ᠪᠤᠭᠤᠳᠤ  ᠪᠤᠯᠤᠳ‌‍ᠤᠨ ᠲᠠᠪᠤᠳᠤᠭᠠᠷ ᠲᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2019/4/22
       ᠪᠤᠭᠤᠳᠤ ᠪᠤᠯᠤᠳ ᠤᠨ ᠲᠠᠪᠤᠳᠤᠭᠠᠷ ᠲᠤᠮᠳᠠᠳᠤ ᠰᠤᠷᠭᠠᠭᠤᠯᠢ᠂ ᠦᠪᠦᠷ ᠮᠤᠩᠭᠤᠯ ᠤᠨ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠨᠥᠬᠦᠷᠯᠡᠯ ᠶᠡᠭᠡ ᠵᠡᠬᠡᠯᠢ ᠶᠢᠨ 18 ᠳ᠋ᠤᠭᠠᠷ ᠨᠤᠮᠧᠷ ᠲᠤ ᠪᠠᠶᠢᠷᠢᠯᠠᠵᠤ᠂ 1972 ᠤᠨ ᠳᠤ ᠪᠠᠶᠢᠭᠤᠯᠤᠬᠳᠠᠵᠠᠢ᠃ 1974 ᠤᠨ ᠠᠴᠠ ᠡᠬᠢᠯᠡᠨ ᠳᠡᠭᠡᠳᠦ ᠲᠤᠮᠳᠠᠳᠤ ᠡᠷᠬᠢᠯᠡᠵᠤ᠂ ᠨᠢᠬᠡᠨ ᠪᠦᠷᠢᠨ ᠲᠤᠮᠳᠠᠳᠤ ᠰᠤᠷᠭᠠᠭᠤᠯᠢ ᠪᠤᠯᠵᠠᠢ᠃ 2003 ᠤᠨ ᠤ 8 ᠰᠠᠷ᠎ᠠ᠂ ᠠᠩᠬ᠎ᠠ ᠵᠡᠷᠬᠡ ᠶᠢᠨ᠂  ᠳᠡᠭᠡᠳᠦ ᠲᠤᠮᠳᠠᠳᠤ ᠰᠤᠷᠭᠠᠭᠤᠯᠢ ᠨᠢ ᠰᠠᠯᠵᠤ ᠂ ᠨᠢᠬᠡ ᠪᠦᠷᠢᠨ  ᠳᠡᠭᠡᠳᠦ ᠲᠤᠮᠳᠠᠳᠤ ᠰᠤᠷᠭᠠᠭᠤᠯᠢ ᠪᠤᠯᠵᠠᠢ᠃ ᠰᠤᠷᠭᠠᠭᠤᠯᠢ ᠎ ᠨᠢ ᠤᠳᠤ ᠵᠢᠭᠠᠨ ᠰᠤᠷᠭᠠᠯᠳᠠ ᠶᠢᠨ ᠠᠩᠬᠢ 42 ᠪᠠᠶᠢᠵᠤ᠂ 180 ᠭᠠᠷᠤᠢ ᠪᠠᠭᠰᠢ ᠲᠠᠢ᠂ 2000 ᠣᠷᠴᠢᠮ ᠰᠤᠷᠤᠬᠴᠢ ᠲᠠᠢ᠃       ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠲᠦᠬᠦᠬᠡᠷᠦᠮᠵᠢ ᠪᠦᠷᠢᠨ᠂ 2010 ᠤᠨ ᠳᠤ ᠰᠢᠨ᠎ᠠ ᠪᠠᠷ ᠪᠦᠳᠦᠬᠡᠨ ᠪᠠᠶᠢᠭᠤᠯᠤᠬᠰᠠᠨ ᠵᠢᠭᠠᠨ ᠰᠤᠷᠭᠠᠯᠳᠠ ᠶᠢᠨ ᠶᠡᠷᠦᠩᠬᠡᠶᠢᠯᠡᠭᠰᠡᠨ ᠠᠰᠠᠷ ᠲᠤ ᠰᠤᠷᠤᠬᠴᠢᠳ ᠤᠨ ᠪᠠᠶᠢᠷᠢ᠂ ᠶᠤᠰᠤᠯᠠᠯ ᠤᠨ ᠲᠠᠩᠬᠢᠮ᠂ ᠲᠠᠮᠢᠷ ᠤᠨ ᠤᠷᠳᠤᠨ ᠪᠤᠯᠤᠨ ᠤᠯᠠᠨ ᠴᠢᠳᠡᠪᠬᠢᠳᠤ ᠲᠢᠩᠬᠢᠮ ᠵᠢᠴᠢ ᠴᠠᠬᠢᠯᠭᠠᠨᠴᠢᠯᠠᠬᠰᠠᠨ ᠵᠢᠭᠠᠨ ᠰᠤᠷᠭᠠᠯᠳᠠ ᠶᠢᠨ ᠲᠤᠷᠰᠢᠯᠳᠠ ᠶᠢᠨ ᠠᠰᠠᠷ ᠵᠡᠷᠬᠡ ᠶᠢ ᠪᠠᠭᠳᠠᠭᠠᠨ᠎ᠠ᠃ 300 ᠮᠧᠲᠷ ᠤᠨ ᠬᠤᠪᠠᠨᠴᠠᠷ ᠵᠢᠮ‌‍ᠲ᠋ᠠᠢ ᠲᠠᠮᠢᠷ ᠤᠨ ᠲᠠᠯᠠᠪᠤᠷ᠂ ᠰᠠᠬᠰᠤᠨ ᠪᠦᠮᠪᠦᠭᠡ ᠶᠢᠨ ᠬᠤᠪᠠᠨᠴᠠᠷ ᠲᠠᠯᠠᠪᠤᠷ 9᠂ ᠠᠯᠠᠭᠠᠳᠠᠬᠤ ᠪᠦᠮᠪᠦᠭᠡ ᠶᠢᠨ ᠲᠠᠯᠠᠪᠤᠷ 6᠂ ᠦᠳᠦᠨ ᠪᠦᠮᠪᠦᠭᠡ ᠶᠢᠨ ᠲᠡᠯᠠᠪᠤᠷ 4᠂ ᠫᠢᠩᠫᠤᠩ ᠪᠦᠮᠪᠦᠭᠡ ᠶᠢᠨ ᠲᠠᠯᠠᠪᠤᠷ 12᠂  ᠨᠡᠶᠢᠲᠡᠯᠢᠭ ᠮᠡᠷᠬᠡᠵᠢᠯ ᠤᠨ ᠲᠤᠷᠰᠢᠯᠳᠠ ᠶᠢᠨ ᠬᠡᠷ 2᠂ ᠪᠦᠵᠢᠭ ᠤᠨ ᠬᠢᠴᠢᠶᠡᠯ ᠤᠨ ᠬᠡᠷ 2᠎ ᠢ ᠪᠠᠶᠢᠭᠤᠯᠵᠤ᠂ ᠲᠠᠷᠢᠬᠦᠨ ᠤ ᠰᠡᠳᠬᠢᠴᠡ ᠶᠢᠨ ᠬᠦᠮᠦᠵᠢᠯ ᠤᠨ  ᠰᠠᠭᠤᠷᠢᠨ ᠪᠠᠶᠢᠭᠤᠯᠪᠠ᠃ ᠰᠤᠷᠭᠠᠭᠤᠯᠢ ᠶᠢᠨ ᠬᠦᠷᠢᠶᠠᠨ ᠤ ᠬᠢᠨᠠᠨ ᠡᠵᠡᠮᠳᠡᠯ ᠤᠨ ᠰᠢᠰᠲ᠋ᠧᠮ ᠲᠡᠬᠦᠯᠳᠡᠷᠵᠢᠵᠤ᠂ ᠪᠠᠷᠢᠮᠵᠢᠶᠠᠵᠢᠬᠰᠠᠨ ᠰᠢᠯᠭᠠᠯᠳᠠ ᠶᠢᠨ ᠲᠠᠯᠠᠪᠠᠢ 48 ᠪᠤᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号