ᠪᠤᠭᠤᠳᠤ ᠪᠤᠯᠤᠳ ᠤᠨ ᠨᠢᠬᠡᠳᠦᠬᠡᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/4/3
      ᠪᠤᠭᠤᠳᠤ ᠪᠤᠯᠤᠳ ᠤᠨ ᠨᠢᠬᠡᠳᠦᠬᠡᠷ ᠪᠠᠭ᠎ᠠ ᠰᠤᠷᠭᠠᠭᠤᠯᠢ ᠶᠢ 1963 ᠤᠨ ᠳᠤ ᠪᠠᠶᠢᠭᠤᠯᠵᠤ᠂  ᠨᠥᠬᠦᠷᠯᠡᠯ ᠵᠠᠮ ᠤᠨ ᠪᠠᠷᠠᠭᠤᠨ ᠬᠡᠰᠡᠭ ᠲᠤ ᠪᠠᠶᠢᠷᠢᠯᠠᠵᠤ᠂ ᠤᠳᠤ ᠰᠤᠷᠭᠠᠭᠤᠯᠢ ᠶᠢᠨ ᠡᠵᠡᠯᠡᠬᠦ ᠲᠠᠯᠠᠪᠠᠢ 11669 ᠲᠡᠭᠰᠢ ᠲᠦᠷᠪᠡᠯᠵᠢᠨ ᠮᠧᠲᠷ᠃ ᠤᠳᠤ ᠪᠠᠶᠢᠭ᠎ᠠ ᠵᠢᠭᠠᠨ ᠰᠤᠷᠭᠠᠯᠳᠠ ᠶᠢᠨ ᠠᠩᠬᠢ 30᠂ ᠰᠤᠷᠭᠠᠭᠤᠯᠢ ᠳᠤ ᠪᠠᠶᠢᠭ᠎ᠠ ᠰᠤᠷᠤᠬᠴᠢ 1550 ᠬᠦᠮᠦᠨ ᠂ ᠪᠠᠭᠰᠢ ᠠᠵᠢᠯᠳᠠᠨ 80 ᠬᠦᠮᠦᠨ ᠪᠤᠢ᠃ ᠰᠤᠷᠭᠠᠭᠤᠯᠢ ᠶᠢᠨ ᠬᠦᠷᠢᠶ᠎ᠠ ᠨᠢ ᠠᠩᠬᠢ ᠪᠦᠷᠢ ᠳᠤ ᠨᠡᠪᠳᠡᠷᠡᠬᠦᠯᠬᠦ ᠪᠠ ᠰᠦᠯᠵᠢᠶᠠᠨ ᠤ ᠰᠢᠭᠤᠳ ᠨᠡᠪᠳᠡᠷᠡᠬᠦᠯᠬᠡ ᠶᠢ ᠪᠦᠷᠬᠦᠬᠦᠯᠬᠦ ᠶᠢ ᠪᠠᠶᠡᠯᠡᠬᠦᠯᠵᠡᠢ᠃ ᠬᠠᠳᠠᠭᠤ ᠲᠤᠨᠤᠭ ᠲᠦᠬᠦᠬᠡᠷᠦᠮᠵᠢ ᠢᠵᠢ ᠪᠦᠷᠢᠳᠴᠤ᠂ ᠶᠡᠭᠡ ᠪᠠᠭ᠎ᠠ ᠬᠤᠷᠠᠯ ᠤᠨ ᠬᠡᠷ ᠲᠠᠢ᠂ ᠰᠢᠨᠵᠢᠯᠡᠬᠦ ᠤᠬᠠᠭᠠᠨ ᠮᠡᠷᠬᠡᠵᠢᠯ ᠤᠨ ᠲᠤᠷᠰᠢᠯᠳᠠ ᠶᠢᠨ ᠲᠠᠰᠤᠭ᠂ ᠺᠤᠮᠫᠢᠦ᠋ᠲ᠋ᠧᠷ ᠨᠤᠮ ᠤᠩᠰᠢᠯᠭ᠎ᠠ ᠶᠢᠨ ᠬᠡᠷ᠂ ᠡᠷᠡᠬᠦᠯ ᠬᠠᠮᠠᠭᠠᠯᠠᠯ ᠡᠷᠡᠬᠦᠯ  ᠮᠡᠨᠳᠦ ᠶᠢᠨ ᠬᠡᠷ᠂ ᠰᠡᠳᠬᠢᠴᠡ ᠶᠢᠨ ᠯᠠᠪᠯᠠᠯᠭ᠎ᠠ ᠶᠢᠨ ᠬᠡᠷ᠂ ᠪᠠᠭᠠᠴᠤᠳ ᠤᠨ ᠬᠤᠰᠢᠭᠤᠴᠢ ᠠᠩᠬᠢ ᠶᠢᠨ ᠬᠡᠷ᠂ ᠰᠢᠩᠬᠡᠬᠡᠵᠤ ᠨᠡᠪᠳᠡᠷᠡᠬᠦᠯᠬᠦ ᠬᠡᠷ ᠵᠡᠷᠬᠡ ᠡᠯ᠎ᠡ ᠲᠦᠷᠦᠯ ᠤᠨ ᠴᠢᠳᠡᠪᠬᠢᠳᠤ ᠬᠡᠷ ᠲᠠᠢ︔ ᠪᠠᠰᠠ ᠲᠠᠭᠤᠤ ᠬᠦᠭᠵᠢᠮ᠂ ᠤᠷᠠᠨ ᠵᠢᠷᠤᠭ᠂ ᠤᠷᠠᠨ ᠪᠢᠴᠢᠯᠬᠡ ᠵᠡᠷᠬᠡ ᠵᠢᠭᠠᠨ ᠰᠤᠷᠭᠠᠯᠳᠠ ᠶᠢᠨ ᠬᠦᠳᠡᠯᠬᠡᠬᠡᠨ ᠤ ᠬᠡᠷ ᠲᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号