ᠪᠤᠭᠤᠳᠤ ᠪᠤᠯᠤᠳ ᠤᠨ ᠲᠠᠪᠤᠳᠤᠭᠠᠷ ᠲᠤᠮᠳᠠᠳᠤ ᠰᠤᠷᠭᠠᠭᠤᠯᠢ᠂ ᠦᠪᠦᠷ ᠮᠤᠩᠭᠤᠯ ᠤᠨ ᠪᠤᠭᠤᠳᠤ ᠬᠤᠳᠠ ᠶᠢᠨ | ᠬᠦᠨᠳᠡᠯᠡᠨ ᠲᠤᠭᠤᠷᠢᠭ ᠤᠨ ᠨᠥᠬᠦᠷᠯᠡᠯ ᠶᠡᠭᠡ ᠵᠡᠬᠡᠯᠢ ᠶᠢᠨ 18 ᠳ᠋ᠤᠭᠠᠷ ᠨᠤᠮᠧᠷ ᠲᠤ ᠪᠠᠶᠢᠷᠢᠯᠠᠵᠤ᠂ 1972 ᠤᠨ ᠳᠤ | ᠪᠠᠶᠢᠭᠤᠯᠤᠬᠳᠠᠵᠠᠢ᠃ 1974 ᠤᠨ ᠠᠴᠠ ᠡᠬᠢᠯᠡᠨ ᠳᠡᠭᠡᠳᠦ ᠲᠤᠮᠳᠠᠳᠤ ᠡᠷᠬᠢᠯᠡᠵᠤ᠂ ᠨᠢᠬᠡᠨ ᠪᠦᠷᠢᠨ ᠲᠤᠮᠳᠠᠳᠤ | ᠰᠤᠷᠭᠠᠭᠤᠯᠢ ᠪᠤᠯᠵᠠᠢ᠃ 2003 ᠤᠨ ᠤ 8 ᠰᠠᠷ᠎ᠠ᠂ ᠠᠩᠬ᠎ᠠ ᠵᠡᠷᠬᠡ ᠶᠢᠨ᠂ ᠳᠡᠭᠡᠳᠦ ᠲᠤᠮᠳᠠᠳᠤ ᠰᠤᠷᠭᠠᠭᠤᠯᠢ ᠨᠢ ᠰᠠᠯᠵᠤ | ᠂ ᠨᠢᠬᠡ ᠪᠦᠷᠢᠨ ᠳᠡᠭᠡᠳᠦ ᠲᠤᠮᠳᠠᠳᠤ ᠰᠤᠷᠭᠠᠭᠤᠯᠢ ᠪᠤᠯᠵᠠᠢ᠃ ᠰᠤᠷᠭᠠᠭᠤᠯᠢ ᠨᠢ ᠤᠳᠤ ᠵᠢᠭᠠᠨ ᠰᠤᠷᠭᠠᠯᠳᠠ ᠶᠢᠨ ᠠᠩᠬᠢ | 42 ᠪᠠᠶᠢᠵᠤ᠂ 180 ᠭᠠᠷᠤᠢ ᠪᠠᠭᠰᠢ ᠲᠠᠢ᠂ 2000 ᠣᠷᠴᠢᠮ ᠰᠤᠷᠤᠬᠴᠢ ᠲᠠᠢ᠃ | ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠲᠦᠬᠦᠬᠡᠷᠦᠮᠵᠢ ᠪᠦᠷᠢᠨ᠂ 2010 ᠤᠨ ᠳᠤ ᠰᠢᠨ᠎ᠠ ᠪᠠᠷ ᠪᠦᠳᠦᠬᠡᠨ | ᠪᠠᠶᠢᠭᠤᠯᠤᠬᠰᠠᠨ ᠵᠢᠭᠠᠨ ᠰᠤᠷᠭᠠᠯᠳᠠ ᠶᠢᠨ ᠶᠡᠷᠦᠩᠬᠡᠶᠢᠯᠡᠭᠰᠡᠨ ᠠᠰᠠᠷ ᠲᠤ ᠰᠤᠷᠤᠬᠴᠢᠳ ᠤᠨ ᠪᠠᠶᠢᠷᠢ᠂ ᠶᠤᠰᠤᠯᠠᠯ ᠤᠨ | ᠲᠠᠩᠬᠢᠮ᠂ ᠲᠠᠮᠢᠷ ᠤᠨ ᠤᠷᠳᠤᠨ ᠪᠤᠯᠤᠨ ᠤᠯᠠᠨ ᠴᠢᠳᠡᠪᠬᠢᠳᠤ ᠲᠢᠩᠬᠢᠮ ᠵᠢᠴᠢ ᠴᠠᠬᠢᠯᠭᠠᠨᠴᠢᠯᠠᠬᠰᠠᠨ ᠵᠢᠭᠠᠨ ᠰᠤᠷᠭᠠᠯᠳᠠ ᠶᠢᠨ | ᠲᠤᠷᠰᠢᠯᠳᠠ ᠶᠢᠨ ᠠᠰᠠᠷ ᠵᠡᠷᠬᠡ ᠶᠢ ᠪᠠᠭᠳᠠᠭᠠᠨ᠎ᠠ᠃ 300 ᠮᠧᠲᠷ ᠤᠨ ᠬᠤᠪᠠᠨᠴᠠᠷ ᠵᠢᠮᠲ᠋ᠠᠢ ᠲᠠᠮᠢᠷ ᠤᠨ ᠲᠠᠯᠠᠪᠤᠷ᠂ | ᠰᠠᠬᠰᠤᠨ ᠪᠦᠮᠪᠦᠭᠡ ᠶᠢᠨ ᠬᠤᠪᠠᠨᠴᠠᠷ ᠲᠠᠯᠠᠪᠤᠷ 9᠂ ᠠᠯᠠᠭᠠᠳᠠᠬᠤ ᠪᠦᠮᠪᠦᠭᠡ ᠶᠢᠨ ᠲᠠᠯᠠᠪᠤᠷ 6᠂ ᠦᠳᠦᠨ ᠪᠦᠮᠪᠦᠭᠡ ᠶᠢᠨ | ᠲᠡᠯᠠᠪᠤᠷ 4᠂ ᠫᠢᠩᠫᠤᠩ ᠪᠦᠮᠪᠦᠭᠡ ᠶᠢᠨ ᠲᠠᠯᠠᠪᠤᠷ 12᠂ ᠨᠡᠶᠢᠲᠡᠯᠢᠭ ᠮᠡᠷᠬᠡᠵᠢᠯ ᠤᠨ ᠲᠤᠷᠰᠢᠯᠳᠠ ᠶᠢᠨ ᠬᠡᠷ 2᠂ | ᠪᠦᠵᠢᠭ ᠤᠨ ᠬᠢᠴᠢᠶᠡᠯ ᠤᠨ ᠬᠡᠷ 2 ᠢ ᠪᠠᠶᠢᠭᠤᠯᠵᠤ᠂ ᠲᠠᠷᠢᠬᠦᠨ ᠤ ᠰᠡᠳᠬᠢᠴᠡ ᠶᠢᠨ ᠬᠦᠮᠦᠵᠢᠯ ᠤᠨ ᠰᠠᠭᠤᠷᠢᠨ ᠪᠠᠶᠢᠭᠤᠯᠪᠠ᠃ | ᠰᠤᠷᠭᠠᠭᠤᠯᠢ ᠶᠢᠨ ᠬᠦᠷᠢᠶᠠᠨ ᠤ ᠬᠢᠨᠠᠨ ᠡᠵᠡᠮᠳᠡᠯ ᠤᠨ ᠰᠢᠰᠲ᠋ᠧᠮ ᠲᠡᠬᠦᠯᠳᠡᠷᠵᠢᠵᠤ᠂ ᠪᠠᠷᠢᠮᠵᠢᠶᠠᠵᠢᠬᠰᠠᠨ ᠰᠢᠯᠭᠠᠯᠳᠠ ᠶᠢᠨ | ᠲᠠᠯᠠᠪᠠᠢ 48 ᠪᠤᠢ᠃ | | | |