ᠪᠤᠭᠤᠳᠤ ᠶᠢᠨ ᠲᠡᠮᠦᠷ ᠵᠠᠮ ᠤᠨ ᠲᠠᠪᠤᠳᠤᠭᠠᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/4/1
       ᠬᠦᠬᠡᠬᠤᠳᠠ ᠶᠢᠨ ᠲᠠᠮᠦᠷ ᠵᠠᠮ ᠤᠨ ᠲᠤᠪᠴᠢᠶ᠎ᠠ ᠶᠢᠨ ᠪᠤᠭᠤᠳᠤ ᠶᠢᠨ ᠠᠵᠢᠯᠳᠠᠨ ᠤ ᠦᠷ᠎ᠠ ᠬᠡᠦᠬᠡᠳ ᠤᠨ ᠲᠠᠪᠤᠳᠤᠭᠠᠷ ᠪᠠᠭ᠎ᠠ ᠰᠤᠷᠭᠠᠭᠤᠯᠢ ︵ᠲᠦᠬᠦᠮ ᠨᠠᠷᠠᠶᠢᠳᠦᠯ᠄ ᠪᠤᠭᠤᠳᠤ ᠶᠢᠨ ᠲᠠᠮᠦᠷ ᠵᠠᠮ ᠤᠨ ᠲᠠᠪᠤᠳᠤᠭᠠᠷ ᠪᠠᠭ᠎ᠠ ᠰᠤᠷᠭᠠᠭᠤᠯᠢ︶ ᠪᠤᠯ ᠨᠢᠬᠡᠨ ᠪᠦᠬᠦᠯᠢ ᠡᠳᠦᠷ ᠤᠨ ᠲᠦᠷᠢᠮᠳᠤ ᠪᠠᠭ᠎ᠠ ᠰᠤᠷᠭᠠᠭᠤᠯᠢ ᠪᠠᠶᠢᠵᠤ᠂ ᠲᠡᠮᠦᠷ ᠵᠠᠮ ᠤᠨ ᠠᠵᠢᠯᠳᠠᠨ ᠤ ᠦᠷ᠎ᠠ ᠬᠡᠦᠬᠡᠳ ᠪᠤᠯᠤᠨ ᠨᠡᠶᠢᠬᠡᠮ ᠤᠨ ᠰᠤᠷᠭᠠᠭᠤᠯᠢ ᠡᠷᠬᠢᠯᠡᠬᠦ ᠡᠬᠦᠷᠬᠡ ᠶᠢ ᠡᠬᠦᠷᠬᠡᠯᠡᠵᠤ᠂ 1992 ᠤᠨ ᠤ 4 ᠰᠠᠷ᠎ᠠ ᠳᠤ ᠪᠠᠶᠢᠭᠤᠯᠵᠠᠢ᠃ ᠰᠤᠷᠭᠠᠭᠤᠯᠢ ᠶᠢᠨ ᠡᠵᠡᠯᠡᠬᠦ ᠲᠠᠯᠠᠪᠠᠢ 17525 ᠲᠡᠭᠰᠢ ᠲᠦᠷᠪᠡᠯᠵᠢᠨ ᠮᠧᠲᠷ᠂ ᠰᠤᠷᠭᠠᠭᠤᠯᠢ ᠶᠢᠨ ᠪᠠᠶᠢᠷᠢ ᠶᠢᠨ ᠪᠠᠷᠢᠯᠭ᠎ᠠ ᠶᠢᠨ ᠲᠠᠯᠠᠪᠠᠢ 7148 ᠲᠡᠭᠰᠢ ᠲᠦᠷᠪᠡᠯᠵᠢᠨ ᠮᠧᠲᠷ᠃ 2003 ᠤᠨ ᠳᠤ ᠵᠢᠩᠬᠢᠨᠢ ᠪᠠᠷ ᠬᠦᠨᠳᠡᠯᠡᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠶᠢᠨ ᠬᠠᠮᠢᠶᠠᠷᠤᠯᠳᠠ ᠳᠤ ᠬᠠᠷᠢᠶᠠᠯᠠᠬᠳᠠᠬᠰᠠᠨ ᠪᠠᠶᠢᠨ᠎ᠠ᠃ ᠤᠳᠤ ᠶᠢᠨ ᠪᠤᠭᠤᠳᠤ ᠶᠢᠨ ᠲᠡᠮᠦᠷ ᠵᠠᠮ ᠤᠨ ᠲᠠᠪᠤᠳᠤᠭᠠᠷ ᠪᠠᠭ᠎ᠠ ᠰᠤᠷᠭᠠᠭᠤᠯᠢ  ᠎ ᠨᠢ ᠬᠤᠶᠠᠷ ᠰᠠᠭᠤᠷᠢ ᠵᠢᠭᠠᠨ ᠰᠤᠷᠭᠠᠯᠳᠠ ᠶᠢᠨ ᠠᠰᠠᠷ ᠲᠠᠢ ᠪᠠᠶᠢᠵᠤ᠂ ᠵᠢᠭᠠᠨ ᠰᠤᠷᠭᠠᠯᠳᠠ ᠶᠢᠨ ᠠᠩᠬᠢ 43᠂ ᠰᠤᠷᠤᠬᠴᠢ 1574᠂ ᠪᠠᠭᠰᠢ ᠠᠵᠢᠯᠳᠠᠨ 87 ᠬᠦᠮᠦᠨ ᠪᠤᠢ᠃ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠤᠷᠴᠢᠨ ᠲᠤᠭᠤᠷᠢᠨ ᠴᠡᠪᠡᠷ ᠰᠠᠶᠢᠬᠠᠨ᠂ ᠡᠯ᠎ᠡ ᠬᠢᠴᠢᠶᠡᠯ ᠰᠢᠨᠵᠢᠯᠡᠬᠡᠨ ᠤ ᠴᠢᠳᠡᠪᠬᠢᠳᠤ ᠬᠡᠷ ᠢ ᠢᠵᠢ ᠪᠦᠷᠢᠳᠦᠬᠦᠯᠦᠭᠰᠡᠨ ᠪᠠᠶᠢᠨ᠎ᠠ᠃ ᠤᠳᠤ᠂ ᠰᠤᠷᠭᠠᠭᠤᠯᠢ ᠶᠢᠨ ᠰᠢᠯᠢᠳᠡᠭ ᠪᠠᠭᠰᠢ 65%᠎ ᠶᠢ ᠡᠵᠡᠯᠡᠵᠤ᠂ ᠡᠬᠦᠨ ᠳᠤ᠂ ᠰᠤᠳᠤ ᠪᠠᠭᠰᠢ ᠰᠤᠷᠭᠠᠨ ᠬᠦᠮᠦᠵᠢᠯ ᠤᠨ ᠪᠠᠶᠢᠭᠤᠯᠤᠮᠵᠢ ᠳᠤ ᠰᠤᠷᠭᠠᠨ ᠬᠦᠮᠦᠵᠢᠯ ᠤᠨ ᠦᠢᠯᠡᠳᠦᠯᠬᠡ ᠶᠢᠨ ᠲᠤᠰᠬᠠᠢ ᠮᠡᠷᠬᠡᠵᠢᠯᠳᠠᠨ ᠢᠶᠠᠷ ᠤᠷᠢᠬᠳᠠᠬᠰᠠᠨ ︵ᠤᠷᠳᠤ ᠬᠤᠭᠤᠴᠠᠭ᠎ᠠ ᠪᠠᠷ︶ ᠪᠠᠭᠰᠢ 1᠂ ᠤᠯᠤᠰ ᠤᠨ ᠲᠡᠰ ᠤᠨ ᠲᠤᠭᠠᠨ ᠤ ᠤᠬᠠᠭᠠᠨ ᠤ ᠲᠡᠬᠡᠳᠤ ᠵᠡᠷᠬᠡ ᠶᠢᠨ ᠰᠤᠳᠤᠯᠬᠤ ᠠᠩᠬᠢ ᠶᠢᠨ ᠬᠡᠰᠢᠬᠦᠨ 1᠂ ᠪᠦᠬᠦ ᠤᠯᠤᠰ ᠤᠨ ᠲᠤᠭᠠᠨ ᠤ ᠤᠬᠠᠭᠠᠨ ᠤ ᠡᠦ ᠵᠧᠩ ᠰᠢᠶᠠᠨ ᠠᠵᠢᠯᠯᠠᠬᠤ ᠲᠠᠰᠤᠭ ᠤᠨ ᠬᠡᠰᠢᠬᠦᠨ 6᠂ ᠪᠦᠬᠦ ᠤᠯᠤᠰ ᠤᠨ ᠢᠤᠢ ᠢᠩ ᠴᠤᠤ ᠬᠢᠳᠡᠳ ᠬᠡᠯᠡᠨ ᠤ ᠠᠵᠢᠯᠯᠠᠬᠤ ᠲᠠᠰᠤᠭ ᠤᠨ ᠬᠡᠰᠢᠬᠦᠨ 1᠂ ᠪᠤᠭᠤᠳᠤ ᠬᠤᠳᠠ ᠶᠢᠨ ᠲᠦᠷᠦᠬᠦᠦ ᠪᠦᠯᠦᠭ ᠠᠩᠬᠢ ᠶᠢᠨ ᠡᠷᠬᠢᠯᠡᠭᠴᠢ ᠶᠢᠨ ᠲᠠᠭᠠᠭᠤᠯᠤᠬᠴᠢ 2᠂ ᠪᠤᠭᠤᠳᠤ ᠬᠤᠳᠠ ᠶᠢᠨ ᠠᠩᠭ᠍ᠯᠢ ᠬᠡᠯᠡᠨ ᠤ ᠨᠡᠷᠡᠳᠤ ᠪᠠᠭᠰᠢ ᠶᠢᠨ ᠠᠵᠢᠯᠯᠠᠬᠤ ᠭᠠᠵᠠᠷ ᠤᠨ ᠬᠡᠰᠢᠬᠦᠨ 1᠂ ᠬᠦᠨᠳᠡᠯᠡᠨ ᠲᠤᠭᠤᠷᠢᠭ ᠤᠨ ᠲᠦᠷᠦᠬᠦᠦ ᠪᠦᠯᠦᠭ ᠮᠤᠷᠠᠯ ᠵᠢᠭᠠᠨ ᠰᠤᠷᠭᠠᠯᠳᠠ ᠶᠢᠨ ᠬᠤᠤᠰ ᠰᠢᠯᠢᠳᠡᠭ ᠪᠠᠭᠰᠢ 1 ᠪᠤᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号