ᠪᠤᠭᠤᠳᠤ ᠪᠤᠯᠤᠳ ᠤᠨ ᠲᠤᠷᠰᠢᠯᠳᠠ ᠶᠢᠨ ᠨᠢᠬᠡᠳᠦᠬᠡᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/4/1
      ᠪᠤᠭᠤᠳᠤ ᠪᠤᠯᠤᠳ ᠤᠨ ᠲᠤᠷᠰᠢᠯᠳᠠ ᠶᠢᠨ ᠨᠢᠬᠡᠳᠦᠬᠡᠷ ᠪᠠᠭ᠎ᠠ ᠰᠤᠷᠭᠠᠭᠤᠯᠢ ᠪᠤᠯ ᠤᠤᠯ ᠤᠨ ᠪᠤᠭᠤᠳᠤ ᠪᠤᠯᠤᠳ ᠤᠨ ᠠᠷᠪᠠᠨ ᠲᠦᠷᠪᠡᠳᠦᠬᠡᠷ ᠪᠠᠭ᠎ᠠ ᠰᠤᠷᠭᠠᠭᠤᠯᠢ ᠪᠠᠶᠢᠵᠤ᠂ 1968 ᠤᠨ ᠳᠤ ᠪᠠᠶᠢᠭᠤᠯᠵᠤ᠂ 1988 ᠤᠨ ᠳᠤ ᠲᠤᠷᠰᠢᠯᠳᠠ ᠶᠢᠨ ᠪᠠᠭ᠎ᠠ ᠰᠤᠷᠭᠠᠭᠤᠯᠢ ᠪᠠᠷ ᠲᠤᠬᠳᠠᠭᠠᠵᠤ᠂ ᠦᠪᠡᠷᠳᠡᠬᠡᠨ ᠵᠠᠰᠠᠬᠤ ᠤᠷᠤᠨ ᠤ ᠲᠦᠷᠦᠬᠦᠦ ᠪᠦᠯᠦᠭ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠢᠱᠢᠶ᠎ᠠ ᠦᠵᠡᠬᠦᠯᠬᠦ᠂ ᠲᠤᠷᠰᠢᠯᠳᠠ ᠶᠢᠨ ᠰᠤᠷᠭᠠᠭᠤᠯᠢ ᠪᠤᠯᠤᠨ᠎ᠠ᠃ 1999 ᠤᠨ ᠳᠤ ᠪᠤᠭᠤᠳᠤ ᠪᠤᠯᠤᠳ ᠤᠨ ᠵᠢᠷᠭᠤᠳᠤᠭᠠᠷ ᠪᠠᠭ᠎ᠠ ᠰᠤᠷᠭᠠᠭᠤᠯᠢ ᠲᠠᠢ ᠨᠡᠶᠢᠯᠡᠬᠦᠯᠵᠤ᠂ 2005 ᠤᠨ ᠳᠤ ᠬᠦᠨᠳᠡᠯᠡᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠳᠤ ᠬᠠᠷᠢᠶᠠᠯᠠᠬᠳᠠᠪᠠ᠃ ᠰᠤᠷᠭᠠᠭᠤᠯᠢ ᠶᠢ ᠵᠡᠬᠦᠨ ᠪᠠᠷᠠᠭᠤᠨ ᠬᠤᠶᠡᠷ ᠰᠤᠷᠭᠠᠭᠤᠯᠢ ᠶᠢᠨ ᠲᠤᠭᠤᠷᠢᠭ ᠬᠤᠪᠢᠶᠠᠵᠤ᠂ ᠵᠡᠬᠦᠨ ᠰᠤᠷᠭᠠᠭᠤᠯᠢ ᠶᠢᠨ ᠲᠤᠭᠤᠷᠢᠭ ᠨᠢ ᠬᠤᠲᠠ ᠶᠢᠨ ᠵᠠᠰᠠᠭ ᠤᠨ ᠪᠠᠷᠠᠭᠤᠨ ᠵᠠᠮ ᠳᠤ ᠪᠠᠶᠢᠷᠢᠯᠠᠵᠤ᠂ ᠪᠠᠷᠠᠭᠤᠨ ᠲᠤᠭᠤᠷᠢᠭ ᠨᠢ ᠦᠨᠳᠦᠰᠦᠳᠡᠨ ᠤ ᠪᠠᠷᠠᠭᠤᠨ ᠵᠠᠮ ᠳᠤ ᠪᠠᠶᠢᠷᠢᠯᠠᠵᠤ᠂ ᠶᠡᠷᠦᠩᠬᠡᠢ ᠡᠵᠡᠯᠡᠬᠦ ᠲᠠᠯᠠᠪᠠᠢ 20088 ᠲᠡᠭᠰᠢ ᠲᠦᠷᠪᠡᠯᠵᠢᠨ ᠮᠧᠲᠷ ᠪᠠᠶᠢᠵᠤ᠂ ᠴᠢᠳᠡᠪᠬᠢ ᠪᠦᠷᠢᠨ᠂  ᠲᠦᠬᠦᠬᠡᠷᠦᠮᠵᠢ ᠢᠵᠢ ᠪᠦᠷᠢᠳᠦᠭᠰᠡᠨ ᠪᠠᠶᠢᠨ᠎ᠠ᠃ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 62᠂ ᠰᠤᠷᠤᠬᠴᠢ 3210᠂ ᠪᠠᠭᠰᠢ ᠠᠵᠢᠯᠳᠠᠨ 167 ᠬᠦᠮᠦᠨ ᠪᠤᠢ᠃  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号