ᠪᠤᠭᠤᠳᠤ ᠪᠤᠯᠤᠳ ᠤᠨ ᠨᠢᠬᠡᠳᠦᠬᠡᠷ ᠲᠤᠮᠳᠠᠳᠤ ᠰᠤᠷᠭᠠᠭᠤᠯᠢ 1960 ᠤᠨ ᠤ 9 ᠰᠠᠷ᠎ᠠ ᠳᠤ ᠪᠠᠶᠢᠭᠤᠯᠤᠬᠳᠠᠵᠤ᠂ | 1962 ᠤᠨ ᠳᠤ ᠪᠤᠭᠤᠳᠤ ᠪᠤᠯᠤᠳ ᠤᠨ ᠨᠢᠬᠡᠳᠦᠬᠡᠷ ᠲᠤᠮᠳᠠᠳᠤ ᠰᠤᠷᠭᠠᠭᠤᠯᠢ ᠬᠡᠵᠤ ᠨᠡᠷ᠎ᠡ ᠶᠢ ᠨᠢ ᠬᠠᠯᠠᠵᠤ᠂ | ᠰᠤᠶᠤᠯ ᠤᠨ ᠬᠤᠪᠢᠰᠬᠠᠯ ᠤᠨ ᠦᠶ᠎ᠠ ᠳᠤ ︽ᠪᠤᠭᠤᠳᠤ ᠪᠤᠯᠤᠳ ᠤᠨ ᠲᠡᠬᠡᠬᠡᠪᠦᠷᠢ ᠶᠢᠨ ᠬᠡᠯᠳᠠᠰ ᠤᠨ ᠤᠯᠠᠭᠠᠨ ᠳᠤᠭᠳᠤ | ᠲᠤᠮᠳᠠᠳᠤ ᠰᠤᠷᠭᠠᠭᠤᠯᠢ︾ ᠬᠡᠵᠤ ᠬᠠᠯᠠᠵᠤ᠂ ᠰᠤᠶᠤᠯ ᠤᠨ ᠬᠤᠪᠢᠰᠬᠠᠯ ᠤᠨ ᠲᠠᠷᠠᠭ᠎ᠠ ᠤᠤᠯ ᠤᠨ ᠪᠤᠭᠤᠳᠤ ᠪᠤᠯᠤᠳ ᠤᠨ | ᠨᠢᠬᠡᠳᠦᠬᠡᠷ ᠲᠤᠮᠳᠠᠳᠤ ᠰᠤᠷᠭᠠᠭᠤᠯᠢ ᠬᠡᠬᠦ ᠨᠠᠷᠠ ᠶᠢ ᠨᠢ ᠰᠡᠷᠬᠦᠬᠡᠪᠠ᠃ ᠰᠤᠷᠭᠠᠭᠤᠯᠢ ᠨᠢ ᠤᠤᠯ ᠳᠠᠭᠠᠨ ᠪᠤᠭᠤᠳᠤ | ᠬᠤᠳᠠ ᠶᠢᠨ ᠬᠦᠨᠳᠡᠯᠡᠨ ᠲᠤᠭᠤᠷᠢᠭ ᠤᠨ ᠨᠥᠬᠦᠷᠯᠡᠯ ᠵᠠᠬᠡᠯᠢ ᠪᠤᠯᠤᠨ ᠪᠠᠶᠠᠨ ᠤᠪᠤᠭ᠎ᠠ ᠵᠠᠮ ᠤᠨ ᠠᠭᠤᠯᠵᠠᠷ ᠤᠨ ᠪᠠᠷᠠᠭᠤᠨ | ᠡᠮᠦᠨ᠎ᠡ ᠦᠨᠴᠦᠭ ᠲᠤ ᠪᠠᠶᠢᠷᠢᠯᠠᠵᠤ ᠪᠠᠶᠢᠬᠰᠠᠨ ᠢᠶᠠᠨ 1995 ᠤᠨ ᠳᠤ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ | ᠠᠷᠠᠳ ᠡᠮᠦᠨ᠎ᠡ ᠶᠡᠭᠡ ᠵᠡᠬᠡᠯᠢ ᠶᠢᠨ 66 ᠳ᠋ᠤᠭᠠᠷ ᠨᠤᠮᠧᠷ ᠲᠤ ᠨᠡᠬᠦᠵᠤ ᠢᠷᠠᠵᠠᠢ᠃ ᠰᠤᠷᠭᠠᠭᠤᠯᠢ ᠠᠩᠬ᠎ᠠ ᠪᠠᠶᠢᠭᠤᠯᠤᠬᠳᠠᠬᠤ | ᠦᠶ᠎ᠠ ᠳᠤ ᠨᠢᠬᠡᠨ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠪᠠᠶᠢᠬᠰᠠᠨ᠂ 1963 ᠤᠨ ᠳᠤ ᠪᠤᠭᠤᠳᠤ ᠪᠤᠯᠤᠳ ᠤᠨ | ᠦᠪᠡᠷ ᠲᠡᠭᠡᠨ ᠡᠷᠬᠢᠯᠡᠭᠰᠡᠨ ᠳᠡᠭᠡᠳᠦ ᠲᠤᠮᠳᠠᠳᠤ ᠰᠤᠷᠭᠠᠭᠤᠯᠢ ᠲᠤᠰ ᠰᠤᠷᠭᠠᠭᠤᠯᠢ ᠳᠤ ᠬᠠᠷᠢᠶᠠᠯᠠᠬᠳᠠᠬᠰᠠᠨ ᠤ ᠲᠠᠷᠠᠭ᠎ᠠ᠂ | ᠪᠦᠷᠢᠨ ᠲᠤᠮᠳᠠᠳᠤ ᠰᠤᠷᠭᠠᠭᠤᠯᠢ ᠪᠤᠯᠵᠤ᠂ 1963 ᠤᠨ ᠳᠤ᠂ ᠳᠡᠭᠡᠳᠦ ᠲᠤᠮᠳᠠᠳᠤ ᠰᠤᠷᠭᠠᠭᠤᠯᠢ ᠪᠤᠯᠵᠤ᠂ 2005 | ᠤᠨ ᠳᠤ ᠪᠤᠭᠤᠳᠤ ᠬᠤᠳᠠ ᠶᠢᠨ ᠭᠠᠵᠠᠷ ᠣᠷᠤᠨ ᠤ ᠬᠠᠮᠢᠶᠠᠷᠤᠯᠳᠠ ᠳᠤ ᠬᠠᠷᠢᠶᠠᠯᠠᠬᠳᠠᠵᠠᠢ᠃ | ᠪᠤᠭᠤᠳᠤ ᠪᠤᠯᠤᠳ ᠤᠨ ᠨᠢᠬᠡᠳᠦᠬᠡᠷ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ | ᠲᠦᠬᠦᠬᠡᠷᠦᠮᠵᠢ ᠪᠦᠷᠢᠨ ᠪᠠᠶᠢᠵᠤ᠂ ᠲᠤᠭᠠᠨ ᠤ ᠤᠬᠠᠭᠠᠨ ᠮᠦᠩᠬᠦᠨ ᠬᠦᠢᠯᠬᠡᠬᠡᠨ ᠤ ᠬᠢᠴᠢᠶᠡᠯ ᠤᠨ ᠬᠡᠷ᠂ ᠲᠤᠭᠠᠴᠢᠯᠠᠬᠰᠠᠨ | ᠭᠠᠵᠠᠷ ᠵᠦᠢ ᠶᠢᠨ ᠶᠡᠷᠦᠩᠬᠡᠶᠢᠯᠡᠭᠰᠡᠨ ᠬᠢᠴᠢᠶᠡᠯ ᠤᠨ ᠬᠡᠷ᠂ ᠤᠤᠷ ᠬᠢᠭᠡᠳ ᠰᠣᠳᠣᠯᠣᠯ ᠤᠨ ᠤᠷᠳᠤᠨ᠂ ᠰᠡᠳᠬᠢᠴᠡ ᠶᠢᠨ | ᠬᠡᠪ ᠴᠢᠨᠠᠷ ᠤᠨ ᠰᠤᠷᠭᠠᠨ ᠬᠦᠮᠦᠵᠢᠯ ᠤᠨ ᠲᠦᠪ᠂ ᠤᠷᠠᠯᠢᠭ ᠤᠨ ᠲᠦᠪ᠂ ᠹᠢᠽᠢᠺ ᠬᠢᠮᠢ ᠠᠮᠢᠳᠤ ᠪᠤᠳᠠᠰ ᠤᠨ | ᠲᠤᠷᠰᠢᠯᠳᠠ ᠶᠢᠨ ᠬᠡᠷ᠂ ᠬᠡᠷ ᠲᠤᠳᠤᠷᠠᠬᠢ ᠤᠯᠠᠨ ᠴᠢᠳᠡᠪᠬᠢᠳᠤ ᠬᠦᠯ ᠪᠦᠮᠪᠦᠭᠡ ᠶᠢᠨ ᠪᠤᠯᠪᠠᠰᠤᠷᠠᠯ ᠤᠨ ᠤᠷᠳᠤᠨ᠂ 5 | ᠬᠦᠮᠦᠨ ᠤ ᠲᠦᠷᠢᠮᠳᠤ ᠰᠢᠩᠭᠡᠯᠢᠭᠲᠦ ᠬᠦᠯ ᠪᠦᠮᠪᠦᠭᠡ ᠶᠢᠨ ᠲᠠᠯᠠᠪᠠᠢ᠂ 11 ᠬᠦᠮᠦᠨ ᠤ ᠲᠦᠷᠢᠮᠳᠤ ᠬᠦᠯ ᠪᠦᠮᠪᠦᠭᠡ ᠶᠢᠨ | ᠲᠠᠯᠠᠪᠠᠢ ᠵᠡᠷᠬᠡ ᠶᠢ ᠢᠵᠢ ᠪᠦᠷᠢᠳᠦᠬᠦᠯᠦᠨ ᠪᠠᠶᠢᠭᠤᠯᠤᠬᠰᠠᠨ ᠪᠠᠶᠢᠨ᠎ᠠ᠃ | ᠰᠤᠷᠭᠠᠭᠤᠯᠢ ᠶᠢᠨ ᠤᠳᠤ ᠪᠠᠶᠢᠭ᠎ᠠ ᠪᠠᠭᠰᠢ ᠠᠵᠢᠯᠳᠠᠨ 261 ᠬᠦᠮᠦᠨ ᠪᠠᠶᠢᠵᠤ᠂ ᠡᠬᠦᠨ ᠳᠤ ᠲᠡᠬᠡᠳᠤ ᠵᠡᠷᠬᠡ ᠶᠢᠨ | ᠪᠠᠭᠰᠢ 3᠂ ᠳᠡᠳ᠋ ᠲᠡᠬᠡᠳᠤ ᠵᠡᠷᠬᠡ ᠶᠢᠨ ᠪᠠᠭᠰᠢ 136᠂ ᠡᠯ᠎ᠡ ᠱᠠᠳᠤ ᠡᠯ᠎ᠡ ᠲᠦᠷᠦᠯ ᠤᠨ ᠬᠢᠴᠢᠶᠡᠯ ᠰᠢᠨᠵᠢᠯᠡᠬᠡᠨ ᠤ | ᠲᠠᠭᠠᠭᠤᠯᠤᠬᠴᠢ᠂ ᠵᠢᠭᠠᠨ ᠰᠤᠷᠭᠠᠯᠳᠠ ᠶᠢᠨ ᠴᠢᠳᠡᠪᠦᠷᠢᠳᠡᠨ 120 ᠭᠠᠷᠤᠢ ᠬᠦᠮᠦᠨ ᠪᠤᠢ᠂ ᠨᠠᠮ ᠤᠨ ᠬᠡᠰᠢᠬᠦᠨ ᠪᠠᠭᠰᠢ | 129 ᠬᠦᠮᠦᠨ᠂ ᠤᠯᠤᠰ ᠤᠨ ᠲᠡᠰ ᠤᠨ ᠰᠡᠳᠬᠢᠴᠡ ᠶᠢᠨ ᠯᠠᠪᠯᠠᠯᠭ᠎ᠠ ᠶᠢᠨ ᠪᠠᠭᠰᠢ 110 ᠪᠠᠶᠢᠵᠤ᠂ ᠦᠪᠡᠷᠳᠡᠬᠡᠨ ᠵᠠᠰᠠᠬᠤ | ᠤᠷᠤᠨ ᠤ ᠲᠡᠰ ᠠᠴᠠ ᠲᠡᠬᠡᠭᠰᠢᠬᠢ ᠡᠷᠳᠡᠮ ᠰᠢᠨᠵᠢᠯᠡᠬᠡᠨ ᠤ ᠰᠡᠳᠦᠪ ᠢᠶᠠᠷ ᠲᠤᠬᠳᠠᠭᠠᠬᠳᠠᠬᠰᠠᠨ ᠲᠦᠷᠦᠯ ᠵᠦᠢᠯ 15 ᠪᠤᠢ᠃ | | | | |