ᠪᠤᠭᠤᠳᠤ ᠬᠤᠳᠠ ᠶᠢᠨ ᠲᠠᠮᠦᠷ ᠵᠠᠮ ᠤᠨ ᠲᠠᠪᠤᠳᠤᠭᠠᠷ ᠲᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2019/4/15
       ᠪᠤᠭᠤᠳᠤ ᠬᠤᠳᠠ ᠶᠢᠨ ᠲᠠᠮᠦᠷ ᠵᠠᠮ ᠤᠨ ᠲᠠᠪᠤᠳᠤᠭᠠᠷ ᠲᠤᠮᠳᠠᠳᠤ ᠰᠤᠷᠭᠠᠭᠤᠯᠢ ︵ᠲᠦᠬᠦᠮ ᠨᠠᠷᠠᠶᠢᠳᠤᠯ᠄ ᠪᠤᠭᠤᠳᠤ ᠲᠠᠮᠦᠷ ᠵᠠᠮ ᠤᠨ ᠲᠠᠪᠤᠳᠤᠭᠠᠷ ᠲᠤᠮᠳᠠᠳᠤ ᠰᠤᠷᠭᠠᠭᠤᠯᠢ︶ 1975 ᠤᠨ ᠳᠤ ᠪᠠᠶᠢᠭᠤᠯᠤᠬᠳᠠᠵᠤ᠂ 2004 ᠤᠨ ᠳᠤ ᠬᠦᠨᠳᠡᠯᠡᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠳᠤ ᠬᠠᠷᠢᠶᠠᠯᠠᠬᠳᠠᠪᠠ᠃ ᠪᠤᠭᠤᠳᠤ ᠬᠤᠳᠠ ᠶᠢᠨ ᠵᠤᠤ ᠶᠢᠨ ᠲᠠᠯ᠎ᠠ  ᠶᠢᠨ ᠴᠤᠷ ᠤᠨ ᠭᠠᠭᠴᠠ ᠪᠦᠷᠢᠨ ᠲᠤᠮᠳᠠᠳᠤ ᠰᠤᠷᠭᠠᠭᠤᠯᠢ ᠪᠠᠶᠢᠵᠤ᠂ ᠤᠷᠢᠳ ᠬᠤᠵᠢᠳ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠤᠨ ᠲᠦᠷᠦᠬᠦᠦ ᠪᠦᠯᠦᠭ ︽ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠤᠷᠰᠢᠯᠳᠠ ᠶᠢᠨ ᠰᠠᠭᠤᠷᠢᠨ︾ ᠢᠶᠠᠷ ᠨᠠᠷᠡᠶᠢᠳᠦᠭᠳᠡᠵᠤ᠂ ᠪᠤᠭᠤᠳᠤ ᠬᠤᠳᠠ ᠶᠢᠨ ︽ᠶᠤᠰᠤ ᠮᠤᠷᠠᠯ ᠤᠨ ᠬᠦᠮᠦᠵᠢᠯ ᠤᠨ ᠠᠵᠢᠯ ᠤᠨ ᠲᠠᠷᠢᠬᠦᠨ ᠤ ᠰᠤᠷᠭᠠᠭᠤᠯᠢ︾᠂ ︽ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠷᠢᠬᠦᠨ ᠤ ᠰᠤᠷᠭᠠᠭᠤᠯᠢ︾᠂ ︽ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠲᠡᠷᠢᠬᠦᠨ ᠤ ᠨᠢᠬᠡᠴᠡ︾᠂ ︽ᠵᠠᠯᠠᠭᠤ ᠪᠠᠭᠠᠴᠤᠳ ᠤᠨ ᠰᠢᠨᠵᠢᠯᠡᠬᠦ ᠤᠬᠠᠭᠠᠨ ᠮᠡᠷᠬᠡᠵᠢᠯ ᠤᠨ ᠬᠦᠳᠡᠯᠬᠡᠬᠡᠨ ᠤ ᠵᠢᠱᠢᠶ᠎ᠠ ᠦᠵᠡᠬᠦᠯᠬᠦ ᠰᠤᠷᠭᠠᠭᠤᠯᠢ︾ ᠪᠠᠷ ᠨᠡᠷᠡᠶᠢᠳᠦᠭᠳᠡᠵᠤ᠂ ᠤᠳᠤ ᠠᠷᠪᠠᠨ ᠭᠤᠷᠪᠠᠳᠤᠭᠠᠷ ᠲᠠᠪᠤᠨ ᠵᠢᠯ ᠤᠨ ᠤᠯᠤᠰ ᠤᠨ ᠡᠷᠳᠡᠮ ᠰᠢᠨᠵᠢᠯᠡᠬᠡᠨ ᠤ ᠰᠡᠳᠦᠪ ᠤᠨ ᠲᠤᠷᠰᠢᠯᠳᠠ ᠶᠢᠨ ᠰᠤᠷᠭᠠᠭᠤᠯᠢ ᠪᠤᠯᠵᠠᠢ᠃     ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠰᠠᠭᠤᠷᠢ ᠯᠠᠪᠳᠠᠭᠤᠨ ᠪᠠᠳᠤ᠂ ᠬᠠᠳᠠᠭᠤ ᠲᠤᠨᠤᠭ ᠲᠦᠬᠦᠬᠡᠷᠦᠮᠵᠢ ᠪᠦᠷᠢᠨ᠂ ᠪᠠᠭᠰᠢ ᠶᠢᠨ ᠡᠩᠨᠡᠭᠡ ᠰᠢᠯᠢᠳᠡᠭ᠃ ᠰᠤᠷᠭᠠᠭᠤᠯᠢ  ᠨᠢ ᠠᠩᠬ᠎ᠠ ᠲᠤᠮᠳᠠᠳᠤ ᠶᠢᠨ ᠵᠢᠭᠠᠨ ᠰᠤᠷᠭᠠᠯᠳᠠ ᠶᠢᠨ ᠠᠩᠬᠢ 18᠂ ᠦᠨᠳᠦᠷ  ᠲᠤᠮᠳᠠᠳᠤ ᠶᠢᠨ ᠵᠢᠭᠠᠨ ᠰᠤᠷᠭᠠᠯᠳᠠ ᠶᠢᠨ ᠠᠩᠬᠢ 13᠂ ᠪᠠᠭᠰᠢ ᠠᠵᠢᠯᠳᠠᠨ 120 ᠭᠠᠷᠤᠢ᠂ ᠰᠤᠷᠤᠬᠴᠢ 1300 ᠭᠠᠷᠤᠢ ᠪᠤᠢ᠃ ᠴᠠᠬᠢᠯᠭᠠᠨᠴᠢᠯᠠᠯᠳᠠ᠂ ᠲᠤᠤᠷ ᠰᠦᠯᠵᠢᠶ᠎ᠠ᠂ ᠵᠠᠭᠤᠴᠢᠯᠠᠭᠤᠷ ᠢ ᠢᠵᠢ ᠪᠦᠷᠢᠳᠦᠬᠦᠯᠦᠭᠰᠡᠨ ᠢᠶᠠᠷ ᠢᠶᠠᠨ ᠬᠦᠨᠳᠡᠯᠡᠨ ᠲᠤᠭᠤᠷᠢᠭ ᠤᠨ ᠲᠡᠷᠢᠬᠦᠨ ᠤ ᠡᠩᠨᠡᠭᠡᠨ ᠳᠤ ᠤᠷᠤᠨ᠎ᠠ︔ ᠮᠤᠵᠢ᠂ ᠬᠤᠳᠠ ᠶᠢᠨ ᠱᠠᠳᠤᠨ ᠠᠴᠠ ᠲᠡᠬᠡᠭᠰᠢᠬᠢ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ᠂ ᠭᠤᠤᠯᠯᠠᠬᠴᠢ ᠪᠠᠭᠰᠢ᠂ ᠤᠨᠴᠠ ᠲᠡᠰ ᠤᠨ ᠪᠠᠭᠰᠢ᠂ ᠲᠡᠬᠡᠳᠤ ᠵᠡᠷᠬᠡ ᠶᠢᠨ ᠪᠠᠭᠰᠢ ᠵᠢᠴᠢ ᠤᠯᠤᠰ ᠤᠨ ᠭᠤᠤᠯᠳᠠᠯᠭ᠎ᠠ ᠲᠠᠢ ᠪᠠᠭᠰᠢ ᠶᠢᠨ ᠶᠡᠭᠡ ᠲᠡᠬᠡᠳᠤ ᠰᠤᠷᠭᠠᠭᠤᠯᠢ ᠠᠴᠠ ᠲᠡᠬᠦᠰᠦᠭᠰᠡᠨ ᠪᠠᠭᠰᠢ ᠨᠡᠷ ᠨᠢᠬᠡᠳᠦᠬᠡᠷ ᠹᠷᠤᠨᠲ ᠤᠨ ᠵᠢᠭᠠᠨ ᠰᠤᠷᠭᠠᠯᠳᠠ ᠳᠤ ᠭᠠᠪᠰᠢᠭᠠᠢᠢᠯᠠᠵᠤ ᠪᠠᠶᠢᠬᠤ ᠪᠦᠬᠡᠳ ᠨᠡᠶᠢᠬᠡᠮ ᠤᠨ ᠡᠷᠳᠡᠮ ᠰᠢᠨᠵᠢᠯᠡᠬᠡᠨ ᠤ ᠨᠡᠷᠠᠳᠤ ᠪᠠᠭᠰᠢ ᠶᠢ ᠦᠷᠬᠡᠨ ᠢᠶᠠᠷ ᠤᠷᠢᠵᠤ ᠪᠤᠢ᠃ ᠰᠤᠷᠭᠠᠭᠤᠯᠢ ᠶᠢᠨ ᠬᠢᠴᠢᠶᠠᠯ ᠨᠢ ᠤᠯᠤᠰ ᠤᠨ ᠱᠠᠭᠠᠷᠳᠠᠯᠭ᠎ᠠ ᠶᠤᠰᠤᠭᠠᠷ ᠲᠦᠬᠡᠮᠡᠯ ᠵᠤᠬᠢᠴᠠᠬᠤ ᠴᠢᠨᠡᠷ ᠢ ᠬᠠᠷᠠᠭᠠᠯᠵᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠦᠬᠡᠷᠠᠴᠢᠯᠠᠯᠳᠠ ᠨᠢ MS-EEPO ᠪᠦᠳᠦᠮᠵᠢᠳᠤ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢ ᠬᠡᠷᠡᠭᠵᠢᠬᠦᠯᠵᠡᠢ᠃ ᠤᠢᠢᠷ᠎ᠠ ᠶᠢᠨ ᠬᠡᠳᠦᠨ ᠵᠢᠯ᠂  ᠠᠡᠭᠡᠬ᠎ᠠ ᠳᠣᠮᠳᠠᠳᠣ ᠠᠴᠠ ᠭᠤᠣᠯᠳᠠᠯᠭᠠᠳᠣ ᠳᠡᠭᠡᠳᠦ ᠳᠣᠮᠳᠠᠳᠣ ᠳᠤ ᠳᠠᠪᠰᠢᠬᠤ ᠨᠤᠷᠮ᠎ᠠ ᠵᠢᠴᠢ ᠤᠯᠤᠰ ᠤᠨ ᠰᠢᠯᠭᠠᠯᠳᠠ ᠪᠠᠷ ᠵᠢᠩᠬᠢᠨᠢ ᠠᠩᠬᠢ ᠳᠤ ᠰᠢᠯᠭᠠᠨ ᠤᠷᠤᠬᠤ ᠨᠤᠷᠮ᠎ᠠ ᠦᠷᠬᠦᠯᠵᠢᠯᠡᠨ ᠲᠡᠬᠡᠭᠰᠢᠯᠡᠵᠤ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ ᠮᠠᠬᠳᠠᠭᠠᠯ ᠢ ᠤᠯᠵᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号