᠤᠷᠭᠠᠭᠤᠯᠢ ᠳᠤ ᠪᠠᠶᠢᠭ᠎ᠠ ᠰᠤᠷᠤᠬᠴᠢ 2485 ᠬᠦᠮᠦᠨ ᠪᠤᠢ᠃ ᠰᠤᠷᠭᠠᠭᠤᠯᠢ ᠶᠢᠨ ᠲᠤᠨᠤᠭ ᠲᠦᠬᠦᠬᠡᠷᠦᠮᠵᠢ  ᠴᠦᠮ ᠲᠡᠷᠢᠬᠦᠨ ᠤ ᠪᠤᠯᠵᠤ᠂ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ  ᠪᠠᠶᠠᠯᠡᠬᠦᠯᠵᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号