ᠬᠦᠬᠡᠬᠤᠳᠠ ᠶᠢᠨ ᠲᠠᠮᠦᠷ ᠵᠠᠮ ᠤᠨ ᠲᠤᠪᠴᠢᠶ᠎ᠠ ᠶᠢᠨ ᠪᠤᠭᠤᠳᠤ ᠶᠢᠨ ᠠᠵᠢᠯᠳᠠᠨ ᠤ ᠦᠷ᠎ᠠ ᠬᠡᠦᠬᠡᠳ ᠤᠨ | ᠲᠠᠪᠤᠳᠤᠭᠠᠷ ᠪᠠᠭ᠎ᠠ ᠰᠤᠷᠭᠠᠭᠤᠯᠢ ︵ᠲᠦᠬᠦᠮ ᠨᠠᠷᠠᠶᠢᠳᠦᠯ᠄ ᠪᠤᠭᠤᠳᠤ ᠶᠢᠨ ᠲᠠᠮᠦᠷ ᠵᠠᠮ ᠤᠨ ᠲᠠᠪᠤᠳᠤᠭᠠᠷ ᠪᠠᠭ᠎ᠠ | ᠰᠤᠷᠭᠠᠭᠤᠯᠢ︶ ᠪᠤᠯ ᠨᠢᠬᠡᠨ ᠪᠦᠬᠦᠯᠢ ᠡᠳᠦᠷ ᠤᠨ ᠲᠦᠷᠢᠮᠳᠤ ᠪᠠᠭ᠎ᠠ ᠰᠤᠷᠭᠠᠭᠤᠯᠢ ᠪᠠᠶᠢᠵᠤ᠂ ᠲᠡᠮᠦᠷ ᠵᠠᠮ ᠤᠨ ᠠᠵᠢᠯᠳᠠᠨ ᠤ | ᠦᠷ᠎ᠠ ᠬᠡᠦᠬᠡᠳ ᠪᠤᠯᠤᠨ ᠨᠡᠶᠢᠬᠡᠮ ᠤᠨ ᠰᠤᠷᠭᠠᠭᠤᠯᠢ ᠡᠷᠬᠢᠯᠡᠬᠦ ᠡᠬᠦᠷᠬᠡ ᠶᠢ ᠡᠬᠦᠷᠬᠡᠯᠡᠵᠤ᠂ 1992 ᠤᠨ ᠤ 4 ᠰᠠᠷ᠎ᠠ ᠳᠤ | ᠪᠠᠶᠢᠭᠤᠯᠵᠠᠢ᠃ ᠰᠤᠷᠭᠠᠭᠤᠯᠢ ᠶᠢᠨ ᠡᠵᠡᠯᠡᠬᠦ ᠲᠠᠯᠠᠪᠠᠢ 17525 ᠲᠡᠭᠰᠢ ᠲᠦᠷᠪᠡᠯᠵᠢᠨ ᠮᠧᠲᠷ᠂ ᠰᠤᠷᠭᠠᠭᠤᠯᠢ ᠶᠢᠨ | ᠪᠠᠶᠢᠷᠢ ᠶᠢᠨ ᠪᠠᠷᠢᠯᠭ᠎ᠠ ᠶᠢᠨ ᠲᠠᠯᠠᠪᠠᠢ 7148 ᠲᠡᠭᠰᠢ ᠲᠦᠷᠪᠡᠯᠵᠢᠨ ᠮᠧᠲᠷ᠃ 2003 ᠤᠨ ᠳᠤ ᠵᠢᠩᠬᠢᠨᠢ ᠪᠠᠷ ᠬᠦᠨᠳᠡᠯᠡᠨ | ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠶᠢᠨ ᠬᠠᠮᠢᠶᠠᠷᠤᠯᠳᠠ ᠳᠤ ᠬᠠᠷᠢᠶᠠᠯᠠᠬᠳᠠᠬᠰᠠᠨ ᠪᠠᠶᠢᠨ᠎ᠠ᠃ ᠤᠳᠤ ᠶᠢᠨ | ᠪᠤᠭᠤᠳᠤ ᠶᠢᠨ ᠲᠡᠮᠦᠷ ᠵᠠᠮ ᠤᠨ ᠲᠠᠪᠤᠳᠤᠭᠠᠷ ᠪᠠᠭ᠎ᠠ ᠰᠤᠷᠭᠠᠭᠤᠯᠢ ᠨᠢ ᠬᠤᠶᠠᠷ ᠰᠠᠭᠤᠷᠢ ᠵᠢᠭᠠᠨ ᠰᠤᠷᠭᠠᠯᠳᠠ ᠶᠢᠨ | ᠠᠰᠠᠷ ᠲᠠᠢ ᠪᠠᠶᠢᠵᠤ᠂ ᠵᠢᠭᠠᠨ ᠰᠤᠷᠭᠠᠯᠳᠠ ᠶᠢᠨ ᠠᠩᠬᠢ 43᠂ ᠰᠤᠷᠤᠬᠴᠢ 1574᠂ ᠪᠠᠭᠰᠢ ᠠᠵᠢᠯᠳᠠᠨ 87 ᠬᠦᠮᠦᠨ | ᠪᠤᠢ᠃ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠤᠷᠴᠢᠨ ᠲᠤᠭᠤᠷᠢᠨ ᠴᠡᠪᠡᠷ ᠰᠠᠶᠢᠬᠠᠨ᠂ ᠡᠯ᠎ᠡ ᠬᠢᠴᠢᠶᠡᠯ ᠰᠢᠨᠵᠢᠯᠡᠬᠡᠨ ᠤ | ᠴᠢᠳᠡᠪᠬᠢᠳᠤ ᠬᠡᠷ ᠢ ᠢᠵᠢ ᠪᠦᠷᠢᠳᠦᠬᠦᠯᠦᠭᠰᠡᠨ ᠪᠠᠶᠢᠨ᠎ᠠ᠃ ᠤᠳᠤ᠂ ᠰᠤᠷᠭᠠᠭᠤᠯᠢ ᠶᠢᠨ ᠰᠢᠯᠢᠳᠡᠭ ᠪᠠᠭᠰᠢ 65% ᠶᠢ | ᠡᠵᠡᠯᠡᠵᠤ᠂ ᠡᠬᠦᠨ ᠳᠤ᠂ ᠰᠤᠳᠤ ᠪᠠᠭᠰᠢ ᠰᠤᠷᠭᠠᠨ ᠬᠦᠮᠦᠵᠢᠯ ᠤᠨ ᠪᠠᠶᠢᠭᠤᠯᠤᠮᠵᠢ ᠳᠤ ᠰᠤᠷᠭᠠᠨ ᠬᠦᠮᠦᠵᠢᠯ ᠤᠨ | ᠦᠢᠯᠡᠳᠦᠯᠬᠡ ᠶᠢᠨ ᠲᠤᠰᠬᠠᠢ ᠮᠡᠷᠬᠡᠵᠢᠯᠳᠠᠨ ᠢᠶᠠᠷ ᠤᠷᠢᠬᠳᠠᠬᠰᠠᠨ ︵ᠤᠷᠳᠤ ᠬᠤᠭᠤᠴᠠᠭ᠎ᠠ ᠪᠠᠷ︶ ᠪᠠᠭᠰᠢ 1᠂ ᠤᠯᠤᠰ ᠤᠨ | ᠲᠡᠰ ᠤᠨ ᠲᠤᠭᠠᠨ ᠤ ᠤᠬᠠᠭᠠᠨ ᠤ ᠲᠡᠬᠡᠳᠤ ᠵᠡᠷᠬᠡ ᠶᠢᠨ ᠰᠤᠳᠤᠯᠬᠤ ᠠᠩᠬᠢ ᠶᠢᠨ ᠬᠡᠰᠢᠬᠦᠨ 1᠂ ᠪᠦᠬᠦ ᠤᠯᠤᠰ ᠤᠨ | ᠲᠤᠭᠠᠨ ᠤ ᠤᠬᠠᠭᠠᠨ ᠤ ᠡᠦ ᠵᠧᠩ ᠰᠢᠶᠠᠨ ᠠᠵᠢᠯᠯᠠᠬᠤ ᠲᠠᠰᠤᠭ ᠤᠨ ᠬᠡᠰᠢᠬᠦᠨ 6᠂ ᠪᠦᠬᠦ ᠤᠯᠤᠰ ᠤᠨ ᠢᠤᠢ ᠢᠩ ᠴᠤᠤ | ᠬᠢᠳᠡᠳ ᠬᠡᠯᠡᠨ ᠤ ᠠᠵᠢᠯᠯᠠᠬᠤ ᠲᠠᠰᠤᠭ ᠤᠨ ᠬᠡᠰᠢᠬᠦᠨ 1᠂ ᠪᠤᠭᠤᠳᠤ ᠬᠤᠳᠠ ᠶᠢᠨ ᠲᠦᠷᠦᠬᠦᠦ ᠪᠦᠯᠦᠭ ᠠᠩᠬᠢ ᠶᠢᠨ | ᠡᠷᠬᠢᠯᠡᠭᠴᠢ ᠶᠢᠨ ᠲᠠᠭᠠᠭᠤᠯᠤᠬᠴᠢ 2᠂ ᠪᠤᠭᠤᠳᠤ ᠬᠤᠳᠠ ᠶᠢᠨ ᠠᠩᠭ᠍ᠯᠢ ᠬᠡᠯᠡᠨ ᠤ ᠨᠡᠷᠡᠳᠤ ᠪᠠᠭᠰᠢ ᠶᠢᠨ ᠠᠵᠢᠯᠯᠠᠬᠤ | ᠭᠠᠵᠠᠷ ᠤᠨ ᠬᠡᠰᠢᠬᠦᠨ 1᠂ ᠬᠦᠨᠳᠡᠯᠡᠨ ᠲᠤᠭᠤᠷᠢᠭ ᠤᠨ ᠲᠦᠷᠦᠬᠦᠦ ᠪᠦᠯᠦᠭ ᠮᠤᠷᠠᠯ ᠵᠢᠭᠠᠨ ᠰᠤᠷᠭᠠᠯᠳᠠ ᠶᠢᠨ ᠬᠤᠤᠰ | ᠰᠢᠯᠢᠳᠡᠭ ᠪᠠᠭᠰᠢ 1 ᠪᠤᠢ᠃ | | | |